| ᠣᠶᠢᠷ᠎ᠠ ᠳᠤ ᠂ ᠥᠪᠥᠷ ᠮᠣᠩᠭᠤᠯ ᠤᠨ ᠥᠨᠳᠦᠷᠯᠢᠭ ᠤᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠪᠣᠯᠣᠨ ᠳᠤᠮᠳᠠᠳᠤ ᠤᠯᠤᠰ ᠤᠨ | ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠠᠮᠲᠤᠷᠠᠨ ᠰᠤᠳᠤᠯᠤᠨ ᠨᠡᠭᠡᠭᠡᠭᠰᠡᠨ ᠰᠢᠨ᠎ᠡ ᠪᠦᠲᠦᠭᠡᠭᠳᠡᠬᠦᠨ ᠬᠦᠢᠯᠡᠰᠦᠨ ᠴᠥᠮ᠎ᠡ ᠶᠢᠨ ᠺᠣᠹᠧ ᠪᠥᠬᠦ ᠲᠠᠯ᠎ᠠ ᠪᠠᠷ ᠵᠠᠬ᠎ᠠ | ᠳᠡᠯᠭᠡᠭᠦᠷ ᠲᠤ ᠭᠠᠷᠪᠠ ᠃ ᠪᠡᠶ᠎ᠡ ᠰᠤᠪᠢᠯᠠᠯᠲᠠ ᠶᠢᠨ ᠬᠦᠢᠯᠡᠰᠦᠨ ᠴᠥᠮ᠎ᠡ ᠶᠢᠨ ᠤᠮᠳᠠᠭᠠᠨ ᠪᠣᠯᠣᠨ ᠰᠦᠯᠵᠢᠶᠡᠨ ᠤ ᠨᠡᠷᠡᠳᠤ ᠺᠣᠹᠧ ᠶᠢᠨ ᠪᠦᠷᠢᠨ ᠲᠡᠭᠦᠯᠳᠡᠷ | ᠠᠭᠤᠰᠤᠯᠴᠠᠯ ᠨᠢ ᠵᠡᠭᠦᠨᠭᠠᠷ ᠬᠤᠰᠢᠭᠤᠨ ᠤ ᠵᠢᠮᠢᠰ ᠦᠨᠤᠢ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ | ᠨᠡᠮᠡᠷᠢᠯᠡᠵᠡᠢ᠃ | | | | ᠥᠪᠥᠷ ᠮᠣᠩᠭᠤᠯ ᠤᠨ ᠥᠨᠳᠦᠷᠯᠢᠭ ᠤᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠶᠢᠨ ᠦᠢᠯᠡᠳᠪᠦᠷᠢᠯᠡᠯ ᠤᠨ ᠲᠠᠰᠤᠭ ᠲᠤ ᠂ ᠪᠦᠬᠦ | ᠠᠦ᠋ᠲ᠋ᠣᠴᠢᠯᠠᠭᠰᠠᠨ ᠦᠢᠯᠡᠳᠪᠦᠷᠢᠯᠡᠯ ᠤᠨ ᠱᠤᠭᠤᠮ ᠳᠡᠭᠡᠷ᠎ᠡ᠂ ᠯᠣᠩᠬᠤᠨ ᠳᠤ ᠰᠠᠪᠠᠯᠠᠭᠰᠠᠨ ᠬᠦᠢᠯᠡᠰᠦᠨ ᠴᠥᠮ᠎ᠡ ᠶᠢᠨ ᠺᠣᠹᠧ ᠠᠭᠠᠵᠢᠮ ᠢᠶᠠᠷ ᠬᠦᠳᠡᠯᠤᠨ ᠰᠢᠯᠵᠢᠵᠦ ᠂ | ᠱᠤᠰᠢᠭ᠎ᠠ ᠨᠠᠭᠠᠵᠤ ᠂ ᠪᠣᠭᠤᠳᠠᠯᠯᠠᠨ ᠬᠠᠶᠢᠷᠴᠠᠭ ᠲᠤ ᠰᠠᠪᠠᠯᠠᠭᠰᠠᠨ ᠤ ᠳᠠᠷᠠᠭ᠎ᠠ᠂ ᠡᠯ᠎ᠡ ᠲᠣᠮᠣ ᠬᠤᠳᠠᠯᠳᠤᠭᠠᠨ ᠤ ᠳᠡᠯᠭᠡᠬᠦᠷ ᠭᠡᠳᠤ ᠳᠡᠯᠭᠡᠬᠦᠷ ᠲᠤ ᠨᠢᠭᠡᠳᠦᠯᠲᠡᠢ | ᠬᠦᠷᠭᠡᠨ᠎ᠠ᠃ ︽ ᠡᠨᠡᠬᠦ ᠬᠡᠯᠪᠡᠷᠢ ᠶᠢᠨ ᠬᠦᠢᠯᠡᠰᠦᠨ ᠴᠥᠮ᠎ᠡ ᠶᠢᠨ ᠺᠣᠹᠧ ᠨᠢ ᠬᠦᠢᠯᠡᠰᠦᠨ ᠴᠥᠮ᠎ᠡ ᠶᠢᠨ ᠠᠩᠬᠢᠯᠤᠮ᠎ᠠ ᠦᠨᠦᠷ ᠢ ᠠᠭᠤᠰᠬᠠᠭᠰᠠᠨ ᠢᠶᠠᠷ ᠪᠠᠷᠠᠬᠤ ᠦᠭᠡᠢ | ᠪᠠᠰᠠ ᠺᠤᠹᠧ ᠶᠢᠨ ᠭᠠᠰᠢᠭᠤᠨ ᠡᠬᠡᠭᠦᠨ ᠠᠮᠳᠠ ᠲᠠᠢ ᠤᠶᠠᠯᠳᠤᠭᠤᠯᠵᠤ ᠂ ᠭᠤᠣᠯᠳᠠᠭᠤ ᠵᠠᠯᠠᠭᠤ ᠬᠥᠮᠥᠰ ᠲᠤ ᠵᠣᠷᠢᠭᠤᠯᠤᠨ ᠰᠤᠳᠤᠯᠤᠨ ᠦᠢᠯᠡᠳᠦᠭᠰᠡᠨ ᠨᠢᠭᠡ | ᠵᠦᠢᠯ ᠤᠨ ᠳᠡᠰ ᠳᠡᠪᠰᠢᠭᠰᠡᠨ ᠰᠢᠨ᠎ᠡ ᠦᠢᠯᠡᠳᠬᠦᠨ ᠪᠣᠯᠬᠤ ᠶᠤᠮ ︾ ᠭᠡᠵᠦ ᠥᠪᠥᠷ ᠮᠣᠩᠭᠤᠯ ᠤᠨ ᠥᠨᠳᠦᠷᠯᠢᠭ ᠤᠨ ᠬᠦᠢᠯᠡᠰᠦᠨ ᠴᠥᠮ᠎ᠡ ᠶᠢᠨ ᠤᠮᠳᠠᠭᠠᠨ ᠤ | ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠶᠠᠩ ᠰᠢᠶᠠᠩ ᠳ᠋ᠦᠩ ᠶᠠᠷᠢᠨ᠎ᠠ᠃ | | | | ᠺᠣᠹᠧ ᠨᠢ ᠰᠦᠯᠵᠢᠶᠡᠨ ᠤ ᠨᠡᠷᠡᠳᠤ ᠪᠦᠲᠦᠭᠡᠭᠳᠡᠬᠦᠨ ᠪᠣᠯᠤᠭᠰᠠᠨ ᠤ ᠬᠤᠪᠢ ᠳᠤ ᠣᠳᠣᠬᠠᠨ ᠤ ᠵᠠᠯᠠᠭᠤᠴᠤᠳ ᠤᠨ ᠳᠤᠷ᠎ᠠ ᠪᠠᠬ᠎ᠠ ᠶᠢ ᠶᠡᠬᠡᠳᠡ ᠲᠠᠲᠠᠵᠤ ᠪᠠᠶᠢᠳᠠᠭ ᠃ | ᠵᠠᠬ᠎ᠠ ᠳᠡᠯᠭᠡᠭᠦᠷ ᠤᠨ ᠰᠢᠨ᠎ᠡ ᠬᠡᠷᠡᠭᠴᠡᠭᠡ ᠶᠢ ᠬᠠᠩᠭᠠᠬᠤ ᠶᠢᠨ ᠳᠤᠰᠠᠳᠠ ᠂ ᠡᠨᠡ ᠵᠢᠯ ᠠᠴᠠ ᠨᠠᠭᠠᠰᠢ ᠂ ᠥᠪᠥᠷ ᠮᠣᠩᠭᠤᠯ ᠤᠨ ᠥᠨᠳᠦᠷᠯᠢᠭ ᠤᠨ ᠬᠦᠢᠯᠡᠰᠦᠨ | ᠴᠥᠮ᠎ᠡ ᠶᠢᠨ ᠤᠮᠳᠠᠭᠠᠨ ᠤ ᠬᠢᠵᠠᠭᠠᠷᠲᠤ ᠺᠣᠮᠫᠠᠨᠢ ᠳᠤᠮᠳᠠᠳᠤ ᠤᠯᠤᠰ ᠤᠨ ᠲᠠᠷᠢᠶᠠᠯᠠᠩ ᠤᠨ ᠶᠡᠭᠡ ᠰᠤᠷᠭᠠᠭᠤᠯᠢ ᠲᠠᠢ ᠬᠤᠯᠪᠤᠭᠠᠯᠠᠨ ᠂ 6 ᠰᠠᠷ᠎ᠠ ᠶᠢᠨ ᠴᠠᠭ | ᠵᠠᠷᠤᠴᠠᠭᠤᠯᠵᠤ ᠪᠠᠶᠢᠭᠠᠳ ᠰᠢᠨ᠎ᠡ ᠪᠦᠲᠦᠭᠡᠭᠳᠡᠬᠦᠨ ᠪᠣᠯᠬᠤ ᠬᠦᠢᠯᠡᠰᠦᠨ ᠴᠥᠮ᠎ᠡ ᠶᠢᠨ ᠺᠣᠹᠧ ᠶᠢ ᠠᠮᠵᠢᠯᠲᠠᠲᠠᠢ ᠰᠤᠳᠤᠯᠤᠨ ᠭᠠᠷᠭᠠᠪᠠ ᠃ ᠲᠤᠰ ᠪᠦᠲᠦᠭᠡᠭᠳᠡᠬᠦᠨ ᠨᠢ | ᠺᠣᠹᠧ ᠶᠢᠨ ᠭᠠᠰᠢᠭᠤᠨ ᠡᠬᠡᠭᠦᠨ ᠠᠮᠳᠠ ᠪᠣᠯᠣᠨ ᠬᠦᠢᠯᠡᠰᠦᠨ ᠴᠥᠮ᠎ᠡ ᠶᠢᠨ ᠤᠮᠳᠠᠭᠠᠨ ᠤ ᠭᠤᠯᠭᠤᠮᠠᠳᠠᠬᠠᠢ ᠴᠢᠨᠠᠷ ᠢ ᠭᠦᠢᠴᠡᠳ ᠠᠭᠤᠰᠤᠯᠴᠠᠭᠤᠯᠵᠤ ᠂ | ᠪᠦᠲᠦᠭᠡᠭᠳᠡᠬᠦᠨ ᠤ ᠰᠢᠨ᠎ᠡ ᠡᠭᠦᠳᠦᠯᠲᠡ ᠶᠢᠨ ᠴᠢᠨᠠᠷᠲᠠᠢ ᠰᠢᠪᠲᠤᠯᠤᠯᠲᠠ ᠶᠢ ᠪᠡᠶᠡᠯᠡᠭᠦᠯᠵᠡᠢ᠃ | | | | ︽ᠬᠦᠢᠯᠡᠰᠦᠨ ᠴᠥᠮ᠎ᠡ ᠶᠢᠨ ᠺᠣᠹᠧ ᠶᠢ ᠦᠢᠯᠡᠳᠪᠦᠷᠢᠯᠡᠵᠦ ᠭᠠᠷᠭᠠᠭᠰᠠᠨ ᠤ ᠳᠠᠷᠠᠭ᠎ᠠ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠬᠤᠶᠠᠷ ᠵᠠᠮ ᠢᠶᠠᠷ | ᠳᠠᠮᠵᠢᠭᠤᠯᠤᠨ ᠪᠦᠬᠦ ᠤᠯᠤᠰ ᠤᠨ ᠬᠡᠪᠴᠢᠶᠡᠨ ᠳᠤ ᠶᠡᠭᠡ ᠬᠡᠪᠴᠢᠶ᠎ᠡ ᠪᠠᠷ ᠬᠤᠳᠠᠯᠳᠤᠵᠤ ᠡᠬᠢᠯᠡᠵᠡᠢ ᠃ ᠣᠳᠣᠬᠠᠨ ᠳᠤ ᠡᠯ᠎ᠡ ᠭᠠᠵᠠᠷ ᠤᠨ ᠡᠵᠡᠩᠨᠡᠨ ᠪᠣᠷᠣᠯᠠᠭᠤᠯᠬᠤ | ᠬᠤᠳᠠᠯᠳᠤᠭᠠᠴᠢᠳ ᠵᠠᠯᠭᠠᠯᠳᠤᠭᠠᠪᠠᠷ ᠬᠤᠳᠠᠯᠳᠤᠨ ᠠᠪᠴᠤ ᠂ ᠴᠤᠤᠷᠢᠶ᠎ᠠ ᠂ ᠵᠢᠩ ᠳ᠋ᠦᠩ ᠂ ᠲᠢᠶᠠᠨ ᠮᠣᠣ ᠂ ᠫᠢᠩ ᠳ᠋ᠦᠸᠧ ᠳ᠋ᠦᠸᠧ ᠵᠡᠷᠭᠡ ᠣᠳᠣ ᠶᠢᠨ ᠰᠦᠯᠵᠢᠶᠡᠨ ᠤ | ᠲᠠᠪᠴᠠᠩ ᠢ ᠠᠰᠢᠬᠯᠠᠨ ᠡᠬᠢᠯᠡᠨ ᠪᠣᠷᠣᠯᠠᠭᠤᠯᠵᠤ ᠪᠠᠶᠢᠨ᠎ᠠ ︾ ᠭᠡᠵᠦ ᠶᠠᠩ ᠰᠢᠶᠠᠩ ᠳ᠋ᠦᠩ ᠢᠯᠡᠷᠭᠡᠶᠢᠯᠡᠨ᠎ᠠ ᠃ | | | | ᠰᠢᠨ᠎ᠡ ᠶᠢ ᠡᠭᠦᠳᠬᠦ ᠪᠣᠯ ᠬᠥᠭᠵᠢᠯᠲᠡ ᠶᠢ ᠬᠥᠲᠥᠯᠥᠨ ᠳᠠᠭᠠᠭᠤᠯᠬᠤ ᠨᠢᠭᠡᠳᠦᠭᠡᠷ ᠬᠥᠳᠡᠯᠭᠡᠬᠦ ᠬᠦᠴᠦᠨ ᠮᠥᠨ ᠂ ᠤᠯᠤᠰ ᠤᠨ ᠳᠡᠰ ᠤᠨ ᠣᠶ ᠰᠢᠭᠤᠢ ᠶᠢᠨ | ᠲᠣᠯᠣᠭᠠᠶᠢᠯᠠᠭᠴᠢ ᠠᠵᠤ ᠠᠬᠤᠶᠢᠯᠠᠯ ᠪᠤᠯᠤᠬᠰᠠᠨ ᠤ ᠬᠤᠪᠢ ᠳᠤ ᠂ ᠥᠪᠥᠷ ᠮᠣᠩᠭᠤᠯ ᠤᠨ ᠥᠨᠳᠦᠷᠯᠢᠭ ᠤᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ | ᠺᠣᠮᠫᠠᠨᠢ ᠴᠠᠭ ᠢᠮᠠᠭᠲᠠ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠡᠭᠦᠳᠦᠯᠲᠡ ᠪᠠᠷ ᠵᠢᠯᠣᠭᠤᠳᠤᠮᠵᠢ ᠪᠣᠯᠭᠠᠬᠤ ᠶᠢ ᠪᠠᠷᠢᠮᠲᠠᠯᠠᠵᠤ ᠂ ᠪᠠᠶᠢᠭᠤᠯᠤᠭᠳᠠᠭᠰᠠᠨ 20 | ᠭᠠᠷᠤᠢ ᠵᠢᠯ ᠤᠨ ᠲᠤᠷᠰᠢ ᠂ ᠤᠯᠤᠰ ᠤᠨ ᠳᠣᠲᠣᠭᠠᠳᠤ ᠶᠢᠨ ᠡᠯ᠎ᠡ ᠨᠡᠷᠡᠳᠦ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠶᠡᠭᠡ ᠳᠡᠭᠡᠳᠦ | ᠰᠤᠷᠭᠠᠭᠤᠯᠢ ᠲᠠᠢ ᠬᠠᠮᠲᠤᠷᠠᠯᠴᠠᠵᠤ ᠂ ᠬᠦᠢᠯᠡᠰᠦ ᠂ ᠬᠠᠢ ᠬᠤᠩ ᠵᠢᠮᠢᠰ ᠂ ᠴᠢᠴᠠᠷᠭᠠᠨ᠎ᠠ ᠵᠡᠷᠭᠡ ᠨᠤᠲᠤᠭ ᠤᠨ ᠣᠨᠴᠠᠯᠢᠭᠲᠤ ᠵᠢᠮᠢᠰ ᠤᠨ ᠤᠢ ᠶᠢᠨ ᠠᠵᠤ ᠦᠢᠯᠡᠰ ᠤᠨ | ᠲᠣᠭᠤᠷᠢᠨ ᠳᠤ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠠᠰᠤᠷᠠᠯᠳᠡ ᠦᠭᠡᠢ ᠬᠢᠵᠦ ᠂ ᠬᠦᠢᠯᠡᠰᠦᠨ ᠴᠥᠮ᠎ᠡ ᠶᠢᠨ ᠤᠮᠳᠠᠭᠠᠨ ᠂ ᠴᠢᠴᠠᠷᠭᠠᠨ᠎ᠠ᠂ ᠬᠠᠢ ᠬᠤᠩ | ᠵᠢᠮᠢᠰ ᠤᠨ ᠤᠮᠳᠠᠭᠠᠨ ᠂ ᠬᠠᠭᠤᠷᠤᠭᠰᠠᠨ ᠬᠦᠢᠯᠡᠰᠦᠨ ᠴᠥᠮ᠎ᠡ ᠵᠡᠷᠭᠡ ᠪᠦᠬᠦ ᠤᠯᠤᠰ ᠤᠨ ᠵᠠᠬ᠎ᠠ ᠳᠡᠯᠭᠡᠭᠦᠷ ᠲᠤ ᠪᠣᠷᠤᠯᠠᠭᠤᠯᠭ᠎ᠠ ᠰᠠᠶᠢᠲᠠᠢ 3 ᠶᠡᠭᠡ ᠲᠦᠷᠦᠯ ᠤᠨ 20 | ᠭᠠᠷᠤᠢ ᠰᠢᠷᠢᠰ ᠪᠦᠲᠦᠭᠡᠭᠳᠡᠬᠦᠨ ᠢ ᠵᠠᠯᠭᠠᠭ᠎ᠠ ᠪᠠᠷ ᠰᠤᠳᠤᠯᠤᠨ ᠭᠠᠷᠭᠠᠪᠠ᠃ | | | | ᠰᠢᠨ᠎ᠡ ᠪᠦᠲᠦᠭᠡᠭᠳᠡᠬᠦᠨ ᠪᠣᠯᠬᠤ ᠬᠦᠢᠯᠡᠰᠦᠨ ᠴᠥᠮ᠎ᠡ ᠶᠢᠨ ᠺᠣᠹᠧ ᠶᠢᠨ ᠰᠢᠨ᠎ᠡ ᠡᠬᠦᠳᠦᠯᠳᠡ ᠶᠢᠨ ᠦᠷ᠎ᠡ ᠪᠦᠲᠦᠭᠡᠯ ᠢ ᠠᠮᠵᠢᠯᠲᠠ ᠲᠠᠢ ᠤᠯᠠᠷᠢᠭᠤᠯᠤᠨ | ᠬᠤᠪᠢᠷᠠᠭᠤᠯᠬᠤ ᠶᠢ ᠳᠠᠭᠠᠯᠳᠤᠨ᠂ ᠺᠣᠮᠫᠠᠨᠢ ᠶᠢᠨ ᠰᠢᠨ᠎ᠡ ᠶᠢ ᠡᠭᠦᠳᠬᠦ ᠬᠥᠭᠵᠢᠯᠲᠡ ᠶᠢᠨ ᠰᠢᠨ᠎ᠡ ᠬᠠᠭᠤᠳᠠᠰᠤ ᠶᠢ ᠤᠯᠠᠮ ᠴᠢᠨᠠᠭᠰᠢᠳᠠ ᠨᠡᠭᠡᠭᠡᠵᠦ ᠂ ᠵᠡᠭᠦᠨᠭᠠᠷ | ᠬᠤᠰᠢᠭᠤᠨ ᠤ ᠵᠢᠮᠢᠰ ᠤᠨ ᠤᠢ ᠶᠢᠨ ᠠᠵᠤ ᠦᠢᠯᠡᠰ ᠤᠨ ᠬᠥᠭᠵᠢᠯᠲᠡ ᠳᠤ ᠰᠢᠨ᠎ᠡ ᠠᠵᠤ ᠠᠬᠤᠢ ᠶᠢᠨ ᠨᠡᠮᠡᠭᠳᠡᠯ ᠤᠨ ᠴᠡᠭ ᠢ ᠨᠡᠮᠡᠷᠢᠯᠡᠵᠡᠢ᠃ | |