ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠣ︾ ᠭᠡᠬᠦ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠯᠡᠪᠡ
ᠨᠡᠶᠢᠲᠡᠯᠡᠭᠰᠡᠨ ᠴᠠᠭ᠄
2024/9/20
     ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠣᠨᠣᠯ ᠤᠨ ᠲᠦᠢᠮᠣ ︾ ᠭᠡᠬᠦ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠬᠡᠷᠡᠭᠯᠡᠪᠡ ᠃ 2024 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭ᠎ᠠ ᠠᠴᠠ ᠡᠬᠢᠯᠡᠨ ᠂ ᠮᠠᠨ ᠤ ᠣᠷᠣᠨ ᠤ ᠵᠢᠩᠬᠢᠨᠢ ᠠᠩᠬᠢ ᠶᠢᠨ ᠶᠡᠭᠡ ᠳᠡᠭᠡᠳᠦ ᠰᠤᠷᠭᠠᠭᠤᠯᠢ ᠂ ᠳᠡᠭᠡᠳᠦ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠦᠬᠦᠨ ᠢᠶᠠᠷ ᠢᠶᠠᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠵᠠᠪᠠᠯ ᠰᠤᠷᠬᠤ ᠬᠢᠴᠢᠶᠡᠯ ᠢ ᠨᠡᠭᠡᠭᠡᠭᠰᠡᠨ ᠪᠥᠭᠡᠳ ︽ ᠣᠨᠣᠯ ᠤᠨ ᠲᠦᠢᠮᠣ ︾ ᠭᠡᠬᠦ ᠵᠢᠭᠠᠬᠤ ᠮᠠᠲ᠋ᠧᠷᠢᠶᠠᠯ ᠢ ᠬᠡᠷᠡᠭᠯᠡᠪᠡ ᠃ ᠵᠢᠩᠬᠢᠨᠢ ᠠᠩᠭᠢ ᠶᠢᠨ 17 ᠶᠡᠭᠡ ᠳᠡᠭᠡᠳᠦ ᠰᠤᠷᠭᠠᠭᠤᠯᠢ ᠪᠠ ᠠᠵᠢᠯ ᠮᠡᠷᠭᠡᠵᠢᠯ ᠤᠨ 8 ᠰᠤᠷᠭᠠᠭᠤᠯᠢ ᠳᠤ 2 ᠰᠤᠷᠤᠯᠭ᠎ᠠ ᠶᠢᠨ ᠬᠤᠪᠢ ᠳᠣᠬᠢᠷᠠᠭᠤᠯᠤᠨ ᠂ ᠠᠵᠢᠯ ᠮᠡᠷᠭᠡᠵᠢᠯ ᠤᠨ ᠪᠤᠰᠤᠳ 29 ᠳᠡᠭᠡᠳᠦ ᠰᠤᠷᠭᠠᠭᠤᠯᠢ ᠳᠤ 1 ᠰᠤᠷᠤᠯᠭ᠎ᠠ ᠶᠢᠨ ᠬᠤᠪᠢ ᠶᠢ ᠳᠣᠬᠢᠷᠠᠭᠤᠯᠵᠤ ᠂ ᠣᠯᠠᠩᠬᠢ ᠶᠡᠭᠡ ᠳᠡᠭᠡᠳᠦ ᠰᠤᠷᠭᠠᠭᠤᠯᠢ ᠨᠤᠭᠤᠳ ᠲᠤ 2 ᠠᠴᠠ 8 ᠬᠢᠴᠢᠶᠡᠯ ᠤᠨ ᠴᠠᠭ ᠤᠨ ᠦᠢᠯᠡᠳᠦᠯᠭᠡ ᠶᠢᠨ ᠰᠤᠷᠤᠯᠴᠠᠯᠭ᠎ᠠ ᠶᠢ ᠵᠡᠷᠭᠡ ᠳᠤ ᠨᠢ ᠲᠣᠬᠢᠷᠠᠭᠤᠯᠪᠠ ᠃ ︵ ᠦᠨᠳᠦᠰᠦᠲᠡᠨ ᠤ ᠬᠡᠷᠡᠭ ᠡᠷᠭᠢᠯᠡᠬᠦ ᠵᠥᠪᠯᠡᠯ ︶    
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ