| 9 ᠰᠠᠷ᠎ᠠ ᠶᠢᠨ 19 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠸᠠᠩ ᠭᠦᠸᠧ ᠴᠢᠤᠸᠠᠨ | ᠨᠠᠷᠠᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠯᠳᠠ ᠶᠢᠨ ᠲᠥᠪ ᠂ ᠬᠡᠰᠡᠭ ᠨᠡᠭᠦᠷᠡᠰᠦᠨ ᠠᠭᠤᠷᠬᠠᠢ ᠂ ᠳᠤᠯᠠᠭᠠᠯᠠᠭ᠎ᠠ ᠶᠢᠨ ᠢᠨᠵᠧᠨᠧᠷᠢᠩ ᠤᠨ ᠪᠠᠷᠢᠯᠭ᠎ᠠ ᠶᠢᠨ ᠠᠬᠤᠢ | ᠲᠠᠯᠠᠪᠠᠶ ᠵᠢᠴᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠬᠠᠯᠠᠨ ᠰᠠᠶᠢᠵᠢᠷᠠᠭᠤᠯᠵᠤ ᠵᠠᠰᠠᠬᠤ ᠣᠷᠣᠨ ᠪᠦᠰᠡ ᠂ ᠲᠣᠰᠬᠤᠨ ᠤ ᠱᠠᠳᠤᠨ ᠤ ᠵᠢᠭᠰᠠᠭᠠᠯ ᠤᠨ | ᠭᠠᠵᠠᠷ ᠲᠤ ᠬᠦᠷᠴᠦ ᠵᠠᠬᠢᠳᠠᠯ ᠰᠣᠷᠪᠤᠯᠵᠢᠯᠠᠯ ᠲᠣᠭᠲᠠᠭᠤᠨ ᠢ ᠬᠠᠮᠠᠭᠠᠯᠠᠬᠤ ᠂ ᠠᠶᠤᠯᠭᠦᠢ ᠦᠢᠯᠡᠳᠪᠦᠷᠢᠯᠡᠯ ᠂ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠤ | ᠵᠠᠰᠠᠯᠲᠠ ᠬᠢᠭᠡᠳ ᠠᠵᠤ ᠦᠢᠯᠡᠰ ᠤᠨ ᠬᠥᠭᠵᠢᠯᠲᠡ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠵᠢᠴᠢ ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠵᠡᠷᠭᠡ ᠤᠴᠢᠷ | ᠶᠠᠪᠤᠳᠠᠯ ᠤᠳ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠣᠭᠤᠳᠪᠠ ᠃ ᠬᠤᠰᠢᠭᠤᠨ ᠤ ᠤᠳᠤᠷᠢᠳᠤᠯᠭ᠎ᠠ ᠳ᠋ᠦ᠋ ᠶᠠᠨ ᠪᠢᠨ ᠂ ᠸᠠᠩ ᠮᠢᠨ ᠂ ᠯᠢᠦ ᠢᠦᠢ ᠴᠧᠩ ᠂ | ᠨᠠᠷᠠᠰᠤᠨ ᠪᠠᠯᠭᠠᠰᠤ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | ᠨᠠᠷᠠᠰᠤᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠯᠳᠠ ᠶᠢᠨ ᠲᠥᠪ ᠲᠤ ᠂ ᠸᠠᠩ ᠭᠦᠸᠧ ᠴᠢᠤᠸᠠᠨ ᠶᠡᠷᠦᠩᠬᠡᠶᠢᠯᠡᠭᠰᠡᠨ ᠵᠠᠰᠠᠯᠳᠠ ᠶᠢᠨ ᠲᠥᠪ ᠤᠨ ᠬᠠᠮᠢᠶᠠᠷᠤᠯᠲᠠ | ᠡᠵᠡᠩᠨᠡᠯᠲᠡ ᠂ ᠵᠠᠬᠢᠳᠠᠯ ᠰᠣᠷᠪᠤᠯᠵᠢᠯᠠᠯ ᠤᠨ ᠬᠠᠪᠰᠤᠷᠤᠨ ᠰᠢᠢᠳᠪᠦᠷᠢᠯᠡᠬᠦ ᠣᠷᠣᠯᠠᠨ ᠭᠦᠢᠴᠡᠳᠬᠡᠬᠦ ᠲᠣᠭᠲᠠᠴᠠ ᠶᠢᠨ ᠬᠡᠷᠡᠭᠵᠢᠭᠦᠯᠦᠯᠲᠡ ᠂ ︽ ᠰᠢᠶᠠᠩ ᠤᠨ ᠠᠮᠤᠷ | ᠲᠦᠪᠰᠢᠨ ᠤ ᠲᠠᠪᠤᠨ ᠶᠠᠪᠤᠳᠠᠯ ︾ ᠤᠨ ᠰᠢᠨ᠎ᠡ ᠶᠢ ᠡᠭᠦᠳᠬᠦ ᠠᠵᠢᠯ ᠤᠨ ᠠᠷᠭ᠎ᠠ ᠬᠡᠮᠵᠢᠶ᠎ᠡ ᠶᠢᠨ ᠨᠠᠶᠢᠳᠠᠪᠤᠷᠢᠵᠢᠭᠤᠯᠤᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠤ | ᠳᠠᠷᠠᠭ᠎ᠠ ᠂ ᠵᠥᠷᠢᠴᠡᠯ ᠵᠢᠭᠤᠷᠠᠯᠳᠤᠭᠠᠨ ᠢ ᠨᠠᠮᠳᠠᠭᠤᠯᠬᠤ ᠪᠠᠶᠢᠭᠤᠯᠤᠮᠵᠢ ᠪᠠ ᠲᠣᠭᠲᠠᠴᠠ ᠶᠢᠨ ᠠᠵᠢᠯᠯᠠᠭᠠᠨ ᠤ ᠴᠢᠨᠠᠷᠵᠢᠯ ᠦᠷ᠎ᠡ ᠪᠦᠲᠦᠮᠵᠢ ᠶᠢ ᠵᠢᠷᠤᠮᠵᠢᠭᠤᠯᠤᠨ | ᠳᠡᠭᠡᠭᠰᠢᠯᠡᠭᠦᠯᠵᠤ ᠂ ᠰᠢᠯᠭᠠᠨ ᠬᠤᠷᠢᠶᠠᠬᠤ ᠳᠤ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠂ ᠨᠠᠶᠢᠳᠠᠪᠤᠷᠢᠵᠢᠭᠤᠯᠤᠯᠲᠠ ᠶᠢ ᠪᠣᠳᠠᠲᠠᠢ ᠠᠳᠬᠤᠵᠤ | ᠨᠠᠷᠢᠯᠢᠭ ᠠᠳᠬᠤᠬᠤ ᠂ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠬᠤ ᠂ ᠵᠠᠬᠢᠳᠠᠯ ᠰᠣᠷᠪᠤᠯᠵᠢᠯᠠᠯ ᠤᠨ ᠬᠠᠪᠰᠤᠷᠤᠨ ᠰᠢᠢᠳᠪᠦᠷᠢᠯᠡᠬᠦ | ᠣᠷᠣᠯᠠᠨ ᠭᠦᠢᠴᠡᠳᠬᠡᠬᠦ ᠶᠢ ᠰᠢᠩᠭᠡᠭᠡᠬᠦ ᠴᠢᠳᠠᠪᠤᠷᠢ ᠪᠠ ᠨᠠᠮᠳᠠᠭᠤᠯᠬᠤ ᠡᠷᠴᠢᠮ ᠢ ᠦᠷᠭᠦᠯᠵᠢᠯᠡᠨ ᠴᠢᠩᠭᠠᠷᠠᠭᠤᠯᠬᠤ ᠂ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠶᠢ | ᠲᠦᠷᠭᠡᠳᠬᠡᠨ ᠲᠡᠭᠦᠯᠳᠡᠷᠵᠢᠭᠦᠯᠬᠦ ᠂ ᠦᠢᠯᠡᠴᠢᠯᠡᠭᠡ ᠪᠠᠲᠤᠯᠠᠭ᠎ᠠ ᠶᠢᠨ ᠴᠢᠳᠠᠪᠤᠷᠢ ᠶᠢ ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠴᠢᠬᠤᠯᠠᠴᠢᠯᠠᠨ ᠪᠠᠶᠢᠷᠢᠯᠠᠭᠤᠯᠵᠠᠢ᠃ | ᠬᠤᠢ ᠨᠧᠩ ᠤᠨ ᠪᠦᠦ ᠫᠢᠩ ᠸᠠᠨ ᠨᠡᠭᠦᠷᠡᠰᠦᠨ ᠠᠭᠤᠷᠬᠠᠢ ᠂ ᠶᠠᠩ ᠱᠢ ᠲᠠ ᠨᠢᠭᠡᠳᠦᠭᠡᠷ ᠠᠭᠤᠷᠬᠠᠢ ᠳᠤ ᠂ ᠸᠠᠩ ᠭᠦᠸᠧ ᠴᠢᠤᠸᠠᠨ ᠨᠡᠭᠦᠷᠡᠰᠦᠨ ᠠᠭᠤᠷᠬᠠᠢ ᠶᠢᠨ | ᠣᠶᠤᠨᠴᠢᠯᠠᠭᠰᠠᠨ ᠠᠶᠤᠯᠭᠦᠢ ᠦᠢᠯᠡᠳᠪᠦᠷᠢᠯᠡᠯ ᠤᠨ ᠲᠥᠬᠦᠭᠡᠷᠦᠮᠵᠢ ᠵᠢᠴᠢ ᠠᠷᠭ᠎ᠠ ᠬᠡᠮᠵᠢᠶ᠎ᠡ ᠂ ᠠᠰᠢᠭᠯᠠᠯᠲᠠ ᠳᠤ ᠣᠷᠣᠭᠤᠯᠤᠭᠰᠠᠨ ᠪᠠᠶᠢᠳᠠᠯ ᠢ ᠨᠠᠷᠢᠨ ᠬᠢᠨᠠᠮᠠᠭᠠᠢ | ᠪᠠᠶᠢᠴᠠᠭᠠᠨ ᠦᠵᠡᠵᠦ ᠂ ᠬᠡᠮ ᠰᠣᠭᠤᠭ ᠤᠨ ᠠᠰᠠᠭᠤᠳᠠᠯ ᠢ ᠳᠠᠷᠠᠭᠠᠯᠠᠨ ᠪᠠᠶᠢᠴᠠᠭᠠᠵᠤ ᠬᠠᠯᠠᠨ ᠰᠠᠶᠢᠵᠢᠷᠠᠭᠤᠯᠤᠭᠰᠠᠨ ᠡᠬᠡ ᠲᠠᠩᠰᠠ ᠶᠢ ᠨᠠᠷᠢᠨ ᠬᠢᠨᠠᠮᠠᠭᠠᠢ | ᠤᠷᠪᠠᠭᠤᠯᠤᠨ ᠦᠵᠡᠵᠦ ᠂ ᠠᠬᠤᠢ ᠳᠠᠯᠠᠪᠠᠢ ᠳᠤ ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠣᠶᠤᠨᠴᠢᠯᠠᠭᠰᠠᠨ ᠪᠠᠶᠢᠭᠤᠯᠤᠯᠲᠠ ᠶᠢ ᠤᠨᠢᠨ ᠳᠡᠭᠡᠷ᠎ᠡ | ᠨᠢ ᠨᠠᠶᠢᠳᠠᠪᠤᠷᠢᠵᠢᠭᠤᠯᠬᠤ ᠶᠢ ᠠᠬᠢᠭᠤᠯᠬᠤ ᠂ ᠨᠡᠭᠦᠷᠡᠰᠦᠨ ᠠᠭᠤᠷᠬᠠᠢ ᠶᠢᠨ ᠪᠣᠳᠠᠲᠠᠢ ᠲᠠᠢ ᠤᠶᠠᠯᠳᠤᠭᠤᠯᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠶᠤᠯ | ᠲᠦᠭᠰᠢᠭᠦᠷᠢ ᠶᠢᠨ ᠬᠡᠮ ᠰᠣᠭᠤᠭ ᠢ ᠰᠡᠷᠭᠡᠶᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠂ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭ᠎ᠠ | ᠠᠩᠬᠠᠷᠴᠤ ᠠᠮᠤᠷ ᠲᠦᠪᠰᠢᠨ ᠢ ᠪᠠᠲᠤᠯᠠᠬᠤ ᠵᠡᠷᠭᠡ ᠲᠠᠯ᠎ᠠ ᠪᠠᠷ ᠲᠣᠳᠣᠷᠬᠠᠢ ᠱᠠᠭᠠᠷᠳᠠᠯᠭ᠎ᠠ ᠳᠤᠷᠠᠳᠴᠠᠢ᠃ ᠡᠭᠦᠨ ᠤ ᠬᠠᠮᠲᠤ ᠂ ᠭᠦ᠋ ᠱᠠᠨ ᠴᠤᠸᠠᠨ ᠤ ᠠᠮᠢ ᠠᠬᠤᠢ ᠶᠢᠨ | ᠵᠠᠰᠠᠯᠲᠠ ᠵᠢᠴᠢ ᠠᠭᠤᠷᠬᠠᠢ ᠶᠢᠨ ᠣᠷᠣᠨ ᠤ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠪᠠ ᠤᠯᠠᠨ ᠲᠦᠮᠡᠨ ᠤ ᠢᠯᠡᠴᠢᠯᠡᠨ ᠮᠡᠳᠡᠭᠦᠯᠦᠭᠰᠡᠨ ᠣᠷᠴᠢᠨ | ᠲᠣᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠢ ᠬᠠᠯᠠᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠵᠡᠷᠭᠡ ᠶᠠᠪᠤᠳᠠᠯ ᠢ ᠰᠠᠶᠢᠲᠤᠷ ᠠᠳᠬᠤᠵᠤ ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠂ ᠦᠷ᠎ᠡ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠴᠢᠬᠤᠯᠠᠴᠢᠯᠠᠬᠤ ᠵᠡᠷᠭᠡ ᠲᠠᠯ᠎ᠠ ᠪᠠᠷ ᠪᠣᠳᠠᠲᠠᠢ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠡᠢ᠃ | ᠮᠠᠨ ᠱᠢ ᠴᠠᠩ ᠰᠢᠦᠢ ᠨᠡᠭᠦᠷᠡᠰᠦᠨ ᠠᠭᠤᠷᠬᠠᠢ ᠶᠢᠨ ᠳᠠᠬᠢᠨ ᠬᠠᠭᠠᠯᠪᠤᠷᠢᠯᠠᠵᠤ ᠵᠠᠰᠠᠬᠤ ᠣᠷᠣᠨ ᠳᠤ ᠂ ᠸᠠᠩ ᠭᠦᠸᠧ ᠴᠢᠤᠸᠠᠨ ᠰᠢᠶᠠᠩ ᠪᠠᠯᠭᠠᠰᠤ ᠪᠣᠯᠣᠨ ᠠᠵᠤ | ᠠᠬᠤᠶᠢᠯᠠᠯ ᠤᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠂ ᠳᠠᠬᠢᠨ ᠬᠠᠭᠠᠯᠪᠤᠷᠢᠯᠠᠵᠤ ᠵᠠᠰᠠᠭᠰᠠᠨ ᠦᠷ᠎ᠡ ᠪᠦᠲᠦᠮᠵᠢ ᠵᠢᠴᠢ ᠭᠡᠷᠡᠯ | ᠴᠡᠨᠡᠭ ᠤᠨ ᠠᠵᠤ ᠦᠢᠯᠡᠰ ᠤᠨ ᠬᠥᠭᠵᠢᠯᠲᠡ ᠶᠢᠨ ᠣᠳᠣᠬᠢ ᠪᠠᠶᠢᠳᠠᠯ ᠪᠣᠯᠣᠨ ᠲᠥᠯᠦᠪᠵᠢᠭᠦᠯᠭᠡ ᠶᠢᠨ ᠲᠤᠬᠠᠢ ᠲᠠᠨᠢᠯᠴᠠᠭᠤᠯᠭ᠎ᠠ ᠶᠢ ᠨᠠᠷᠢᠨ ᠬᠢᠨᠠᠮᠠᠭᠠᠢ | ᠰᠣᠨᠣᠰᠤᠭᠰᠠᠨ ᠤ ᠳᠠᠷᠠᠭ᠎ᠠ ᠂ ᠪᠦᠲᠦᠭᠡᠨ ᠪᠠᠶᠢᠭᠤᠯᠵᠤ ᠵᠠᠰᠠᠬᠤ ᠦᠷ᠎ᠡ ᠪᠦᠲᠦᠮᠵᠢ ᠶᠢ ᠦᠨᠡᠨ ᠬᠦ ᠪᠠᠲᠤᠯᠠᠭᠰᠠᠨ ᠰᠠᠭᠤᠷᠢᠨ ᠳᠡᠭᠡᠷ᠎ᠡ ᠂ ᠭᠠᠵᠠᠷ ᠣᠷᠣᠨ ᠤ ᠪᠠᠶᠢᠳᠠᠯ | ᠳᠤᠨᠢ ᠲᠣᠬᠢᠷᠠᠭᠤᠯᠤᠨ ᠂ ᠳᠠᠬᠢᠨ ᠬᠠᠭᠠᠯᠪᠤᠷᠢᠯᠠᠬᠤ ᠣᠷᠣᠨ ᠪᠦᠰᠡ ᠶᠢᠨ ᠠᠵᠤ ᠦᠢᠯᠡᠰ ᠤᠨ ᠲᠥᠬᠦᠷᠵᠢᠭᠦᠯᠦᠯᠲᠡ ᠶᠢ ᠰᠢᠨᠵᠢᠯᠡᠬᠦ ᠤᠬᠠᠭᠠᠨᠴᠢ ᠪᠠᠷ ᠵᠦᠢ ᠵᠣᠬᠢᠰᠲᠠᠢ | ᠠᠬᠢᠭᠤᠯᠵᠤ ᠂ ᠠᠵᠤ ᠠᠬᠤᠶᠢᠯᠠᠯ ᠪᠠ ᠭᠠᠵᠠᠷ ᠣᠷᠣᠨ ᠤ ᠬᠠᠮᠲᠤᠷᠠᠨ ᠬᠥᠳᠡᠯᠦᠯᠴᠡᠬᠦ ᠴᠢᠳᠠᠪᠤᠷᠢ ᠶᠢ ᠴᠢᠩᠭᠠᠷᠠᠭᠤᠯᠤᠨ ᠂ ᠠᠭᠤᠷᠬᠠᠢ ᠶᠢᠨ ᠣᠷᠣᠨ ᠤ ᠵᠠᠰᠠᠯᠲᠠ + | ᠠᠵᠤ ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ ᠢ ᠪᠣᠶ ᠪᠣᠯᠭᠠᠬᠤ ᠵᠡᠷᠭᠡ ᠠᠭᠤᠯᠭ᠎ᠠ ᠶᠢᠨ ᠲᠣᠭᠤᠷᠢᠨ ᠳᠤ ᠂ ᠰᠢᠶᠠᠩ ᠪᠠᠯᠭᠠᠰᠤ ᠵᠢᠴᠢ ᠠᠵᠤ | ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠪᠠ ᠃ ᠶᠠᠩ ᠱᠢ ᠲᠠ ᠶᠢᠨ ᠳᠤᠯᠠᠭᠠᠯᠠᠭ᠎ᠠ ᠶᠢᠨ ᠢᠨᠵᠧᠨᠧᠷᠢᠩ ᠤᠨ | ᠪᠢᠶᠠᠨ ᠹᠦ᠋ ᠱᠤᠭᠤᠮ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠸᠠᠩ ᠭᠦᠸᠧ ᠴᠢᠤᠸᠠᠨ ᠪᠠᠷᠢᠯᠭ᠎ᠠ ᠶᠢᠨ ᠪᠡᠯᠡ ᠣᠷᠣᠭᠤᠯᠤᠯᠲᠠ ᠪᠣᠯᠣᠨ ᠪᠠᠷᠢᠯᠭ᠎ᠠ ᠶᠢᠨ | ᠬᠤᠭᠤᠴᠠᠭᠠᠨ ᠤ ᠲᠣᠬᠢᠷᠠᠭᠤᠯᠤᠯᠲᠠ᠂ ᠣᠳᠣᠬᠠᠨ ᠤ ᠪᠦᠲᠦᠭᠡᠨ ᠪᠠᠶᠢᠭᠤᠯᠤᠯᠲᠠ ᠶᠢᠨ ᠠᠬᠢᠴᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠭᠰᠠᠨ ᠤ ᠲᠠᠷᠠᠭ᠎ᠠ᠂ | ᠳᠤᠯᠠᠭᠠᠯᠠᠭ᠎ᠠ ᠶᠢᠨ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠴᠢᠨᠠᠷ ᠰᠠᠶᠢᠲᠠᠢ ᠰᠠᠶᠢᠲᠤᠷ ᠪᠡᠶᠡᠯᠡᠭᠦᠯᠵᠦ ᠂ | ᠪᠠᠷᠢᠯᠭ᠎ᠠ ᠶᠢᠨ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠂ ᠪᠡᠯᠡ ᠮᠥᠩᠭᠦ ᠶᠢᠨ ᠣᠷᠣᠭᠤᠯᠤᠯᠲᠠ ᠬᠡᠷᠡᠭᠯᠡᠯᠲᠡ ᠶᠢᠨ ᠬᠢᠨᠠᠯᠲᠠ ᠬᠠᠮᠢᠶᠠᠷᠤᠯᠲᠠ ᠶᠢ | ᠴᠢᠩᠭᠠᠳᠬᠠᠬᠤ ᠵᠡᠷᠭᠡ ᠲᠠᠯ᠎ᠠ ᠪᠠᠷ ᠪᠣᠳᠠᠲᠠᠢ ᠴᠢᠬᠤᠯᠠᠴᠢᠯᠠᠨ ᠪᠠᠶᠢᠷᠢᠯᠠᠭᠤᠯᠵᠠᠢ᠃ | ᠸᠠᠩ ᠭᠦᠸᠧ ᠴᠢᠤᠸᠠᠨ ᠪᠠᠰᠠ ᠨᠠᠷᠢᠨᠰᠦ᠋ᠮᠠ ᠲᠣᠰᠬᠤᠨ ᠤ ᠠᠷᠠᠳ ᠤᠨ ᠵᠥᠪᠯᠡᠯ ᠂ ᠬᠤᠯᠤᠳᠤ ᠶᠢᠨ ᠰᠢᠯᠢ ᠨᠠᠮ ᠤᠨ ᠳᠤᠭᠤᠶᠢᠯᠠᠩ ᠤᠨ ᠬᠠᠭᠤᠴᠢᠨ ᠪᠠᠭᠤᠷᠢ ᠳᠤ | ᠬᠦᠷᠴᠦ ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠪᠠ ᠬᠤᠪᠢᠰᠬᠠᠯᠳᠤ ᠬᠥᠮᠦᠵᠢᠯ ᠤᠨ ᠡᠬᠢ ᠪᠠᠶᠠᠯᠢᠭ ᠤᠨ ᠬᠠᠮᠠᠭᠠᠯᠠᠯᠲᠠ ᠠᠰᠢᠭᠯᠠᠯᠲᠠ ᠶᠢᠨ | ᠪᠠᠶᠢᠳᠠᠯ ᠢ ᠨᠠᠷᠢᠨ ᠣᠶᠢᠯᠠᠭᠠᠵᠤ ᠂ ᠳᠡᠷᠡᠴᠢᠯᠡᠨ ᠨᠠᠮ ᠤᠨ ᠪᠠᠶᠢᠭᠤᠯᠤᠯᠲᠠ ᠪᠠᠷ ᠲᠣᠰᠬᠤᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠴᠢᠨᠠᠷᠵᠢᠯ ᠦᠷ᠎ᠡ | ᠠᠰᠢᠭ ᠢ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠠᠵᠤ ᠠᠬᠤᠶᠢᠯᠠᠯ ᠪᠠ ᠣᠷᠣᠨ ᠨᠤᠲᠤᠭ ᠬᠠᠮᠲᠤᠪᠠᠷ ᠪᠠᠶᠢᠭᠤᠯᠬᠤ ᠶᠢ ᠦᠷᠭᠦᠯᠵᠢᠯᠡᠨ ᠴᠢᠩᠭᠠᠳᠬᠠᠬᠤ ᠂ | ᠲᠤᠬᠠᠶᠢᠯᠠᠭᠰᠠᠨ ᠠᠵᠢᠯ ᠤᠨ ᠬᠦᠷᠢᠶ᠎ᠡ ᠬᠡᠪᠴᠢᠶ᠎ᠡ ᠪᠠ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠬᠦ ᠂ ᠦᠢᠯᠡᠴᠢᠯᠡᠭᠡᠨ ᠤ ᠴᠢᠨᠠᠷᠵᠢᠯ ᠪᠠ ᠨᠥᠯᠥᠭᠡᠯᠡᠨ | ᠳᠠᠶᠢᠴᠢᠯᠠᠬᠤ ᠴᠢᠳᠠᠪᠤᠷᠢ ᠶᠢ ᠳᠡᠭᠡᠭᠰᠢᠯᠡᠭᠦᠯᠬᠦ ᠂ ᠲᠣᠰᠬᠤᠨ ᠤ ᠬᠠᠮᠲᠤ ᠶᠢᠨ ᠭᠤᠷᠪᠠᠨ ᠪᠡᠯᠡ ᠶᠢᠨ ᠬᠠᠮᠢᠶᠠᠷᠤᠯᠲᠠ ᠶᠢᠨ ᠲᠦᠪᠰᠢᠨ ᠢ ᠵᠢᠷᠤᠮᠵᠢᠭᠤᠯᠤᠨ ᠳᠡᠭᠡᠭᠰᠢᠯᠡᠭᠦᠯᠬᠦ | ᠵᠡᠷᠭᠡ ᠲᠠᠯ᠎ᠠ ᠪᠠᠷ ᠪᠠᠯᠭᠠᠰᠤ ᠂ ᠲᠣᠰᠬᠤᠨ ᠤ ᠺᠠᠳ᠋ᠷ ᠵᠢᠴᠢ ᠬᠤᠯᠪᠣᠭᠳᠠᠯ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠲᠠᠢ ᠭᠦᠨᠵᠡᠭᠡᠢ ᠰᠠᠨᠠᠯ ᠢᠶᠠᠨ ᠰᠣᠯᠢᠯᠴᠠᠵᠠᠢ︔ | ᠡᠭᠦᠨ ᠤ ᠬᠠᠮᠲᠤ ᠬᠤᠪᠢᠰᠬᠠᠯᠳᠤ ᠬᠥᠮᠦᠵᠢᠯ ᠤᠨ ᠡᠬᠢ ᠪᠠᠶᠠᠯᠢᠭ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ ᠡᠷᠴᠢᠮ ᠢ ᠴᠢᠩᠭᠠᠷᠠᠭᠤᠯᠬᠤ ᠲᠤᠬᠠᠢ ᠲᠣᠳᠣᠷᠬᠠᠢ | ᠱᠠᠭᠠᠷᠳᠠᠯᠭ᠎ᠠ ᠳᠤᠷᠠᠳᠴᠠᠢ᠃ | ᠡᠨᠡ ᠬᠤᠭᠤᠴᠠᠭᠠᠨ ᠳᠤ ᠂ ᠸᠠᠩ ᠭᠦᠸᠧ ᠴᠢᠤᠸᠠᠨ ᠬᠤᠯᠪᠣᠭᠳᠠᠯ ᠪᠦᠬᠦᠢ ᠰᠢᠶᠠᠨ ᠤ ᠱᠠᠲᠤᠨ ᠤ ᠤᠳᠤᠷᠢᠳᠤᠯᠭ᠎ᠠ ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ | ᠮᠥᠴᠢᠷ ᠤᠨ ᠬᠠᠷᠢᠭᠤᠴᠠᠯᠭᠠᠲᠠᠨ ᠵᠢᠴᠢ ᠨᠠᠷᠠᠰᠤᠨ ᠪᠠᠯᠭᠠᠰᠤᠨ ᠤ ᠨᠠᠮ ᠵᠠᠰᠠᠭ ᠤᠨ ᠪᠠᠭ ᠤᠨ ᠪᠦᠷᠢᠯᠳᠦᠭᠦᠨ ᠲᠠᠢ ᠪᠠᠶᠢᠴᠠᠭᠠᠨ ᠰᠤᠳᠤᠯᠤᠯᠲᠠ ᠶᠢᠨ ᠠᠭᠤᠯᠭ᠎ᠠ ᠵᠢᠴᠢ | ᠣᠶᠢᠷ᠎ᠠ ᠶᠢᠨ ᠬᠤᠭᠤᠴᠠᠭᠠᠨ ᠤ ᠭᠤᠣᠯᠳᠠᠯᠭ᠎ᠠ ᠲᠠᠢ ᠠᠵᠢᠯ ᠤᠨ ᠲᠤᠬᠠᠢ ᠪᠥᠬᠦ ᠲᠠᠯ᠎ᠠ ᠪᠠᠷ ᠭᠦᠨᠵᠡᠭᠡᠢ ᠶᠠᠷᠢᠯᠴᠠᠨ ᠰᠠᠨᠠᠯ ᠢᠶᠠᠨ ᠰᠣᠯᠢᠯᠴᠠᠪᠠ ᠃ ᠶᠠᠷᠢᠯᠴᠠᠬᠤ | ᠬᠤᠷᠠᠯ ᠤᠨ ᠳᠠᠷᠠᠭ᠎ᠠ ᠵᠠᠷᠢᠮ ᠵᠠᠬᠢᠳᠠᠯ ᠰᠣᠷᠪᠤᠯᠵᠢᠯᠠᠯ ᠬᠢᠭᠰᠡᠳ ᠢ ᠪᠣᠯᠵᠣᠨ ᠠᠰᠠᠭᠤᠨ ᠰᠤᠷᠪᠤᠯᠵᠢᠯᠠᠵᠤ ᠂ ᠵᠠᠬᠢᠳᠠᠯ ᠰᠣᠷᠪᠤᠯᠵᠢᠯᠠᠯ ᠬᠢᠭᠰᠡᠳ ᠤᠨ ᠲᠤᠰᠬᠠᠭᠰᠠᠨ | ᠵᠠᠬᠢᠳᠠᠯ ᠰᠣᠷᠪᠤᠯᠵᠢᠯᠠᠯ ᠤᠨ ᠵᠦᠢᠯᠡᠰ ᠤᠨ ᠲᠤᠬᠠᠢ ᠬᠦᠯᠢᠴᠡᠩᠭᠦᠢ ᠪᠠᠷ ᠲᠠᠶᠢᠯᠪᠤᠷᠢᠯᠠᠨ ᠬᠠᠷᠢᠭᠤᠯᠲᠠ ᠥᠭᠭᠦᠭᠰᠡᠨ ᠪᠥᠭᠡᠳ ᠲᠣᠬᠢᠲᠠᠢ ᠰᠢᠢᠳᠪᠦᠷᠢᠯᠡᠬᠦ ᠲᠥᠰᠥᠯ ᠢ | ᠰᠤᠳᠤᠯᠤᠨ ᠲᠣᠭᠲᠠᠭᠠᠵᠠᠢ᠃ | |