| 9 ᠰᠠᠷ᠎ᠠ ᠶᠢᠨ 23 ᠤ ᠡᠳᠦᠷ ᠂ ᠪᠥᠬᠦ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠪᠣᠬᠢᠷᠲᠤᠯ ᠢ | ᠵᠠᠰᠠᠬᠤ ᠠᠵᠢᠯ ᠤᠨ ᠠᠬᠤᠢ ᠳᠠᠯᠠᠪᠠᠢ ᠶᠢᠨ ᠬᠤᠷᠠᠯ ᠵᠡᠭᠦᠨᠭᠠᠷ ᠬᠤᠰᠢᠭᠤᠨ ᠳᠤ ᠬᠤᠷᠠᠯᠳᠤᠪᠠ ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠲᠢᠩᠬᠢᠮ ᠤᠨ | ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠢ ᠱᠠᠯᠠᠪᠳᠠᠭᠤᠯᠤᠨ ᠪᠠᠶᠢᠴᠠᠭᠠᠭᠴᠢ ᠵᠣᠣ ᠳ᠋ᠠ ᠶᠦᠩ ᠬᠤᠷᠠᠯ ᠳᠤ | ᠣᠷᠣᠯᠴᠠᠬᠰᠠᠨ ᠤ ᠬᠠᠮᠳᠤ ᠶᠠᠷᠢᠶ᠎ᠠ ᠲᠠᠯᠪᠢᠵᠤ ᠂ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠨᠠᠮ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠭᠦᠨ ᠂ ᠲᠢᠩᠬᠢᠮ ᠤᠨ ᠳᠡᠳ᠋ ᠳᠠᠷᠤᠭ᠎ᠠ ᠵᠠᠩ ᠶᠢᠩ ᠳ᠋ᠡ ᠬᠤᠷᠠᠯ ᠢ ᠡᠷᠭᠢᠯᠡᠵᠡᠢ ᠂ ᠣᠷᠳᠣᠰ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠤᠳᠠ ᠶᠢᠨ ᠳᠡᠳ᠋ ᠳᠠᠷᠤᠭ᠎ᠠ ᠵᠢᠷᠤᠮᠳᠤ ᠪᠠᠶᠠᠷ ᠤᠨ ᠦᠭᠡ ᠬᠡᠯᠡᠵᠡᠢ ᠃ | | ᠵᠢᠷᠤᠭ ᠄ ᠪᠥᠬᠦ ᠣᠷᠣᠨ ᠤ ᠬᠠᠲᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠪᠣᠬᠢᠷᠲᠤᠯ ᠢ ᠵᠠᠰᠠᠬᠤ ᠠᠵᠢᠯ ᠤᠨ ᠠᠬᠤᠢ | ᠳᠠᠯᠠᠪᠠᠢ ᠶᠢᠨ ᠬᠤᠷᠠᠯ ᠵᠡᠭᠦᠨᠭᠠᠷ ᠬᠤᠰᠢᠭᠤᠨ ᠳᠤ ᠬᠤᠷᠠᠯᠳᠤᠪᠠ ᠃ ᠵᠣᠣ ᠬᠤᠩ ᠶᠠᠨ ᠰᠡᠭᠦᠳᠡᠷᠯᠡᠪᠡ | | ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ ᠲᠢᠩᠬᠢᠮ ᠠᠴᠠ ᠬᠠᠲᠤᠨ ᠭᠤᠣᠯ ᠤᠨ ᠰᠠᠪᠠ ᠭᠠᠵᠠᠷ ᠤᠨ | ᠠᠭᠤᠷᠬᠠᠢ ᠶᠢᠨ ᠪᠣᠬᠢᠷᠲᠤᠯ ᠢ ᠵᠠᠰᠠᠬᠤ ᠠᠵᠢᠯ ᠪᠠ ᠠᠭᠤᠷᠬᠠᠢ ᠶᠢᠨ ᠠᠮᠢ ᠠᠬᠤᠢ ᠶᠢ ᠰᠡᠷᠭᠦᠭᠡᠭᠰᠡᠨ ᠶᠡᠷᠦᠩᠬᠡᠢ ᠪᠠᠶᠢᠳᠠᠯ ᠢ ᠵᠠᠷᠯᠠᠨ ᠮᠡᠳᠡᠭᠳᠡᠵᠦ ᠂ ᠬᠠᠲᠤᠨ ᠭᠤᠣᠯ | ᠳᠠᠭᠠᠤ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠰ ᠳᠠᠷᠠᠭᠠᠯᠠᠨ ᠬᠠᠷᠢᠭᠤ ᠮᠡᠳᠡᠭᠦᠯᠦᠯᠲᠡ ᠶᠢᠨ ᠦᠭᠡ ᠶᠠᠷᠢᠪᠠ ᠃ | ᠬᠤᠷᠠᠯ ᠠᠴᠠ ᠤᠯᠤᠰ ᠤᠨ ᠲᠥᠷᠥᠯ ᠵᠦᠢᠯ ᠤᠨ ᠪᠡᠯᠡ ᠮᠥᠩᠭᠦ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠂ ᠳᠦᠷᠢᠮ ᠤᠨ | ᠪᠠᠶᠢᠭᠤᠯᠤᠯᠲᠠ ᠂ ᠵᠠᠰᠠᠯᠲᠠ ᠶᠢᠨ ᠵᠠᠭᠪᠤᠷ ᠂ ᠰᠠᠯᠠᠭ᠎ᠠ ᠮᠥᠴᠢᠷ ᠤᠨ ᠬᠠᠮᠵᠢᠯᠴᠠᠭ᠎ᠠ ᠵᠡᠷᠭᠡ ᠲᠠᠪᠤᠨ ᠲᠠᠯ᠎ᠠ ᠠᠴᠠ ᠤᠴᠢᠵᠤ ᠂ ᠣᠶᠢᠷ᠎ᠠ ᠶᠢᠨ ᠵᠢᠯ ᠠᠴᠠ ᠨᠠᠭᠠᠰᠢᠬᠢ | ᠬᠠᠲᠤᠨ ᠭᠤᠣᠯ ᠳᠠᠭᠠᠤ ᠡᠯ᠎ᠡ ᠠᠶᠢᠮᠠᠭ ᠬᠤᠲᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠤᠨ | ᠲᠣᠭᠤᠷᠢᠨ ᠳᠤ ᠬᠢᠭᠰᠡᠨ ᠠᠵᠢᠯ ᠳᠤ ᠪᠣᠳᠠᠲᠠᠢ ᠵᠠᠳᠠᠯᠤᠯᠲᠠ ᠬᠢᠭᠰᠡᠨ ᠤ ᠬᠠᠮᠲᠤ ᠵᠣᠬᠢᠰᠳᠠᠢ ᠰᠠᠨᠠᠯ ᠳᠤᠷᠠᠳᠪᠠ ᠃ ᠡᠭᠦᠨ ᠤ ᠬᠠᠮᠲᠤ ᠲᠥᠪ ᠤᠨ ᠲᠠᠰ ᠳᠠᠪᠬᠤᠷᠭ᠎ᠠ ᠂ | ᠥᠪᠡᠷᠲᠡᠭᠡᠨ ᠵᠠᠰᠠᠬᠤ ᠣᠷᠣᠨ ᠤ ᠲᠠᠰ ᠳᠠᠪᠬᠤᠷᠭ᠎ᠠ ᠂ ᠬᠠᠲᠤᠨ ᠭᠤᠣᠯ ᠳᠠᠭᠠᠤ ᠲᠤᠯᠤᠭᠠᠨ ᠠᠶᠢᠮᠠᠭ ᠬᠤᠲᠠ ᠶᠢᠨ ᠲᠣᠰ ᠪᠡᠶ᠎ᠡ ᠂ ᠪᠠᠶᠢᠭᠠᠯᠢ ᠠᠮᠢ ᠠᠬᠤᠢ ᠶᠢᠨ | ᠰᠠᠭᠤᠷᠢ ᠂ ᠠᠭᠤᠷᠬᠠᠢ ᠶᠢᠨ ᠶᠡᠷᠦᠩᠬᠡᠢ ᠬᠡᠮᠵᠢᠶ᠎ᠡ ᠵᠢᠴᠢ ᠬᠠᠲᠤᠨ ᠭᠤᠣᠯ ᠳᠠᠭᠠᠤ ᠠᠶᠢᠮᠠᠭ ᠬᠤᠲᠠ ᠶᠢᠨ ᠳᠡᠤᠭᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢ | ᠵᠠᠰᠠᠬᠤ ᠡᠭᠦᠷᠭᠡ ᠵᠡᠷᠭᠡ ᠣᠯᠠᠨ ᠲᠠᠰ ᠳᠠᠪᠬᠤᠷᠭ᠎ᠠ ᠠᠴᠠ ᠵᠠᠳᠠᠯᠤᠯᠲᠠ ᠬᠢᠵᠦ ᠂ ᠡᠯ᠎ᠡ ᠠᠶᠢᠮᠠᠭ ᠬᠤᠲᠠ ᠶᠢᠨ ᠬᠢᠨ ᠦᠵᠡᠯ ᠰᠠᠨᠠᠭ᠎ᠠ ᠲᠠᠨᠢᠯᠲᠠ ᠪᠠᠨ ᠪᠠᠳᠤᠳᠬᠠᠵᠤ ᠂ | ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠠᠵᠢᠯ ᠢ ᠦᠷᠭᠦᠯᠵᠢᠯᠡᠨ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ ᠴᠢᠨᠠᠷ ᠢ ᠭᠦᠨᠵᠡᠭᠡᠢ ᠣᠶᠢᠯᠠᠭᠠᠬᠤ | ᠬᠡᠷᠡᠭᠲᠡᠢ ᠃ ᠰᠠᠭᠤᠷᠢ ᠲᠤᠭ᠎ᠠ ᠨᠢ ᠳᠤᠳᠤ ᠂ ᠡᠭᠦᠷᠭᠡ ᠲᠣᠳᠣᠷᠬᠠᠢ ᠂ ᠦᠷ᠎ᠡ ᠪᠦᠲᠦᠮᠵᠢ ᠰᠠᠶᠢᠨ ᠪᠠᠶᠢᠬᠤ ᠶᠢ ᠪᠡᠶᠡᠯᠡᠬᠦᠯᠵᠤ ᠂ ᠦᠢᠯᠡᠳᠪᠦᠷᠢᠯᠡᠯ ᠠᠭᠤᠷᠬᠠᠢ ᠶᠢᠨ ᠠᠮᠢ | ᠠᠬᠤᠢ ᠶᠢ ᠰᠡᠷᠭᠦᠭᠡᠬᠦ ᠲᠣᠭᠤᠷᠢᠨ ᠳᠤ ᠂ ᠵᠠᠰᠠᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠱᠠᠲᠤ ᠱᠠᠲᠤ ᠪᠠᠷ ᠴᠢᠩᠭ᠎ᠠ ᠪᠣᠳᠠᠲᠠᠶᠢᠵᠢᠭᠤᠯᠬᠤ ᠬᠡᠷᠡᠭᠲᠡᠢ︔ | ᠲᠡᠦᠬᠡᠨ ᠠᠴᠠ ᠦᠯᠡᠳᠡᠭᠳᠡᠵᠦ ᠢᠷᠡᠭᠰᠡᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠲᠣᠭᠤᠷᠢᠨ ᠳᠤ ᠂ ᠴᠢᠬᠤᠯᠠ ᠶᠡᠭᠡ ᠳᠦᠷᠤᠯ ᠵᠤᠶᠢᠯ ᠢ ᠪᠣᠳᠠᠲᠠᠢ ᠪᠥᠭᠡᠳ | ᠨᠠᠷᠢᠯᠢᠭ ᠠᠳᠬᠤᠵᠤ ᠬᠡᠷᠡᠭᠵᠢᠭᠦᠯᠬᠦ ᠭᠡᠷᠡᠭᠳᠡᠢ ᠃ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ ᠂ ᠲᠦᠷᠦᠯ ᠵᠦᠢᠯ ᠢ ᠰᠢᠯᠭᠠᠨ ᠬᠤᠷᠢᠶᠠᠵᠤ ᠳ᠋ᠤᠭᠠᠷᠯᠠᠯ ᠠᠴᠠ | ᠬᠠᠰᠤᠬᠤ ᠶᠢ ᠠᠬᠢᠭᠤᠯᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠰᠠᠭᠤᠳᠠᠯ ᠢ ᠬᠠᠯᠠᠨ ᠰᠠᠶᠢᠵᠢᠷᠠᠭᠤᠯᠬᠤ ᠶᠢ ᠴᠢᠩᠭ᠎ᠠ ᠠᠩᠬᠠᠷᠴᠤ ᠂ ᠬᠠᠯᠠᠨ | ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ᠰᠢᠯᠭᠠᠯᠲᠠ ᠶᠢ ᠳᠠᠭᠠᠭᠠᠵᠤ ᠳᠡᠶᠢᠯᠬᠦ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | | ᠵᠢᠷᠤᠭ ᠄ ᠬᠤᠷᠠᠯ ᠳᠤ ᠣᠷᠣᠯᠴᠠᠭᠰᠠᠳ ᠯᠦᠩ ᠺᠧᠦ ᠪᠠᠯᠭᠠᠰᠤ ︱ ᠸᠠᠨ ᠵᠢᠶᠠ ᠵᠠᠢ ︱ ᠰᠢᠤᠸᠠᠢ ᠵᠢᠶᠠ ᠸᠠᠨ ᠤ ᠬᠡᠰᠡᠭ ᠤᠨ ᠬᠠᠲᠤᠨ ᠭᠤᠣᠯ ᠤᠨ ᠪᠠᠷᠠᠭᠤᠨ | ᠡᠷᠭᠢ ᠶᠢᠨ ᠭᠠᠵᠠᠷ ᠰᠢᠨᠵᠢᠯᠡᠭᠡ ᠣᠷᠴᠢᠨ ᠲᠣᠭᠤᠷᠢᠨ ᠤ ᠵᠠᠰᠠᠯᠲᠠ ᠶᠢᠨ ᠢᠨᠵᠧᠨᠧᠷᠢᠩ ᠢ ᠲᠣᠭᠤᠷᠢᠨ ᠦᠵᠡᠪᠡ ᠃ ᠼᠤᠤ ᠰᠢᠨ ᠶᠤᠸᠠᠢ ᠰᠡᠭᠦᠳᠡᠷᠯᠡᠪᠡ | | ᠬᠤᠷᠠᠯ ᠳᠡᠭᠡᠷ᠎ᠡ᠂ ᠵᠡᠭᠦᠨᠭᠠᠷ ᠬᠤᠰᠢᠭᠤᠨ ᠤ ᠯᠦᠩ ᠺᠧᠦ ᠪᠠᠯᠭᠠᠰᠤ ︱ ᠸᠠᠨ ᠵᠢᠶᠠ ᠵᠠᠢ ︱ ᠰᠢᠤᠸᠠᠢ ᠵᠢᠶᠠ ᠸᠠᠨ ᠤ ᠬᠡᠰᠡᠭ ᠤᠨ ᠬᠠᠳᠤᠨ ᠭᠤᠣᠯ ᠤᠨ | ᠪᠠᠷᠠᠭᠤᠨ ᠡᠷᠭᠢ ᠶᠢᠨ ᠭᠠᠵᠠᠷ ᠰᠢᠨᠵᠢᠯᠡᠭᠡ ᠣᠷᠴᠢᠨ ᠲᠣᠭᠤᠷᠢᠨ ᠤ ᠵᠠᠰᠠᠯᠲᠠ ᠶᠢᠨ ᠲᠦᠷᠦᠯ ᠵᠦᠢᠯ ᠳᠤ ᠂ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ | ᠮᠥᠴᠢᠷ ᠲᠠᠢ ᠬᠠᠮᠲᠤᠷᠠᠨ ᠠᠭᠤᠷᠬᠠᠢ ᠶᠢᠨ ᠠᠮᠢ ᠠᠬᠤᠢ ᠶᠢ ᠰᠡᠷᠭᠦᠭᠡᠬᠦ ᠪᠠ ᠪᠣᠬᠢᠷᠲᠤᠯ ᠢ ᠵᠠᠰᠠᠬᠤ ᠠᠵᠢᠯ ᠢ ᠬᠠᠮᠵᠢᠯᠴᠠᠨ ᠥᠷᠨᠢᠭᠦᠯᠦᠭᠰᠡᠨ ᠢ ᠨᠤᠲᠠᠯᠠᠵᠤ ᠪᠠᠶᠢᠬᠤ ᠪᠠᠨ | ᠢᠯᠡᠳᠬᠡᠪᠡ᠃ ᠵᠡᠭᠦᠨᠭᠠᠷ ᠬᠤᠰᠢᠭᠤ ᠲᠤᠰ ᠤᠳᠠᠭᠠᠨ ᠤ ᠬᠤᠷᠠᠯ ᠢᠶᠠᠷ ᠠᠵᠠ ᠲᠣᠬᠢᠶᠠᠯ ᠪᠣᠯᠭᠠᠵᠤ ᠂ ᠶᠡᠷᠦᠩᠬᠡᠢ ᠱᠦᠵᠢ ᠰᠢ ᠶᠢᠨ ᠫᠢᠩ ᠤᠨ ᠬᠠᠳᠤᠨ ᠭᠤᠣᠯ ᠤᠨ | ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠶᠢᠨ ᠶᠠᠷᠢᠯᠴᠠᠬᠤ ᠬᠤᠷᠠᠯ ᠤᠨ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠢ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠴᠢᠳᠠᠪᠤᠷᠢ ᠪᠣᠯᠣᠨ | ᠲᠦᠪᠰᠢᠨ ᠢ ᠴᠢᠨᠠᠭᠰᠢᠳᠠ ᠳᠡᠭᠡᠭᠰᠢᠯᠡᠭᠦᠯᠵᠦ ᠂ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠳᠠ ᠮᠥᠩᠭᠦᠨ ᠠᠭᠤᠯᠠ ︾ ᠶᠢᠨ ᠵᠢᠱᠢᠶ᠎ᠡ ᠦᠵᠡᠭᠦᠯᠬᠦ ᠣᠷᠣᠨ | ᠢ ᠪᠠᠶᠢᠭᠤᠯᠵᠤ ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠳᠤ ᠵᠡᠭᠦᠨᠭᠠᠷ ᠤᠨ ᠬᠤᠪᠢ | ᠨᠡᠮᠡᠷᠢ ᠶᠢ ᠦᠵᠡᠭᠦᠯᠬᠦ ᠬᠡᠷᠡᠭᠲᠡᠢ ᠭᠡᠪᠠ᠃ | | | ᠵᠢᠷᠤᠭ ᠄ ᠬᠤᠷᠠᠯ ᠳᠤ ᠣᠷᠣᠯᠴᠠᠭᠰᠠᠳ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ | ᠠᠭᠤᠷᠬᠠᠢ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢ ᠲᠣᠭᠤᠷᠢᠨ ᠦᠵᠡᠪᠡ ᠃ ᠵᠣᠣ ᠬᠤᠩ ᠶᠠᠨ ᠰᠡᠭᠦᠳᠡᠷᠯᠡᠪᠡ | | ᠬᠤᠷᠠᠯ ᠠᠴᠠ ᠡᠮᠦᠨ᠎ᠡ᠂ ᠬᠤᠷᠠᠯ ᠳᠤ ᠣᠷᠣᠯᠴᠠᠭᠰᠠᠳ ᠪᠠᠰᠠ ᠯᠦᠩ ᠺᠧᠦ ᠪᠠᠯᠭᠠᠰᠤ ︱ ᠸᠠᠨ ᠵᠢᠶᠠ ᠵᠠᠢ ︱ ᠰᠢᠤᠸᠠᠢ ᠵᠢᠶᠠ ᠸᠠᠨ ᠤ ᠬᠡᠰᠡᠭ ᠤᠨ ᠬᠠᠳᠤᠨ | ᠭᠤᠣᠯ ᠤᠨ ᠪᠠᠷᠠᠭᠤᠨ ᠡᠷᠭᠢ ᠶᠢᠨ ᠭᠠᠵᠠᠷ ᠰᠢᠨᠵᠢᠯᠡᠭᠡ ᠣᠷᠴᠢᠨ ᠲᠣᠭᠤᠷᠢᠨ ᠤ ᠵᠠᠰᠠᠯᠲᠠ ᠶᠢᠨ ᠢᠨᠵᠧᠨᠧᠷᠢᠩ ᠪᠣᠯᠣᠨ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ | ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ | ᠬᠦᠷᠴᠦ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠡᠢ᠃ | ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠂ ᠥᠪᠡᠷᠲᠡᠭᠡᠨ ᠵᠠᠰᠠᠬᠤ ᠣᠷᠣᠨ ᠤ ᠠᠮᠢ ᠠᠬᠤᠢ ᠣᠷᠴᠢᠨ ᠲᠣᠭᠤᠷᠢᠨ ᠤ | ᠲᠢᠩᠬᠢᠮ ᠤᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠂ ᠬᠠᠲᠤᠨ ᠭᠤᠣᠯ ᠳᠠᠭᠠᠤ ᠠᠶᠢᠮᠠᠭ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠂ ᠠᠮᠢ | ᠠᠬᠤᠢ ᠣᠷᠴᠢᠨ ᠲᠣᠭᠤᠷᠢᠨ ᠤ ᠲᠣᠪᠴᠢᠶ᠎ᠠ ᠶᠢᠨ ᠬᠤᠯᠪᠤᠬᠳᠠᠯ ᠪᠦᠬᠦᠢ ᠬᠠᠷᠢᠭᠤᠴᠠᠯᠭᠠᠲᠠᠨ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ | ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠦ᠋ ᠰᠢᠦᠢ ᠳ᠋ᠦᠩ ᠵᠢᠴᠢ ᠬᠤᠰᠢᠭᠤᠨ ᠤ ᠰᠢᠭᠤᠳ ᠬᠠᠷᠢᠶ᠎ᠠ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠢ ᠃ | |