| ᠨᠢᠭᠡ ᠂ ᠮᠡᠷᠭᠡᠵᠢᠯ ᠤᠨ ᠳᠠᠪᠠᠭᠤᠯᠢᠭ ᠨᠡᠷᠡᠨ ᠬᠤᠸᠠᠷ ᠤᠨ ᠲᠠᠪᠠᠭ ᠢ ᠬᠠᠳᠬᠤᠵᠤ ᠬᠠᠲᠠᠭᠠᠬᠤ ᠮᠡᠷᠭᠡᠵᠢᠯ ᠪᠣᠯ ᠣᠭᠲᠣᠯᠵᠤ ᠠᠪᠤᠭᠰᠠᠨ ᠨᠡᠷᠡᠨ ᠬᠤᠸᠠᠷ ᠤᠨ | ᠲᠠᠪᠠᠭ ᠢᠶᠠᠨ ᠡᠰᠢᠨ ᠳᠡᠭᠡᠷ᠎ᠡ ᠬᠠᠳᠬᠤᠵᠤ ᠂ ᠨᠡᠷᠡᠨ ᠤ ᠭᠡᠷᠡᠯ ᠳᠣᠣᠷ᠎ᠠ ᠬᠠᠲᠠᠭᠠᠬᠤ ᠨᠢᠭᠡ ᠵᠦᠢᠯ ᠤᠨ ᠬᠡᠷᠡᠭᠯᠡᠭᠡᠨ ᠤ ᠮᠡᠷᠭᠡᠵᠢᠯ ᠪᠣᠯᠣᠨ᠎ᠠ ᠃ ᠲᠣᠰ ᠮᠡᠷᠭᠡᠵᠢᠯ ᠤᠨ | ᠬᠠᠲᠠᠭᠠᠬᠤ ᠠᠰᠢᠭᠯᠠᠮᠵᠢ ᠨᠢ ᠥᠨᠳᠥᠷ ᠂ ᠬᠠᠲᠠᠭᠠᠬᠤ ᠦᠷ᠎ᠡ ᠪᠦᠲᠦᠭᠡᠯ ᠨᠢ ᠰᠠᠶᠢᠨ ᠂ ᠥᠪᠡᠷ ᠤᠨ ᠥᠷᠲᠡᠭ ᠢ ᠨᠢ ᠪᠠᠭᠤᠷᠠᠭᠤᠯᠵᠤ ᠴᠢᠳᠠᠬᠤ ᠮᠥᠷᠲᠡᠭᠡᠨ ᠴᠢᠨᠠᠷ | ᠴᠢᠨᠰᠠᠭ᠎ᠠ ᠶᠢ ᠨᠢ ᠬᠠᠮᠠᠭᠠᠯᠠᠵᠤ ᠴᠢᠳᠠᠬᠤ ᠶᠢᠨ ᠬᠠᠮᠲᠤ ᠬᠡᠷᠡᠭᠯᠡᠬᠦ ᠳᠤ ᠲᠥᠬᠦᠮ ᠪᠣᠯᠬᠤᠷ ᠳᠡᠯᠭᠡᠷᠡᠭᠦᠯᠦᠨ ᠬᠡᠷᠡᠭᠯᠡᠵᠦ ᠪᠣᠯᠣᠨ᠎ᠠ ᠃ | ᠬᠤᠶᠠᠷ ᠂ ᠲᠠᠪᠠᠭ ᠢ ᠬᠠᠳᠬᠤᠬᠤ ᠬᠤᠭᠤᠴᠠᠭ᠎ᠠ ᠢᠳᠡᠰᠢᠨ ᠤ ᠨᠡᠷᠡᠨ ᠬᠤᠸᠠᠷ ᠤᠨ ᠲᠠᠪᠠᠭ ᠤᠨ ᠠᠷᠤ ᠲᠠᠯ᠎ᠠ ᠨᠢ ᠰᠢᠷᠠᠯᠠᠵᠤ ᠂ ᠴᠡᠴᠡᠭ ᠤᠨ ᠲᠠᠪᠠᠭ ᠤᠨ | ᠬᠥᠪᠡᠭᠡ ᠨᠢ ᠵᠢᠭᠠᠬᠠᠨ ᠨᠣᠭᠤᠭᠠᠨ ᠂ ᠬᠡᠯᠡ ᠬᠡᠯᠪᠡᠷᠢᠲᠦ ᠴᠡᠴᠡᠭ ᠤᠨ ᠬᠡᠯᠲᠡᠰ ᠨᠢ ᠦᠬᠦᠰᠢᠷᠡᠨ ᠬᠤᠪᠠᠭ᠋ᠠᠶᠢᠷᠠᠬᠤ ᠪᠤᠶᠤ ᠬᠠᠳᠠᠵᠤ ᠂ ᠪᠠᠭᠯᠠᠭᠴᠢ ᠨᠠᠪᠴᠢ ᠨᠢ ᠰᠢᠷᠠᠯᠠᠵᠤ ᠂ | ᠨᠠᠪᠴᠢᠨ ᠢᠯᠳᠠᠰᠤ ᠨᠢ ᠰᠢᠷᠠᠯᠠᠨ ᠨᠣᠭᠤᠭᠠᠷᠠᠬᠤ ᠪᠤᠶᠤ ᠰᠢᠷᠠᠯᠠᠨ ᠤᠨᠵᠢᠢᠵᠤ ᠂ ᠵᠢᠮᠢᠰ ᠤᠨ ᠬᠠᠯᠢᠰᠤ ᠨᠢ ᠬᠠᠲᠠᠭᠤ ᠪᠣᠯᠪᠠᠯ ᠳᠠᠷᠤᠢ ᠲᠠᠪᠠᠭ ᠢ ᠨᠢ ᠬᠠᠳᠬᠤᠨ | ᠬᠠᠳᠠᠭᠠᠵᠤ ᠪᠣᠯᠤᠨ᠎ᠠ ᠃ | ᠭᠤᠷᠪᠠ ᠂ ᠠᠵᠢᠯᠯᠠᠬᠤ ᠠᠷᠭ᠎ᠠ ︽ ᠬᠤᠶᠠᠷ ᠤᠬᠳᠤᠯᠵᠦ ᠨᠢᠭᠡ ᠬᠠᠳᠬᠤᠬᠤ ︾ ᠠᠷᠭ᠎ᠠ ᠪᠠᠷ ᠲᠠᠪᠠᠭ ᠢ ᠨᠢ ᠬᠠᠳᠬᠤᠵᠤ ᠬᠠᠲᠠᠭᠠᠨ᠎ᠠ ᠂ ᠪᠣᠳᠠᠲᠠᠢ ᠬᠢᠬᠦ ᠠᠷᠭ᠎ᠠ ᠨᠢ | ᠳᠣᠣᠷᠠᠬᠢ ᠮᠡᠲᠦ ᠄ | 1. ᠨᠢᠭᠡᠳᠦᠭᠡᠷ ᠤᠬᠳᠤᠯᠤᠯ ᠨᠢ ᠴᠡᠴᠡᠭ ᠤᠨ ᠲᠠᠪᠠᠭ ᠢ ᠣᠭᠲᠣᠯᠣᠨ ᠠᠪᠴᠤ ᠂ ᠬᠤᠶᠠᠳᠤᠭᠠᠷ ᠤᠬᠳᠤᠯᠤᠯ ᠨᠢ 80 ᠰᠠᠨᠲ᠋ᠢᠮᠧᠳ᠋ᠷ ᠣᠷᠴᠢᠮ ᠤᠨ ᠥᠨᠳᠥᠷ ᠤᠨ | ᠬᠡᠮᠵᠢᠶ᠎ᠡ ᠪᠠᠷ ᠡᠰᠢ ᠶᠢ ᠨᠢ ᠲᠠᠰᠢᠭᠤ ᠤᠬᠳᠤᠯᠵᠦ ᠂ ᠲᠠᠪᠠᠭ ᠤᠨ ᠭᠠᠳᠠᠷᠭᠤ ᠶᠢ ᠡᠮᠦᠨᠡᠰᠢ ᠵᠢᠰᠢᠭᠦᠦ ᠳᠡᠭᠡᠭᠰᠢ ᠬᠠᠨᠳᠤᠭᠤᠯᠤᠨ ᠵᠣᠷᠭᠤᠵᠤ ᠲᠠᠯᠪᠢᠭᠰᠠᠨ ᠡᠰᠢ ᠶᠢᠨ | ᠳᠡᠭᠡᠷ᠎ᠡ ᠬᠠᠳᠬᠤᠵᠤ ᠂ ᠴᠡᠴᠡᠭ ᠤᠨ ᠲᠠᠪᠠᠭ ᠢ ᠭᠠᠵᠠᠷ ᠤᠨ ᠭᠠᠳᠠᠷᠭᠤ ᠲᠠᠢ 45 ᠭᠷᠡᠳᠦ᠋ᠰ ᠤᠨ ᠥᠨᠴᠥᠭ ᠲᠠᠢ ᠪᠠᠶᠢᠯᠭᠠᠨ᠎ᠠ ᠃ | 2. ᠴᠡᠴᠡᠭ ᠤᠨ ᠲᠠᠪᠠᠭ ᠢ ᠬᠠᠳᠬᠤᠭᠰᠠᠨ ᠤ ᠳᠠᠷᠠᠭ᠎ᠠ ᠴᠠᠭ ᠠᠭᠤᠷ ᠤᠨ ᠪᠠᠶᠢᠳᠠᠯ ᠢ ᠦᠵᠡᠵᠦ 7~10 ᠡᠳᠦᠷ ᠨᠡᠷᠡᠨ ᠳᠤ ᠡᠭᠡᠭᠡᠵᠦ ᠂ ᠮᠥᠬᠦᠯᠢᠭ ᠤᠨ | ᠤᠰᠤᠨ ᠤ ᠠᠭᠤᠯᠤᠭᠳᠠᠴᠠ ᠨᠢ 15% ᠠᠴᠠ ᠳᠣᠷᠣᠭᠰᠢ ᠪᠣᠯᠬᠤ ᠦᠶ᠎ᠡ ᠳᠤ ᠲᠠᠪᠠᠭ ᠢᠶᠠᠨ ᠬᠤᠷᠢᠶᠠᠵᠤ ᠂ ᠮᠦᠯᠢᠭᠦᠨᠡ ᠃ | 3. ᠲᠤᠬᠠᠢ ᠶᠢᠨ ᠭᠠᠵᠠᠷ ᠤᠨ ᠪᠠᠶᠢᠳᠠᠯ ᠢ ᠦᠨᠳᠦᠰᠦᠯᠡᠨ ᠂ ᠲᠣᠮᠣ ᠬᠡᠯᠪᠡᠷᠢ ᠶᠢᠨ ᠪᠤᠶᠤ ᠵᠢᠵᠢᠭ ᠬᠡᠯᠪᠡᠷᠢ ᠶᠢᠨ ᠮᠥᠯᠢᠬᠦ ᠮᠠᠰᠢᠨ ᠢ ᠰᠣᠩᠭᠤᠨ ᠮᠥᠯᠢᠵᠦ ᠂ | ᠬᠥᠮᠥᠨ ᠤ ᠬᠦᠴᠦ ᠪᠠᠷ ᠬᠠᠪᠰᠤᠷᠤᠨ ᠬᠤᠷᠢᠶᠠᠬᠤ ᠪᠠ ᠮᠠᠲ᠋ᠧᠷᠢᠶᠠᠯ ᠣᠷᠤᠭᠤᠯᠤᠨ᠎ᠠ ᠃ | ᠳᠥᠷᠪᠡ ᠂ ᠠᠩᠬᠠᠷᠬᠤ ᠵᠦᠢᠯ | 1. ᠬᠤᠭ ᠡᠪᠡᠰᠦ ᠶᠢ ᠠᠷᠢᠯᠭᠠᠬᠤ ᠃ ᠮᠥᠯᠢᠬᠦ ᠮᠠᠰᠢᠨ ᠢᠶᠠᠷ ᠠᠵᠢᠯᠯᠠᠬᠤ ᠳᠠᠭᠠᠨ ᠬᠥᠬᠡ ᠳᠡᠯᠳᠡᠦ ᠂ ᠵᠠᠩᠭᠤᠤ ᠵᠡᠷᠭᠡ ᠬᠤᠭ ᠡᠪᠡᠰᠦ ᠶᠢ ᠵᠠᠶᠢᠯᠠᠭᠤᠯᠬᠤ ᠪᠤᠶᠤ | ᠠᠷᠢᠯᠭᠠᠬᠤ ᠶᠢ ᠠᠩᠬᠠᠷᠴᠤ ᠂ ᠨᠡᠷᠡᠨ ᠬᠤᠸᠠᠷ ᠲᠤ ᠬᠤᠯᠢᠯᠳᠤᠨ ᠣᠷᠣᠵᠤ ᠦᠷ᠎ᠡ ᠶᠢᠨ ᠲᠠᠸᠠᠷ ᠤᠨ ᠴᠢᠨᠠᠷ ᠴᠢᠨᠰᠠᠭ᠎ᠠ ᠶᠢ ᠨᠥᠯᠥᠭᠡᠯᠡᠬᠦ ᠠᠴᠠ ᠰᠡᠷᠭᠡᠶᠢᠯᠡᠬᠦ ᠬᠡᠷᠡᠭᠲᠡᠢ ᠃ | 2. ᠬᠡᠪ ᠤᠨ ᠪᠤᠰᠤ ᠴᠡᠴᠡᠭ ᠤᠨ ᠲᠠᠪᠠᠭ ᠃ ᠬᠤᠷᠢᠶᠠᠬᠤ ᠶᠠᠪᠤᠴᠠ ᠳᠤ ᠭᠠᠵᠠᠷ ᠤᠨᠠᠭᠰᠠᠨ ᠂ ᠡᠪᠡᠳᠴᠢᠨ ᠤ ᠬᠤᠣᠷ ᠬᠥᠨᠥᠭᠡᠯ ᠤᠨ ᠸᠠᠯᠠᠵᠤ ᠢᠯᠵᠢᠷᠡᠭᠰᠡᠨ ᠲᠠᠪᠠᠭ ᠂ | ᠬᠤᠯᠢᠮᠠᠭ ᠲᠠᠪᠠᠭ ᠢ ᠠᠷᠢᠯᠭᠠᠬᠤ ᠶᠢ ᠠᠩᠬᠠᠷᠴᠤ ᠂ ᠸᠠᠯᠠᠭᠰᠠᠨ ᠦᠷ᠎ᠡ ᠪᠠ ᠣᠨᠳᠣᠣ ᠲᠦᠷᠦᠯ ᠤᠨ ᠦᠷ᠎ᠡ ᠶᠢ ᠬᠤᠯᠢᠯᠳᠤᠭᠤᠯᠤᠨ ᠣᠷᠤᠭᠤᠯᠣᠭᠰᠠᠨ ᠠᠴᠠ ᠲᠠᠸᠠᠷ ᠤᠨ | ᠴᠢᠨᠠᠷ ᠴᠢᠨᠰᠠᠭ᠎ᠠ ᠶᠢ ᠪᠠᠭᠤᠷᠠᠭᠤᠯᠤᠨ ᠂ ᠪᠣᠷᠣᠯᠠᠭᠤᠯᠬᠤ ᠦᠨ᠎ᠡ ᠶᠢ ᠨᠥᠯᠥᠭᠡᠯᠡᠬᠦ ᠠᠴᠠ ᠵᠠᠶᠢᠯᠠᠰᠬᠢᠬᠦ ᠬᠡᠷᠡᠭᠲᠡᠢ ᠃ | 3. ᠬᠤᠷᠢᠶᠠᠨ ᠠᠪᠤᠭᠰᠠᠨ ᠤ ᠳᠠᠷᠠᠭᠠᠬᠢ ᠲᠠᠷᠢᠶᠠᠨ ᠭᠠᠵᠠᠷ ᠢ ᠴᠡᠪᠡᠷᠯᠡᠬᠦ ᠃ ᠴᠡᠴᠡᠭ ᠤᠨ ᠲᠠᠪᠠᠭ ᠢ ᠬᠤᠷᠢᠶᠠᠭᠰᠠᠨ ᠤ ᠳᠠᠷᠠᠭ᠎ᠠ ᠂ ᠲᠠᠷᠢᠶᠠᠨ ᠭᠠᠵᠠᠷ ᠤᠨ ᠡᠰᠢ | ᠰᠦᠷᠡᠯ ᠪᠠ ᠦᠯᠡᠳᠡᠭᠳᠡᠯ ᠪᠦᠷᠬᠦᠪᠴᠢ ᠶᠢ ᠴᠠᠭ ᠲᠤᠬᠠᠢ ᠳᠤᠨᠢ ᠴᠡᠪᠡᠷᠯᠡᠵᠦ ᠂ ᠡᠪᠦᠯᠵᠢᠬᠦ ᠡᠪᠡᠳᠴᠢᠨ ᠬᠤᠷᠣᠬᠠᠢ ᠶᠢᠨ ᠰᠠᠭᠤᠷᠢ ᠲᠤᠭ᠎ᠠ ᠶᠢ ᠳᠣᠷᠣᠭᠰᠢᠯᠠᠭᠤᠯᠬᠤ | ᠬᠡᠷᠡᠭᠲᠡᠢ ᠃ | | |