ᠵᠡᠭᠦᠨᠭᠠᠷ ᠬᠤᠰᠢᠭᠤ ᠳᠤᠯᠠᠭᠠᠯᠠᠭ᠎ᠠ ᠶᠢᠨ ᠨᠡᠭᠦᠷᠡᠰᠦ ᠲᠠᠷᠬᠠᠭᠠᠵᠤ ᠡᠬᠢᠯᠡᠯ᠎ᠡ
ᠨᠡᠶᠢᠲᠡᠯᠡᠭᠰᠡᠨ ᠴᠠᠭ᠄
2024/9/19
     ᠣᠶᠢᠷ᠎ᠠ ᠳᠤ ᠂ ᠵᠡᠭᠦᠨᠭᠠᠷ ᠬᠤᠰᠢᠭᠤᠨ ᠤ 2024 ᠣᠨ ᠤ ︽ ᠬᠠᠶᠢᠷ᠎ᠠ ᠬᠠᠯᠠᠮᠵᠢ ᠶᠢᠨ ᠨᠡᠭᠦᠷᠡᠰᠦ ︾ ᠶᠢ ᠲᠠᠷᠬᠠᠭᠠᠬᠤ ᠠᠵᠢᠯ ᠵᠢᠩᠬᠢᠨᠢ ᠪᠠᠷ ᠡᠬᠢᠯᠡᠪᠡ ᠃ ᠡᠨᠡ ᠵᠢᠯ ᠤᠨ ᠨᠡᠭᠦᠷᠡᠰᠦᠨ ᠤ ᠬᠠᠩᠭᠠᠯᠭ᠎ᠠ ᠶᠢᠨ ᠪᠠᠷᠢᠮᠵᠢᠶ᠎ᠠ ᠨᠢ ᠪᠠᠶᠢᠩᠭᠤ ᠰᠠᠭᠤᠭ᠎ᠠ ᠮᠠᠯᠴᠢᠨ ᠲᠠᠷᠢᠶᠠᠴᠢᠨ ᠡᠷᠦᠬᠡ ᠪᠣᠯᠣᠨ ᠬᠦᠴᠢᠷᠳᠡᠯ ᠲᠠᠢ ᠡᠷᠦᠬᠡ ᠪᠦᠷᠢ ᠳᠤ 2 ᠲᠣᠨ ᠨᠡᠭᠦᠷᠡᠰᠦ ᠂ ᠲᠣᠰᠬᠤᠨ ᠤ ᠱᠠᠲᠤᠨ ᠤ ᠠᠯᠪᠠᠯᠠᠬᠤ ᠭᠠᠵᠠᠷ ᠪᠦᠷᠢ ᠳᠤ 6 ᠲᠣᠨ ᠨᠡᠭᠦᠷᠡᠰᠦ ᠂ ᠠᠯᠪᠠᠨ ᠠᠴᠠ ᠡᠷᠬᠢᠯᠡᠭᠰᠡᠨ 2 ᠨᠠᠰᠤᠲᠠᠶᠢᠴᠤᠳ ᠢ ᠠᠰᠠᠷᠠᠬᠤ ᠬᠦᠷᠢᠶᠡᠯᠡᠩ ᠵᠡᠷᠭᠡ ᠭᠠᠵᠠᠷ ᠲᠤ ᠨᠡᠶᠢᠲᠡ 5000 ᠲᠣᠨ ᠨᠡᠭᠦᠷᠡᠰᠦ ᠲᠠᠷᠬᠠᠭᠠᠨ᠎ᠠ ᠃ ᠳᠤᠯᠠᠭᠠᠯᠠᠭ᠎ᠠ ᠶᠢᠨ ᠬᠤᠭᠤᠴᠠᠭᠠᠨ ᠳᠤ ︽ ᠬᠠᠶᠢᠷ᠎ᠠ ᠬᠠᠯᠠᠮᠵᠢ ᠶᠢᠨ ᠨᠡᠭᠦᠷᠡᠰᠦ ︾  ᠶᠢ ᠲᠣᠨ ᠪᠦᠷᠢ ᠳᠤ 100 ᠲᠥᠭᠦᠷᠢᠭ ᠢᠶᠠᠷ ᠬᠠᠩᠭᠠᠵᠤ ᠂ ᠡᠯ᠎ᠡ ᠬᠦᠴᠢᠷᠳᠡᠯ ᠲᠠᠢ ᠡᠷᠦᠬᠡ ᠂ ᠲᠣᠰᠬᠤᠨ ᠤ ᠱᠠᠲᠤᠨ ᠤ ᠠᠯᠪᠠᠯᠠᠬᠤ ᠭᠠᠵᠠᠷ ᠂ ᠠᠯᠪᠠᠨ ᠠᠴᠠ ᠡᠷᠬᠢᠯᠡᠭᠰᠡᠨ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠤᠨ ᠨᠡᠭᠦᠷᠡᠰᠦ ᠶᠢ ᠦᠨ᠎ᠡ ᠲᠥᠯᠥᠪᠦᠷᠢ ᠦᠭᠡᠢ ᠪᠠᠷ ᠬᠠᠩᠭᠠᠨ᠎ᠠ ᠃
  今日1(1).png  
今日1(2).png    
 
ᠢᠷᠡᠯᠲᠡ᠄ ᠣᠷᠳᠣᠰ ᠬᠤᠲᠠ ᠶᠢᠨ ᠬᠠᠮ ᠵᠠᠭᠤᠴᠢᠯᠠᠭᠤᠷ ᠤᠨ ᠲᠥᠪ