| ᠣᠶᠢᠷ᠎ᠠ ᠶᠢᠨ ᠡᠳᠦᠷ ᠂ ᠳᠥᠴᠢᠳᠡᠬᠢ ᠪᠠᠭᠰᠢ ᠶᠢᠨ ᠪᠠᠶᠠᠷ ᠤᠨ ᠡᠳᠦᠷ ᠬᠦᠷᠴᠦ ᠢᠷᠡᠬᠦ ᠲᠠᠰᠢᠷᠠᠮ ᠢᠶᠠᠷ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ | ᠬᠤᠲᠠ ᠶᠢᠨ ᠳᠠᠷᠤᠭ᠎ᠠ ᠳ᠋ᠦ᠋ ᠬᠤᠶ ᠯᠢᠶᠠᠩ ᠣᠷᠳᠣᠰ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠳᠤ ᠬᠦᠷᠴᠦ ᠪᠥᠬᠦ ᠬᠤᠲᠠ ᠶᠢᠨ ᠶᠡᠭᠡ ᠳᠡᠭᠡᠳᠦ | ᠰᠤᠷᠭᠠᠭᠤᠯᠢ ᠶᠢᠨ ᠵᠠᠯᠠᠭᠤ ᠴᠢᠳᠠᠪᠤᠷᠢᠲᠠᠨ ᠪᠠ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠤᠨ ᠪᠠᠭᠰᠢ ᠨᠠᠷ ᠤᠨ ᠲᠥᠯᠥᠭᠡᠯᠡᠭᠴᠢᠳ ᠲᠠᠢ ᠰᠠᠭᠤᠨ ᠶᠠᠷᠢᠯᠴᠠᠵᠤ | ᠰᠠᠨᠠᠯ ᠢᠶᠠᠨ ᠰᠣᠯᠢᠯᠴᠠᠭᠰᠠᠨ ᠤ ᠬᠠᠮᠲᠤ ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠬᠤ ᠲᠣᠭᠤᠷᠢᠨ ᠳᠤ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠣᠷᠤᠪᠠ ᠃ ᠳ᠋ᠦ᠋ ᠬᠤᠢ ᠯᠢᠶᠠᠩ ᠵᠢᠯᠤᠭᠤᠳᠬᠤ ᠦᠵᠡᠯ ᠰᠠᠨᠠᠭ᠎ᠠ ᠂ | ᠠᠮᠵᠢᠯᠲᠠ ᠲᠠᠢ ᠦᠢᠯᠡᠳᠦᠯᠭᠡ ᠂ ᠬᠠᠷᠠᠯᠲᠠ ᠶᠢᠨ ᠵᠠᠷᠴᠢᠮ ᠂ ᠴᠢᠬᠤᠯᠠ ᠶᠡᠭᠡ ᠠᠷᠭ᠎ᠠ ᠬᠡᠮᠵᠢᠶ᠎ᠡ ᠵᠡᠷᠭᠡ ᠲᠠᠯ᠎ᠠ ᠪᠠᠷ ᠨᠠᠮ ᠤᠨ ᠬᠤᠷᠢᠳᠤᠭᠠᠷ ᠬᠤᠭᠤᠴᠠᠭᠠᠨ ᠤ ᠲᠥᠪ | ᠬᠤᠷᠢᠶᠠᠨ ᠤ ᠭᠤᠷᠪᠠᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠠᠶᠢᠯᠪᠤᠷᠢᠯᠠᠪᠠ ᠃ ᠲᠡᠷᠡ ᠂ ᠦᠵᠡᠯ ᠰᠠᠨᠠᠭ᠎ᠠ ᠤᠯᠤᠰ ᠲᠥᠷᠥ ᠶᠢᠨ ᠬᠢᠴᠢᠶᠡᠯ ᠨᠢ | ᠬᠢᠴᠢᠶᠡᠯ ᠤᠨ ᠲᠠᠩᠬᠢᠮ ᠤᠨ ᠭᠤᠣᠯ ᠵᠢᠭᠰᠠᠭᠠᠯ ᠤᠨ ᠭᠠᠵᠠᠷ ᠤᠨ ᠦᠢᠯᠡᠳᠦᠯ ᠢ ᠭᠦᠢᠴᠡᠳ ᠪᠠᠳᠠᠷᠠᠭᠤᠯᠵᠤ ᠂ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ | ᠲᠤᠭᠤᠰᠢᠯᠠᠭᠤᠯᠬᠤ ᠳᠡᠭᠡᠷ᠎ᠡ ᠠᠩᠬᠠᠷᠤᠯ ᠢᠶᠠᠨ ᠲᠥᠪᠯᠡᠷᠡᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ | ᠭᠤᠣᠯ ᠰᠢᠵᠢᠮ ᠤᠨ ᠲᠣᠭᠤᠷᠢᠨ ᠳᠤ ᠂ ᠣᠷᠳᠣᠰ ᠤᠨ ᠬᠥᠭᠵᠢᠯᠲᠡ ᠶᠢᠨ ᠪᠣᠳᠠᠲᠤ ᠪᠠᠶᠢᠳᠠᠯ ᠲᠠᠢ ᠤᠶᠠᠯᠳᠤᠭᠤᠯᠵᠤ ᠂ ᠤᠯᠠᠮᠵᠢᠯᠠᠯ ᠵᠠᠯᠭᠠᠮᠵᠢᠯᠠᠯ ᠨᠢᠭᠡᠲᠡᠢ ᠪᠠᠶᠢᠬᠤ ᠪᠠ | ᠴᠠᠭ ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠲᠣᠳᠣᠷᠬᠠᠢ ᠶᠠᠷᠢᠵᠤ ᠂ ︽ ᠬᠤᠶᠠᠷ ᠢ ᠲᠣᠭᠲᠠᠭᠠᠭᠰᠠᠨ ︾ ᠪᠠ ︽ ᠲᠦᠷᠪᠡᠨ ᠢᠲᠡᠭᠡᠯ ︾ ᠢ ᠲᠣᠳᠣᠷᠬᠠᠢ ᠶᠠᠷᠢᠵᠤ ᠂ | ᠤᠯᠤᠰ ᠢᠶᠠᠨ ᠬᠦᠴᠦᠷᠬᠡᠭᠵᠢᠭᠦᠯᠬᠦ ᠡᠭᠦᠷᠭᠡ ᠬᠠᠷᠢᠭᠤᠴᠠᠯᠭ᠎ᠠ ᠪᠠ ᠵᠠᠷᠴᠢᠮ ᠴᠢᠭᠯᠡᠯ ᠢ ᠲᠣᠳᠣᠷᠬᠠᠢ ᠶᠠᠷᠢᠵᠤ ᠂ ᠥᠭᠡᠷᠡᠴᠢᠯᠡᠯᠲᠡ ᠳᠤ ᠪᠢ ᠣᠷᠤᠯᠴᠠᠬᠤ ᠪᠠ | ᠭᠤᠣᠯᠳᠠᠯᠭ᠎ᠠ ᠨᠢ ᠨᠠᠶᠢᠳᠠᠪᠤᠷᠢᠵᠢᠭᠤᠯᠬᠤ ᠳᠤ ᠪᠠᠶᠢᠬᠤ ᠶᠢ ᠲᠣᠳᠣᠷᠬᠠᠢ ᠶᠠᠷᠢᠵᠤ ᠂ ᠥᠷᠭᠡᠨ ᠤᠯᠠᠨ ᠵᠠᠯᠠᠭᠤ ᠰᠤᠷᠤᠭᠴᠢᠳ ᠢ ᠬᠥᠲᠥᠯᠥᠨ ᠵᠢᠯᠤᠭᠤᠳᠴᠤ ᠪᠠᠶᠢᠭᠠᠳ | ᠦᠵᠡᠯ ᠰᠠᠨᠠᠭ᠎ᠠ ᠶᠢ ᠰᠤᠷᠤᠯᠴᠠᠭᠤᠯᠵᠤ ᠂ ᠦᠨᠳᠦᠰᠦ ᠰᠠᠭᠤᠷᠢ ᠶᠢ ᠪᠠᠬᠢᠵᠢᠭᠦᠯᠵᠦ ᠂ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠂ ᠬᠤᠪᠢ ᠨᠡᠮᠡᠷᠢ ᠦᠵᠡᠭᠦᠯᠬᠦ ᠬᠡᠷᠡᠭᠲᠡᠢ | ᠭᠡᠪᠡ ᠃ ᠳ᠋ᠦ᠋ ᠬᠤᠢ ᠯᠢᠶᠠᠩ ᠂ ᠶᠡᠭᠡ ᠳᠡᠭᠡᠳᠦ ᠰᠤᠷᠭᠠᠭᠤᠯᠢ ᠪᠣᠯ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠴᠢᠳᠠᠪᠤᠷᠢᠲᠠᠨ ᠢ ᠨᠢᠭᠡ ᠴᠣᠭᠴᠠᠵᠢᠭᠤᠯᠤᠨ | ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠴᠢᠬᠤᠯᠠ ᠵᠢᠭᠰᠠᠭᠠᠯ ᠤᠨ ᠭᠠᠵᠠᠷ ᠮᠥᠨ ᠂ ᠪᠥᠬᠦᠳᠡ ᠬᠤᠷᠠᠯ ᠠᠴᠠ ᠪᠠᠶᠢᠷᠢᠯᠠᠭᠤᠯᠤᠭᠰᠠᠨ ᠡᠯ᠎ᠡ ᠵᠦᠢᠯ ᠤᠨ | ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠶᠣᠰᠣ ᠰᠤᠷᠲᠠᠬᠤᠨ ᠢᠶᠠᠷ ᠬᠥᠮᠥᠨ ᠢ ᠬᠥᠮᠥᠵᠢᠭᠦᠯᠬᠦ ᠦᠨᠳᠦᠰᠦᠨ ᠡᠭᠦᠷᠭᠡ ᠶᠢ | ᠨᠠᠶᠢᠳᠠᠪᠤᠷᠢᠵᠢᠭᠤᠯᠵᠤ ᠂ ᠦᠢᠯᠡᠳᠪᠦᠷᠢᠯᠡᠯ ᠵᠢᠭᠠᠨ ᠰᠤᠷᠭᠠᠯᠲᠠ ᠶᠢ ᠠᠭᠤᠰᠤᠯᠴᠠᠭᠤᠯᠬᠤ ᠭᠤᠣᠯ ᠵᠠᠩᠭᠢᠯᠠᠭ᠎ᠠ ᠶᠢ ᠰᠠᠶᠢᠲᠤᠷ ᠠᠳᠬᠤᠵᠤ ᠂ ᠰᠢᠨᠵᠢᠯᠡᠬᠦ ᠤᠬᠠᠭᠠᠨ | ᠮᠡᠷᠭᠡᠵᠢᠯ ᠤᠨ ︽ ᠪᠣᠭᠤᠮᠲᠠ ᠰᠢᠪᠲᠤᠯᠬᠤ ︾ ᠭᠤᠣᠯᠳᠠᠯᠭ᠎ᠠ ᠲᠠᠢ ᠢᠨᠵᠧᠨᠧᠷᠢᠩ ᠳᠤ ᠬᠦᠴᠦ ᠪᠠᠨ ᠲᠥᠪᠯᠡᠷᠡᠭᠦᠯᠵᠦ ᠂ ᠬᠢᠴᠢᠶᠡᠯ ᠲᠦᠷᠦᠯ ᠤᠨ ᠪᠠᠶᠢᠭᠤᠯᠤᠯᠲᠠ ᠶᠢᠨ | ᠴᠢᠬᠤᠯᠠ ᠰᠠᠭᠤᠷᠢ ᠶᠢ ᠪᠠᠬᠢᠵᠢᠭᠦᠯᠵᠦ ᠂ ᠨᠠᠮ ᠤᠨ ᠪᠠᠶᠢᠭᠤᠯᠤᠯᠲᠠ ᠶᠢᠨ ᠦᠨᠳᠦᠰᠦᠨ ᠪᠠᠲᠤᠯᠠᠭ᠎ᠠ ᠶᠢ ᠴᠢᠩᠭᠠᠳᠬᠠᠵᠤ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ | ᠪᠣᠯᠣᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠪᠦᠬᠦ ᠬᠤᠳᠠ ᠶᠢᠨ ︽ ᠰᠢᠨ᠎ᠡ | ᠵᠠᠮ ᠢ ᠨᠡᠭᠡᠭᠡᠵᠦ ᠂ ᠡᠮᠦᠨ᠎ᠡ ᠡᠩᠨᠡᠭᠡᠨ ᠳᠤ ᠣᠷᠣᠬᠤ ︾ ᠳᠤ ᠨᠡᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠪᠡ ᠃ ᠬᠤᠳᠠ ᠶᠢᠨ ᠰᠤᠷᠭᠠᠨ ᠬᠥᠮᠦᠵᠢᠯ ᠪᠡᠶ᠎ᠡ ᠶᠢᠨ | ᠲᠠᠮᠢᠷ ᠤᠨ ᠲᠣᠪᠴᠢᠶ᠎ᠠ ᠂ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠪᠣᠯᠣᠨ ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠴᠢᠳᠠᠪᠤᠷᠢᠲᠠᠨ ᠤ ᠶᠠᠷᠢᠬᠤ ᠶᠢ | ᠰᠣᠨᠣᠰᠤᠭᠰᠠᠨ ᠤ ᠲᠠᠷᠠᠭ᠎ᠠ ᠂ ᠳ᠋ᠦ᠋ ᠬᠤᠢ ᠯᠢᠶᠠᠩ ᠪᠠᠰᠠ ᠲᠡᠷᠢᠭᠦᠨ ᠴᠢᠬᠤᠯᠠ ᠪᠠᠶᠢᠯᠳᠤᠬᠤ ᠪᠣᠳᠣᠯᠭ᠎ᠠ ᠂ ᠰᠢᠰᠲ᠋ᠧᠮᠲᠦ ᠢᠨᠵᠧᠨᠧᠷᠢᠩ ᠂ ᠠᠵᠢᠯ ᠦᠢᠯᠡᠰ ᠤᠨ | ᠬᠥᠭᠵᠢᠯᠲᠡ ᠂ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠵᠡᠷᠭᠡ ᠲᠦᠷᠪᠡᠨ ᠲᠠᠯ᠎ᠠ ᠠᠴᠠ ᠪᠦᠬᠦ ᠬᠤᠳᠠ ᠶᠢᠨ ᠴᠢᠳᠠᠪᠤᠷᠢᠲᠠᠨ ᠤ ᠠᠵᠢᠯ ᠤᠨ ᠲᠤᠬᠠᠢ ᠲᠠᠨᠢᠯᠲᠠ ᠪᠠ | ᠣᠶᠢᠯᠠᠭᠠᠯᠲᠠ ᠪᠠᠨ ᠬᠤᠪᠢᠶᠠᠯᠴᠠᠪᠠ ᠃ ᠲᠡᠷᠡ ᠂ ᠴᠢᠳᠠᠪᠤᠷᠢᠲᠠᠨ ᠪᠣᠯ ᠪᠥᠬᠦ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠵᠠᠩᠭᠢᠯᠠᠭ᠎ᠠ ᠮᠥᠨ ᠂ ᠡᠯ᠎ᠡ ᠱᠠᠲᠤᠨ ᠤ | ᠨᠠᠮ ᠵᠠᠰᠠᠭ ᠤᠨ ︽ ᠨᠢᠭᠡᠳᠦᠭᠡᠷ ᠭᠠᠷ ︾ ᠨᠢ ︽ ᠲᠡᠷᠢᠭᠦᠨ ᠴᠢᠳᠠᠪᠤᠷᠢᠲᠠᠨ ︾ ᠪᠣᠯᠵᠤ ᠂ ᠪᠥᠬᠦ ᠬᠤᠲᠠ ᠶᠢᠨ ᠴᠢᠳᠠᠪᠤᠷᠢᠲᠠᠨ ᠤ ᠠᠵᠢᠯ ᠤᠨ ᠴᠢᠬᠤᠯᠠ ᠲᠤᠷᠰᠢᠯᠭ᠎ᠠ ᠶᠢᠨ | ᠦᠷ᠎ᠡ ᠪᠦᠲᠦᠭᠡᠯ ᠢ ᠭᠦᠨᠵᠡᠭᠡᠢ ᠳ᠋ᠦᠩᠨᠡᠨ ᠣᠷᠳᠣ ᠬᠤᠭᠤᠴᠠᠭ᠎ᠠ ᠪᠠᠷ ᠪᠠᠷᠢᠮᠲᠠᠯᠠᠵᠤ ᠂ ᠨᠠᠷᠢᠯᠢᠭ ᠣᠨᠣᠴᠠᠲᠠᠢ ᠪᠠᠷ ᠴᠢᠳᠠᠪᠤᠷᠢᠲᠠᠨ ᠢ ᠤᠷᠢᠨ ᠠᠪᠴᠢᠷᠠᠬᠤ ᠂ ᠪᠥᠬᠦ | ᠰᠡᠳᠬᠢᠯ ᠢᠶᠠᠷ ᠢᠶᠠᠨ ᠴᠢᠳᠠᠪᠤᠷᠢᠲᠠᠨ ᠢ ᠬᠥᠮᠥᠵᠢᠭᠦᠯᠬᠦ ᠂ ᠰᠢᠨᠵᠢᠯᠡᠬᠦ ᠤᠬᠠᠭᠠᠨᠴᠢ ᠪᠠᠷ ᠴᠢᠳᠠᠪᠤᠷᠢᠲᠠᠨ ᠢ ᠬᠡᠷᠡᠭᠯᠡᠬᠦ ᠂ ᠦᠢᠯᠡᠴᠢᠯᠡᠭᠡ ᠪᠠᠷ ᠴᠢᠳᠠᠪᠤᠷᠢᠲᠠᠨ ᠢ | ᠳᠤᠯᠠᠭᠠᠴᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ ᠂ ᠴᠢᠳᠠᠪᠤᠷᠢᠲᠠᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠦᠭᠡᠢ ᠡᠭᠦᠳᠬᠦ ᠬᠡᠷᠡᠭᠲᠡᠢ ᠭᠡᠪᠡ ᠃ | ᠳ᠋ᠦ᠋ ᠬᠤᠢ ᠯᠢᠶᠠᠩ ᠪᠠᠰᠠ ᠶᠡᠭᠡ ᠳᠡᠭᠡᠳᠦ ᠰᠤᠷᠭᠠᠭᠤᠯᠢ ᠶᠢᠨ ᠵᠠᠯᠠᠭᠤ ᠪᠠᠭᠰᠢ ᠨᠠᠷ ᠢ ᠪᠢᠴᠢᠭ ᠵᠢᠭᠠᠵᠤ ᠬᠥᠮᠥᠨ ᠢ ᠬᠥᠮᠥᠵᠢᠭᠦᠯᠬᠦ ︽ ᠰᠢᠶᠠᠨᠱᠧᠩ ︾ ᠂ ᠰᠢᠨ᠎ᠡ ᠶᠢ | ᠡᠭᠦᠳᠬᠦ ᠰᠤᠳᠤᠯᠭᠠᠨ ᠤ ︽ ᠰᠢᠨ᠎ᠡ ᠴᠢᠳᠠᠪᠤᠷᠢᠲᠠᠨ ︾ ᠂ ᠥᠭᠡᠷᠡᠴᠢᠯᠡᠯᠲᠡ ᠬᠥᠭᠵᠢᠯᠲᠡ ᠶᠢᠨ ︽ ᠠᠬᠢᠭᠤᠯᠤᠭᠴᠢ ︾ ᠂ ᠴᠢᠳᠠᠪᠤᠷᠢᠲᠠᠨ ᠢ ᠣᠷᠣᠭᠤᠯᠤᠨ ᠠᠪᠴᠢᠷᠠᠵᠤ | ᠴᠢᠳᠠᠪᠤᠷᠢᠲᠠᠨ ᠢ ᠬᠥᠮᠥᠵᠢᠭᠦᠯᠬᠦ ︽ ᠣᠷᠣᠯᠠᠨ ᠥᠭᠦᠯᠡᠭᠴᠢ ︾ ᠪᠣᠯᠵᠤ ᠂ ᠳᠤᠯᠠᠭᠠᠨ ᠬᠤᠳᠠ ᠳᠤ ᠦᠨᠳᠦᠰᠦᠯᠡᠵᠦ ᠂ ᠬᠦᠰᠡᠯ ᠵᠡᠭᠦᠳᠦ ᠪᠠᠨ ᠲᠡᠷᠭᠡᠯᠰᠢᠭᠦᠯᠵᠦ ᠂ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠣᠷᠳᠣᠰ ᠤᠨ ᠦᠢᠯᠡᠳᠦᠯᠭᠡ ᠳᠤᠮᠳᠠ ᠬᠥᠮᠥᠨ ᠤ ᠠᠮᠢᠳᠤᠷᠠᠯ ᠤᠨ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ | ᠴᠢᠷᠮᠠᠶᠢᠬᠤ ᠬᠡᠷᠡᠭᠲᠡᠢ ᠭᠡᠵᠦ ᠵᠣᠷᠢᠭᠵᠢᠭᠤᠯᠪᠠ ᠃ ᠬᠤᠲᠠ ᠶᠢᠨ ᠳᠡᠳ᠋ ᠳᠠᠷᠤᠭ᠎ᠠ ᠵᠠᠩ ᠰᠢᠤ ᠯᠢᠩ ᠶᠠᠷᠢᠯᠴᠠᠬᠤ ᠬᠤᠷᠠᠯ ᠢ ᠡᠷᠭᠢᠯᠡᠵᠦ ᠂ ᠬᠤᠲᠠ ᠶᠢᠨ ᠰᠢᠭᠤᠳ ᠬᠠᠷᠢᠶ᠎ᠠ | ᠬᠤᠯᠪᠣᠭᠳᠠᠯ ᠪᠦᠬᠦᠢ ᠰᠠᠯᠠᠭ᠎ᠠ ᠮᠥᠴᠢᠷ ᠪᠣᠯᠣᠨ ᠡᠯ᠎ᠡ ᠳᠡᠭᠡᠳᠦ ᠰᠤᠷᠭᠠᠭᠤᠯᠢ ᠶᠢᠨ ᠬᠠᠷᠢᠭᠤᠴᠠᠯᠭᠠᠲᠠᠨ ᠣᠷᠤᠯᠴᠠᠪᠠ ᠃ | | |