| | ᠲᠦᠷᠦᠭᠦᠬᠡᠨ ᠂ ᠵᠡᠭᠦᠨᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠦ᠋ ᠵᠢᠶᠠ ᠶᠣᠣ ᠲᠣᠰᠬᠤᠨ ᠤ ᠵᠥᠩ ᠲᠢᠶᠠᠨ ︵ ᠵᠡᠭᠦᠨᠭᠠᠷ ᠬᠤᠰᠢᠭᠤ ︶ ᠣᠲᠣ | ᠦᠶ᠎ᠡ ᠶᠢᠨ ᠣᠶᠤᠨᠴᠢ ᠲᠥᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠳᠤ ᠂ 5700 ᠰᠠᠭᠤᠷᠢ ᠰᠢᠷᠣᠢ ᠦᠭᠡᠢ ᠪᠠᠷ ᠳᠠᠷᠢᠵᠤ | ᠪᠣᠶᠢᠵᠢᠭᠤᠯᠤᠭᠰᠠᠨ ︽ ᠰᠠᠨᠰᠠᠷ ᠤᠨ ᠲᠥᠪᠡᠳ ᠬᠠᠰᠢ ᠶᠢᠨ ᠴᠢᠬᠢ ︾ ᠢᠳᠡᠷᠡᠭᠦᠨ ᠢᠶᠠᠷ ᠦᠰᠦᠨ ᠪᠣᠶᠢᠵᠢᠵᠤ ᠪᠠᠶᠢᠯ᠎ᠠ ᠃ ᠡᠲᠡᠭᠡᠷ ︽ ᠰᠠᠨᠰᠠᠷ ᠤᠨ ᠲᠥᠪᠡᠳ | ᠬᠠᠰᠢ ᠶᠢᠨ ᠴᠢᠬᠢ ︾ ᠡᠨᠡ ᠵᠢᠯ ᠤᠨ 8 ᠰᠠᠷ᠎ᠠ ᠶᠢᠨ ᠡᠬᠢ ᠪᠠᠷ ᠵᠡᠭᠦᠨᠭᠠᠷ ᠬᠤᠰᠢᠭᠤᠨ ᠤ ᠦ᠋ ᠵᠢᠶᠠ ᠶᠣᠣ ᠲᠣᠰᠬᠤᠨ ᠳᠤ ᠠᠩᠬ᠎ᠠ ᠤᠳᠠᠭ᠎ᠠ ᠨᠤᠲᠤᠭᠰᠢᠪᠠ ᠂ ᠬᠤᠶᠠᠷ | ᠰᠠᠷ᠎ᠠ ᠰᠢᠬᠠᠮ ᠤᠨ ᠬᠤᠭᠤᠴᠠᠭ᠎ᠠ ᠶᠢ ᠥᠩᠭᠡᠷᠡᠭᠡᠭᠡᠳ ᠂ ︽ ᠰᠠᠨᠰᠠᠷ ᠤᠨ ᠴᠢᠬᠢ ︾ ᠨᠢ 10 ᠬᠡᠳᠦᠨ ᠰᠠᠨᠲ᠋ᠢᠮᠧᠲᠷ ᠪᠠᠶᠢᠭᠰᠠᠨ ᠠᠴᠠ ᠪᠠᠨ 100 ᠭᠠᠷᠤᠢ ᠰᠠᠨᠲ᠋ᠢᠮᠧᠲᠷ | ᠪᠣᠯᠵᠤ ᠤᠷᠭᠤᠬᠰᠠᠨ ᠢᠶᠠᠷ ᠪᠠᠷᠠᠬᠤ ᠦᠭᠡᠢ ᠦᠯᠡᠮᠵᠢᠭᠡᠨ ᠵᠢᠮᠢᠰ ᠰᠠᠭᠤᠵᠤ ᠂ ᠬᠤᠶᠠᠷ ᠳᠠᠪᠬᠤᠷ ᠵᠢᠮᠢᠰ ᠳᠦᠭᠦᠷᠲᠡᠯ᠎ᠡ ᠡᠯᠭᠦᠭᠳᠡᠨ ᠂ ᠵᠢᠮᠢᠰ ᠰᠠᠭᠤᠬᠰᠠᠨ ᠨᠣᠷᠮ᠎ᠠ ᠨᠢ | ᠳᠠᠪᠬᠤᠷᠭ᠎ᠠ ᠪᠦᠷᠢ ᠳᠤ 4 ︱ 5 ᠪᠠᠶᠢᠵᠤ ᠂ ︽ ᠰᠠᠨᠰᠠᠷ ᠤᠨ ᠲᠥᠪᠡᠳ ᠬᠠᠰᠢ ︾ ᠶᠢᠨ ᠵᠢᠱᠢᠭᠰᠡᠨ ᠲᠤᠷᠰᠢᠯᠲᠠ ᠶᠢᠨ ᠬᠠᠷᠠᠯᠲᠠ ᠶᠢ ᠠᠩᠬ᠎ᠠ ᠠᠯᠬᠤᠮ ᠪᠡᠶᠡᠯᠡᠭᠦᠯᠪᠡ ᠃ | | | ᠵᠢᠷᠤᠭ ᠄ ︽ᠰᠠᠨᠰᠠᠷ ᠤᠨ ᠲᠥᠪᠡᠳ ᠬᠠᠰᠢ︾ ᠶᠢᠨ ᠲᠠᠷᠢᠮᠠᠯ ᠤᠨ ᠬᠦᠯᠡᠮᠵᠢ᠃ ᠾᠧ ᠷᠦᠨ ᠰᠡᠭᠦᠳᠡᠷᠯᠡᠪᠡ | | ᠵᠢᠷᠤᠭ ᠄ ︽ ᠰᠠᠨᠰᠠᠷ ᠤᠨ ᠲᠥᠪᠡᠳ ᠬᠠᠰᠢ︾ ᠨᠢ ᠳᠤᠮᠳᠠᠴᠢ ᠪᠠᠷ ᠰᠠᠭᠤᠷᠢ ᠪᠤᠯᠭᠠᠨ ᠳᠤ 4 —5 ᠵᠢᠮᠢᠰ ᠰᠠᠭᠤᠵᠠᠢ ᠃ ᠾᠧ ᠷᠦᠨ ᠰᠡᠭᠦᠳᠡᠷᠯᠡᠪᠡ | | ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ ᠂ ᠡᠨᠡ ᠬᠦ 5700 ᠰᠠᠭᠤᠷᠢ ︽ ᠰᠠᠨᠰᠠᠷ ᠤᠨ ᠲᠥᠪᠡᠳ ᠬᠠᠰᠢ ︾ ᠶᠢ ︽ ᠬᠠᠩ ᠹᠧᠨ ᠥᠨᠳᠥᠷ ᠰᠢᠬᠢᠷ ︾ | ᠪᠠ ︽ ᠬᠠᠩ ᠹᠧᠨ ᠥᠨᠳᠥᠷ ᠰᠢᠬᠢᠷ 2 ᠨᠤᠮᠧᠷᠳᠤ ︾ ᠭᠡᠵᠦ ᠬᠤᠶᠠᠷ ᠲᠥᠷᠥᠯ ᠳᠤ ᠬᠤᠪᠢᠶᠠᠵᠤ ᠂ ᠰᠠᠨᠰᠠᠷ ᠤᠨ ᠠᠶᠠᠯᠠᠯ ᠢᠶᠠᠷ ᠳᠡᠮᠵᠢᠨ ᠠᠮᠵᠢᠯᠲᠠ ᠲᠠᠢ ᠪᠠᠷ | ᠰᠣᠩᠭᠤᠨ ᠪᠣᠶᠢᠵᠢᠭᠤᠯᠤᠭᠰᠠᠨ ︽ ᠰᠠᠨᠰᠠᠷ ᠤᠨ ᠲᠥᠪᠡᠳ ᠬᠠᠰᠢ ︾ ᠶᠢᠨ ᠰᠢᠷᠢᠰ ᠲᠥᠷᠥᠯ ᠵᠦᠢᠯ ᠪᠠᠶᠢᠵᠤ ᠂ ᠡᠰᠡᠷᠭᠦᠴᠡᠬᠦ ᠴᠢᠨᠠᠷ ᠢᠶᠠᠷ ᠴᠢᠩᠭ᠎ᠠ ᠂ ᠤᠨᠠᠯᠳᠠ | ᠥᠨᠳᠥᠷ ᠂ ᠠᠮᠲᠠ ᠰᠠᠶᠢᠲᠠᠢ ᠵᠡᠷᠭᠡ ᠣᠨᠴᠠᠯᠢᠭ ᠲᠠᠢ ᠪᠠᠶᠢᠳᠠᠭ ᠃ ︽ ᠰᠠᠨᠰᠠᠷ ᠤᠨ ᠲᠥᠪᠡᠳ ᠬᠠᠰᠢ ᠶᠢᠨ ᠴᠢᠬᠢ ︾ ᠶᠢ ᠡᠯᠡᠰᠦᠨ ᠳᠤ ᠰᠠᠭᠤᠯᠭᠠᠵᠤ ᠵᠠᠶᠢᠯᠠᠬᠤ ᠰᠢᠨ᠎ᠡ | ᠮᠠᠶ᠋ᠢᠭ ᠤᠨ ᠮᠡᠷᠭᠡᠵᠢᠯ ᠢ ᠬᠡᠷᠡᠭᠯᠡᠪᠠ ᠂ ᠦᠢᠯᠡᠳᠪᠦᠷᠢᠯᠡᠯ ᠤᠨ ᠥᠪᠡᠷ ᠤᠨ ᠥᠷᠲᠡᠭ ᠨᠢ ᠳᠣᠣᠷ᠎ᠠ ᠂ ᠣᠷᠴᠢᠨ ᠳᠤᠭᠤᠷᠢᠨ ᠢ ᠬᠠᠮᠠᠭᠠᠯᠠᠬᠤ ᠂ ᠬᠥᠷᠥᠰᠥ ᠰᠢᠷᠣᠢ ᠠᠴᠠ | ᠬᠠᠯᠳᠠᠪᠤᠷᠢᠯᠠᠬᠤ ᠡᠪᠡᠳᠴᠢᠨ ᠤ ᠬᠥᠨᠥᠭᠡᠯ ᠤᠨ ᠲᠦᠭᠰᠢᠭᠦᠷᠢ ᠶᠢ ᠪᠠᠭᠤᠷᠠᠭᠤᠯᠬᠤ ᠵᠡᠷᠭᠡ ᠳᠠᠪᠠᠭᠤᠯᠢᠭ ᠲᠠᠯ᠎ᠠ ᠲᠠᠢ ᠪᠠᠶᠢᠳᠠᠭ ᠂ ᠡᠭᠦᠨ ᠤ ᠵᠡᠷᠭᠡ ᠳᠤ ᠤᠰᠤ | ᠪᠣᠷᠳᠣᠭᠤᠷ ᠤᠨ ᠣᠶᠤᠨᠴᠢ ᠨᠢᠭᠡ ᠴᠣᠭᠴᠠᠵᠢᠭᠰᠠᠨ ᠲᠥᠬᠦᠭᠡᠷᠦᠮᠵᠢ ᠶᠢ ᠲᠣᠬᠢᠷᠠᠭᠤᠯᠵᠤ ᠂ ᠠᠵᠢᠯᠯᠠᠬᠤ ᠬᠥᠮᠥᠨ ᠦᠭᠡᠢ ᠂ ᠳᠤᠯᠠᠭᠠᠨ ᠤ ᠬᠡᠮᠵᠢᠶ᠎ᠡ ᠂ ᠴᠢᠭᠢᠭ ᠤᠨ | ᠬᠡᠮᠵᠢᠶ᠎ᠡ ᠂ ᠤᠰᠤ ᠪᠣᠷᠳᠣᠭᠤᠷ ᠤᠨ ᠬᠠᠩᠭᠠᠯᠭ᠎ᠠ ᠶᠢ ᠠᠦ᠋ᠲ᠋ᠣᠴᠢᠯᠠᠨ ᠡᠵᠡᠮᠳᠡᠬᠦ ᠶᠢ ᠪᠡᠶᠡᠯᠡᠭᠦᠯᠦᠭᠰᠡᠨ ᠪᠠᠶᠢᠨ᠎ᠠ ᠃ | | | ᠵᠢᠷᠤᠭ ᠄ ︽ᠰᠠᠨᠰᠠᠷ ᠤᠨ ᠲᠥᠪᠡᠳ ᠬᠠᠰᠢ︾ ᠶᠢ ᠡᠯᠡᠰᠦᠨ ᠳᠤ ᠰᠠᠭᠤᠯᠭᠠᠵᠤ ᠵᠠᠶᠢᠯᠠᠬᠤ ᠮᠡᠷᠭᠡᠵᠢᠯ ᠢ ᠬᠡᠷᠡᠭᠯᠡᠪᠡ᠃ ᠾᠧ ᠷᠦᠨ ᠰᠡᠭᠦᠳᠡᠷᠯᠡᠪᠡ | | ᠵᠢᠷᠤᠭ ᠄ ︽ᠰᠠᠨᠰᠠᠷ ᠤᠨ ᠲᠥᠪᠡᠳ ᠬᠠᠰᠢ︾ ᠳᠤ ᠤᠰᠤ ᠪᠣᠷᠳᠣᠭᠤᠷ ᠤᠨ ᠣᠶᠤᠨᠴᠢᠯᠠᠭᠰᠠᠨ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠵᠡᠢ᠃ ᠾᠧ ᠷᠦᠨ | ᠰᠡᠭᠦᠳᠡᠷᠯᠡᠪᠡ | | ︽ᠰᠠᠨᠰᠠᠷ ᠤᠨ ᠲᠥᠪᠡᠳ ᠬᠠᠰᠢ︾ ᠶᠢᠨ ᠬᠦᠯᠡᠮᠵᠢ ᠳᠤ ᠂ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠤᠸᠠᠢ ᠵᠢᠶᠠ ᠸᠠᠨ ᠤ ᠴᠠᠬᠢᠯᠭᠠᠨ | ᠬᠠᠩᠭᠠᠬᠤ ᠺᠣᠮᠫᠠᠨᠢ ᠶᠢᠨ ᠠᠵᠢᠯᠲᠠᠨ ᠬᠦᠯᠡᠮᠵᠢ ᠶᠢᠨ ᠳᠣᠲᠣᠷᠠᠬᠢ ᠴᠠᠬᠢᠯᠭᠠᠨ ᠱᠤᠭᠤᠮ ᠵᠢᠴᠢ ᠴᠠᠬᠢᠯᠭᠠᠨ ᠬᠦᠴᠦᠨ ᠤ ᠲᠥᠬᠦᠭᠡᠷᠦᠮᠵᠢ ᠳᠤ ᠠᠮᠤᠷ ᠲᠦᠪᠰᠢᠨ ᠤ | ᠴᠠᠬᠢᠯᠭᠠᠨ ᠬᠡᠷᠡᠭᠯᠡᠯᠲᠡ ᠶᠢᠨ ᠪᠠᠶᠢᠴᠠᠭᠠᠯᠲᠠ ᠬᠢᠵᠦ ᠪᠠᠶᠢᠯ᠎ᠠ᠃ ᠥᠪᠥᠷ ᠮᠣᠩᠭᠤᠯ ᠤᠨ ᠴᠠᠬᠢᠯᠭᠠᠨ ᠬᠦᠴᠦᠨ ᠤ ᠪᠦᠯᠦᠭᠯᠡᠯ ᠤᠨ ᠰᠢᠤᠸᠠᠢ ᠵᠢᠶᠠ ᠸᠠᠨ ᠤ ᠳ᠋ᠠ ᠯᠦ | ᠴᠠᠬᠢᠯᠭᠠᠨ ᠬᠠᠩᠭᠠᠬᠤ ᠺᠣᠮᠫᠠᠨᠢ ᠶᠢᠨ ᠳᠡᠳ᠋ ᠳᠠᠭᠠᠭᠠᠮᠠᠯ ᠵᠢᠢ ᠵᠧ ᠶᠢᠨ ᠲᠠᠨᠢᠯᠴᠠᠭᠤᠯᠤᠭᠰᠠᠨ ᠢᠶᠠᠷ ᠂ ︽ ᠰᠠᠨᠰᠠᠷ ᠤᠨ ᠲᠥᠪᠡᠳ ᠬᠠᠰᠢ ᠶᠢᠨ ᠴᠢᠬᠢ ︾ ᠶᠢᠨ ᠲᠠᠷᠢᠮᠠᠯ ᠤᠨ | ᠬᠦᠯᠡᠮᠵᠢ ᠳᠤ ᠠᠦ᠋ᠲ᠋ᠤ᠋ ᠤᠰᠤ ᠪᠣᠷᠳᠣᠭᠤᠷ ᠢ ᠨᠢᠭᠡ ᠴᠣᠭᠴᠠᠵᠢᠭᠤᠯᠬᠤ ᠲᠥᠬᠦᠭᠡᠷᠦᠮᠵᠢ ᠲᠠᠢ ᠪᠠᠶᠢᠵᠤ ᠂ ᠴᠠᠬᠢᠯᠭᠠᠨ ᠬᠦᠴᠦᠨ ᠤ ᠲᠥᠬᠦᠭᠡᠷᠦᠮᠵᠢ ᠶᠢᠨ ᠨᠠᠶᠢᠳᠠᠪᠤᠷᠢᠲᠤ | ᠴᠢᠨᠠᠷ ᠵᠢᠴᠢ ᠴᠠᠬᠢᠯᠭᠠᠨ ᠬᠠᠩᠭᠠᠯᠭ᠎ᠠ ᠶᠢᠨ ᠲᠣᠭᠲᠠᠪᠤᠷᠢᠲᠤ ᠴᠢᠨᠠᠷ ᠤᠨ ᠲᠠᠯ᠎ᠠ ᠪᠠᠷ ᠬᠢ ᠱᠠᠭᠠᠷᠳᠠᠯᠭ᠎ᠠ ᠮᠠᠰᠢ ᠥᠨᠳᠥᠷ ᠪᠠᠶᠢᠵᠤ ᠂ ᠴᠠᠬᠢᠯᠭᠠᠨ ᠬᠠᠩᠭᠠᠬᠤ ᠺᠣᠮᠫᠠᠨᠢ ᠶᠢᠨ | ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ︽ ᠰᠠᠨᠰᠠᠷ ᠤᠨ ᠴᠢᠬᠢ ︾ ᠶᠢ ᠨᠤᠳᠤᠬᠰᠢᠭᠤᠯᠤᠬᠰᠠᠨ ᠤ ᠳᠠᠷᠠᠭ᠎ᠠ ᠂ ᠠᠵᠢᠯ ᠤᠶᠢᠯᠡᠰ ᠢᠶᠠᠨ ᠥᠷᠭᠡᠳᠬᠡᠨ ᠴᠠᠬᠢᠯᠭᠠᠨ | ᠮᠡᠳᠡᠭᠡ ᠶᠢᠨ ᠳᠤᠨᠤᠬᠯᠠᠯ ᠤᠭᠰᠠᠷᠠᠬᠤ ᠂ ᠠᠮᠤᠷ ᠲᠦᠪᠰᠢᠨ ᠤ ᠪᠠᠶᠢᠴᠠᠭᠠᠯᠲᠠ ᠂ ᠴᠠᠬᠢᠯᠭᠠᠨ ᠬᠡᠷᠡᠭᠯᠡᠯᠲᠡ ᠶᠢᠨ ᠵᠢᠯᠣᠭᠤᠳᠤᠯᠭ᠎ᠠ ᠵᠡᠷᠭᠡ ᠴᠠᠬᠢᠯᠭᠠᠨ ᠬᠠᠩᠭᠠᠬᠤ | ᠦᠢᠯᠡᠴᠢᠯᠡᠭᠡ ᠶᠢ ᠥᠷᠨᠢᠭᠦᠯᠦᠭᠰᠡᠨ ᠤ ᠬᠠᠮᠲᠤ ᠂ ︽ ᠦᠪᠤᠷ ᠮᠤᠩᠭᠤᠯ ᠤᠨ ᠴᠠᠬᠢᠯᠭᠠᠨ ᠬᠦᠴᠤᠨ ᠤ ᠬᠠᠶᠢᠷ᠎ᠠ ᠬᠠᠯᠠᠮᠵᠢ ᠶᠢᠨ ᠬᠡᠷᠡᠯ ᠭᠡᠭᠡ ᠶᠢᠨ ᠠᠶᠠᠯᠠᠯ ︾ ᠤᠨ | ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ ᠂ ᠲᠣᠭᠲᠠᠭᠰᠠᠨ ᠬᠤᠭᠤᠴᠠᠭ᠎ᠠ ᠲᠠᠢ ᠪᠠᠷ ᠬᠡᠷᠡᠭᠴᠡᠭᠡ ᠱᠠᠭᠠᠷᠳᠠᠯᠭ᠎ᠠ ᠶᠢ | ᠠᠰᠠᠭᠤᠨ ᠯᠠᠪᠯᠠᠵᠤ ᠂ ︽ ᠰᠠᠨᠰᠠᠷ ᠤᠨ ᠲᠥᠪᠡᠳ ᠬᠠᠰᠢ ᠶᠢᠨ ᠴᠢᠬᠢ ︾ ᠶᠢ ᠳᠠᠷᠢᠬᠤ ᠳᠤ ᠬᠡᠷᠡᠭᠯᠡᠬᠦ ᠴᠠᠬᠢᠯᠭᠠᠨ ᠤ ᠬᠡᠷᠡᠭᠴᠡᠭᠡ ᠶᠢ ᠪᠥᠬᠦ ᠬᠦᠴᠦᠨ ᠢᠶᠠᠷ ᠢᠶᠠᠨ | ᠪᠠᠲᠤᠯᠠᠵᠤ ᠪᠠᠶᠢᠨ᠎ᠠ ᠭᠡᠬᠦ ᠶᠤᠮ ᠃ | | ᠵᠢᠷᠤᠭ ᠄ ᠴᠠᠬᠢᠯᠭᠠᠨ ᠬᠠᠩᠭᠠᠬᠤ ᠠᠵᠢᠯᠲᠠᠳ ᠲᠠᠷᠢᠮᠠᠯ ᠤᠨ ᠬᠦᠷᠢᠶᠡᠯᠡᠩ ᠤᠨ ᠠᠭᠠᠷ ᠳᠡᠭᠡᠷᠡᠬᠢ ᠬᠡᠯᠬᠢᠶ᠎ᠡ ᠲᠠᠰᠤᠯᠤᠭᠤᠷ ᠤᠨ ᠣᠷᠣᠵᠤ ᠭᠠᠷᠬᠤ ᠤᠲᠠᠰᠤᠨ ᠤ | ᠵᠠᠯᠭᠠᠰᠤ ᠳᠤ ᠳᠤᠯᠠᠭᠠᠨ ᠢ ᠬᠡᠮᠵᠢᠵᠤ ᠪᠠᠶᠢᠭ᠎ᠠ ᠨᠢ ᠃ ᠾᠧ ᠷᠦᠨ ᠰᠡᠭᠦᠳᠡᠷᠯᠡᠪᠡ | | | | ᠵᠢᠷᠤᠭ ᠄ ᠴᠠᠬᠢᠯᠭᠠᠨ ᠬᠠᠩᠭᠠᠬᠤ ᠠᠵᠢᠯᠲᠠᠳ ᠲᠠᠷᠢᠮᠠᠯ ᠤᠨ ᠬᠦᠯᠡᠮᠵᠢ ᠶᠢᠨ ᠳᠣᠲᠣᠷᠠᠬᠢ ᠴᠠᠬᠢᠯᠭᠠᠨ ᠱᠤᠭᠤᠮ ᠵᠢᠴᠢ ᠴᠠᠬᠢᠯᠭᠠᠨ ᠬᠦᠴᠦᠨ ᠤ ᠲᠥᠬᠦᠭᠡᠷᠦᠮᠵᠢ ᠳᠤ | ᠠᠶᠤᠯᠭᠦᠢ ᠪᠠᠷ ᠬᠡᠷᠡᠭᠯᠡᠬᠦ ᠪᠠᠶᠢᠴᠠᠭᠠᠯᠲᠠ ᠬᠢᠵᠤ ᠪᠠᠶᠢᠭ᠎ᠠ ᠨᠢ ᠃ ᠾᠧ ᠷᠦᠨ ᠰᠡᠭᠦᠳᠡᠷᠯᠡᠪᠡ | | ᠦᠷ᠎ᠡ ᠪᠣᠯ ᠲᠠᠷᠢᠶᠠᠯᠠᠩ ᠤᠨ ︽ ᠴᠢᠫ ︾ ᠮᠥᠨ ᠂ ᠨᠢᠭᠡ ᠮᠥᠬᠦᠯᠢᠭ ᠲᠥᠪᠡᠳ ᠬᠠᠰᠢ ᠶᠢᠨ ᠦᠷ᠎ᠡ ᠤᠷᠢᠳ ᠢᠶᠠᠷ ︽ ᠰᠠᠨᠰᠠᠷ ᠲᠤ ᠭᠠᠷᠴᠤ ︾ ᠂ ᠳᠠᠷᠠᠭ᠎ᠠ ᠨᠢ ︽ | ᠭᠠᠵᠠᠷ ᠲᠤ ᠣᠷᠣᠵᠤ ︾ ᠂ ᠳᠠᠷᠠᠭ᠎ᠠ ᠨᠢ ᠡᠯᠪᠡᠭ ᠳᠡᠯᠪᠡᠭ ᠦᠷ᠎ᠡ ᠵᠢᠮᠢᠰ ᠰᠠᠭᠤᠨ᠎ᠠ ᠂ ᠡᠨᠡ ᠪᠣᠯ ᠨᠢᠭᠡᠨ ᠪᠡᠷᠬᠡ ᠬᠠᠲᠠᠭᠤᠵᠢᠯᠲᠠᠢ ᠥᠩᠭᠡᠷᠡᠯᠲᠡ ᠶᠤᠮ ᠂ ᠡᠭᠦᠨ ᠳᠤ | ᠬᠤᠯᠪᠤᠬᠳᠠᠯ ᠪᠦᠬᠦᠢ ᠮᠡᠷᠭᠡᠵᠢᠯ ᠤᠨ ᠠᠵᠢᠯᠲᠠᠨ ᠤ ᠡᠳᠦᠷ ᠰᠥᠨᠢ ᠦᠭᠡᠢ ᠠᠵᠢᠭᠯᠠᠬᠤ ᠂ ᠪᠣᠶᠢᠵᠢᠭᠤᠯᠬᠤ ᠂ ᠰᠢᠯᠭᠠᠨ ᠪᠠᠲᠤᠯᠠᠬᠤ ᠵᠢᠴᠢ ᠤᠰᠤ ᠴᠠᠬᠢᠯᠭᠠᠨ ᠵᠡᠷᠭᠡ ᠡᠯ᠎ᠡ | ᠲᠠᠯ᠎ᠠ ᠶᠢᠨ ᠪᠠᠲᠤᠯᠠᠭ᠎ᠠ ᠶᠢ ᠨᠢᠭᠲᠠᠷᠠᠭᠤᠯᠵᠤ ᠪᠠᠶᠢᠳᠠᠭ ᠃ ᠵᠥᠩ ᠲᠢᠶᠠᠨ ︵ ᠵᠡᠭᠦᠨᠭᠠᠷ ᠬᠤᠰᠢᠭᠤ ︶ ᠣᠲᠣ ᠦᠶ᠎ᠡ ᠶᠢᠨ ᠣᠶᠤᠨᠴᠢ ᠲᠥᠬᠦᠭᠡᠷᠦᠮᠵᠢᠳᠤ ᠲᠠᠷᠢᠶᠠᠯᠠᠩ ᠤᠨ | ᠠᠵᠤ ᠦᠢᠯᠡᠰ ᠤᠨ ᠬᠦᠷᠢᠶᠡᠯᠡᠩ ᠤᠨ ᠡᠵᠡᠩᠨᠡᠯᠲᠡ ᠶᠢᠨ ᠳᠠᠭᠠᠭᠠᠮᠠᠯ ᠶᠠᠩ ᠴᠠᠩ ᠱᠧᠩ ᠬᠡᠯᠡᠬᠦ ᠳᠡᠭᠡᠨ ᠄ ︽ ᠣᠶᠢᠷ᠎ᠠ ᠶᠢᠨ ᠬᠤᠶᠠᠷ ᠰᠠᠷ᠎ᠠ ᠶᠢᠨ ᠬᠤᠭᠤᠴᠠᠭᠠᠨ ᠳᠤ ᠂ | ᠥᠪᠥᠷ ᠮᠣᠩᠭᠤᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠭᠠᠨ ᠤ ᠬᠦᠷᠢᠶᠡᠯᠡᠩ ᠤᠨ ᠮᠡᠷᠭᠡᠵᠢᠯᠲᠡᠨ ᠡᠳᠦᠷ ᠪᠦᠷᠢ ᠬᠦᠯᠡᠮᠵᠢᠨ ᠳᠤ ᠠᠵᠢᠯ ᠵᠢᠯᠤᠭᠤᠳᠴᠤ ᠂ | ᠴᠠᠬᠢᠯᠭᠠᠨ ᠬᠠᠩᠭᠠᠬᠤ ᠺᠣᠮᠫᠠᠨᠢ ᠶᠢᠨ ᠠᠵᠢᠯᠲᠠᠨ ᠴᠤ ᠬᠡᠵᠢᠶ᠎ᠡ ᠳᠠᠭᠤᠳᠠᠪᠠᠯ ᠬᠡᠵᠢᠶ᠎ᠡ ᠢᠷᠡᠳᠡᠭ ᠃ ᠣᠲᠣ ᠪᠣᠯᠲᠠᠯ᠎ᠠ ᠂ ᠤᠰᠤ ᠪᠣᠷᠳᠣᠭᠤᠷ ᠂ ᠳᠤᠯᠠᠭᠠᠨ ᠤ ᠬᠡᠮᠵᠢᠶ᠎ᠡ ᠂ | ᠴᠢᠭᠢᠭᠲᠦᠴᠡ ᠂ ᠬᠡᠷᠡᠯ ᠤᠨ ᠲᠤᠰᠤᠯᠲᠠ ᠶᠢᠨ ᠡᠳᠦᠷ ᠲᠤᠲᠤᠮ ᠤᠨ ᠬᠠᠮᠢᠶᠠᠷᠤᠯᠲᠠ ᠶᠢ ᠭᠤᠣᠯᠳᠠᠯᠭ᠎ᠠ ᠲᠠᠢ ᠬᠠᠮᠢᠶᠠᠷᠤᠨ ᠡᠵᠡᠮᠳᠡᠵᠤ ᠂ ᠤᠰᠤᠯᠠᠬᠤ ᠂ ᠪᠣᠷᠳᠣᠭᠤᠷ | ᠣᠷᠣᠭᠤᠯᠬᠤ ᠂ ᠴᠡᠴᠡᠭᠯᠡᠬᠦ ᠬᠤᠭᠤᠴᠠᠭᠠᠨ ᠤ ᠬᠠᠮᠢᠶᠠᠷᠤᠯᠲᠠ ᠵᠡᠷᠭᠡ ᠬᠠᠮᠢᠶᠠᠷᠤᠨ ᠬᠠᠮᠠᠭᠠᠯᠠᠬᠤ ᠲᠠᠯ᠎ᠠ ᠶᠢᠨ ᠠᠩᠬ᠎ᠠ ᠠᠯᠬᠤᠮ ᠤᠨ ᠳᠦᠷᠢᠮ ᠲᠣᠭᠲᠠᠭᠠᠯ ᠪᠣᠶ ᠪᠣᠯᠵᠠᠢ ︾ | ᠭᠡᠬᠦ ᠶᠤᠮ ᠃ | | ᠵᠢᠷᠤᠭ ᠄ ᠵᠥᠩ ᠲᠢᠶᠠᠨ ︵ ᠵᠡᠭᠦᠨᠭᠠᠷ ᠬᠤᠰᠢᠭᠤ ︶ ᠣᠲᠣ ᠦᠶ᠎ᠡ ᠶᠢᠨ ᠣᠶᠤᠨᠴᠢ ᠲᠥᠬᠦᠭᠡᠷᠦᠮᠵᠢᠳᠤ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ ᠤᠨ ᠨᠢᠭᠡ | ᠥᠨᠴᠥᠭ ᠪᠤᠯᠤᠨ᠎ᠠ ᠃ ᠾᠧ ᠷᠦᠨ ᠰᠡᠭᠦᠳᠡᠷᠯᠡᠪᠡ | | ︽ ᠣᠳᠣᠬᠠᠨ ᠳᠤ ᠂ ᠬᠤᠶᠠᠳᠤᠭᠠᠷ ᠳᠠᠪᠬᠤᠷᠭ᠎ᠠ ᠶᠢᠨ ᠵᠢᠮᠢᠰ ᠪᠦᠬᠦᠨ ᠢᠶᠠᠷ ᠢᠶᠠᠨ ᠰᠠᠭᠤᠯᠴᠠᠵᠤ ᠂ ᠭᠤᠷᠪᠠᠳᠤᠭᠠᠷ ᠳᠠᠪᠬᠤᠷᠭ᠎ᠠ ᠶᠢᠨ ᠵᠢᠮᠢᠰ ᠂ ᠳᠥᠷᠪᠡᠳᠦᠭᠡᠷ | ᠳᠠᠪᠬᠤᠷᠭ᠎ᠠ ᠶᠢᠨ ᠵᠢᠮᠢᠰ ᠶᠠᠭ ᠰᠠᠶᠢᠬᠠᠨ ᠳᠤᠭᠤᠰᠤ ᠰᠦᠷᠴᠢᠬᠦ ᠬᠠᠮᠢᠶᠠᠷᠤᠯᠳᠠ ᠳᠤ ᠪᠠᠶᠢᠵᠤ ᠂ ᠪᠦᠬᠦᠯᠢ ᠴᠣᠭᠴᠠ ᠶᠢᠨ ᠦᠷ᠎ᠡ ᠪᠦᠲᠦᠮᠵᠢ ᠨᠢ ᠮᠠᠰᠢ ᠰᠠᠶᠢᠨ | ᠪᠠᠶᠢᠨ᠎ᠠ ᠂ ᠲᠠᠪᠤᠳᠤᠭᠠᠷ ᠳᠠᠪᠬᠤᠷᠭ᠎ᠠ ᠶᠢᠨ ᠵᠢᠮᠢᠰ ᠪᠦᠬᠦᠨ ᠢᠶᠠᠷ ᠢᠶᠠᠨ ᠰᠠᠭᠤᠯᠴᠠᠬᠰᠠᠨ ᠤ ᠳᠠᠷᠠᠭ᠎ᠠ ᠂ ᠪᠢᠳᠡ ᠳᠠᠭᠢᠵᠤ ᠳᠦᠷᠤᠯ ᠵᠤᠶᠢᠯ ᠪᠠ ᠤᠨᠠᠯᠳᠠ ᠶᠢᠨ ᠬᠠᠮᠤᠭ | ᠡᠴᠦᠰ ᠤᠨ ᠵᠢᠱᠢᠶ᠎ᠡ ᠦᠵᠡᠭᠦᠯᠦᠨ᠎ᠡ ᠃ ᠵᠢᠱᠢᠯᠲᠡ ᠪᠠᠷ 10 ᠰᠠᠷ᠎ᠠ ᠶᠢᠨ ᠰᠡᠬᠦᠯᠴᠢ ᠪᠠᠷ ᠠᠩᠬᠠᠨ ᠤ ᠪᠦᠯᠦᠭ ︿ ᠰᠠᠨᠰᠠᠷ ᠤᠨ ᠲᠥᠪᠡᠳ ᠬᠠᠰᠢ ﹀ ᠨᠢ ᠵᠠᠬ᠎ᠠ | ᠳᠡᠯᠭᠡᠭᠦᠷ ᠲᠤ ᠭᠠᠷᠬᠤ ᠪᠣᠯᠣᠨ᠎ᠠ ᠃ ᠤᠨᠠᠯᠳᠠ ᠶᠢᠨ ᠲᠠᠯ᠎ᠠ ᠪᠠᠷ ᠂ ᠡᠩ ᠤᠨ ᠠᠮᠲᠠ ᠲᠠᠢ ᠲᠥᠪᠡᠳ ᠬᠠᠰᠢ ᠨᠢᠭᠡ ᠮᠦ ᠭᠠᠵᠠᠷ ᠲᠤ ᠳᠥᠷᠪᠡ ᠲᠠᠪᠤᠨ ᠮᠢᠩᠭᠠᠨ | ᠺᠢᠯᠣᠭ᠍ᠷᠠᠮ ᠪᠠᠶᠢᠵᠤ ᠂ ᠰᠠᠨᠰᠠᠷ ᠤᠨ ᠲᠥᠪᠡᠳ ᠬᠠᠰᠢ ᠵᠢᠱᠢᠯᠲᠡ ᠪᠠᠷ 6000 ︱ 7000 ᠺᠢᠯᠣᠭ᠍ᠷᠠᠮ ᠪᠠᠶᠢᠵᠤ ᠂ ᠤᠨᠠᠯᠳᠠ ᠨᠢ ᠮᠠᠰᠢ ᠰᠠᠶᠢᠨ ᠪᠤᠯᠬᠤ ᠶᠤᠮ | ᠪᠠᠶᠢᠨ᠎ᠠ ︾ ᠭᠡᠵᠦ ᠶᠠᠩ ᠴᠠᠩ ᠱᠧᠩ ᠶᠠᠷᠢᠨ᠎ᠠ ᠃ ᠵᠠᠯᠭᠠᠭᠠᠳ ᠤᠰᠤ ᠪᠣᠷᠳᠣᠭᠤᠷ ᠤᠨ ᠲᠠᠯ᠎ᠠ ᠪᠠᠷ ᠭᠤᠣᠯᠳᠠᠯᠭ᠎ᠠ ᠲᠠᠢ ᠬᠠᠮᠢᠶᠠᠷᠤᠨ ᠬᠠᠮᠠᠭᠠᠯᠠᠵᠤ ᠂ ᠲᠠᠰᠤᠷᠠᠯᠳᠡ | ᠦᠭᠡᠢ ᠲᠤᠷᠰᠢᠨ ᠰᠦᠪᠡᠭᠴᠢᠯᠡᠬᠦ ᠪᠠᠷ ᠲᠠᠮᠵᠢᠨ᠂ ᠬᠠᠮᠤᠭ ᠡᠴᠦᠰ ᠲᠤ ᠪᠦᠬᠦ ᠶᠠᠪᠤᠴᠠ ᠶᠢᠨ ᠭᠤᠣᠯᠳᠠᠯᠭ᠎ᠠ ᠲᠠᠢ ᠬᠠᠮᠢᠶᠠᠷᠤᠨ ᠬᠠᠮᠠᠭᠠᠯᠠᠬᠤ ᠳᠦᠷᠢᠮ ᠢ ᠬᠠᠶᠢᠨ | ᠰᠦᠪᠡᠭᠴᠢᠯᠡᠨ᠎ᠡ᠂ ᠲᠤᠬᠠᠶᠢᠯᠠᠪᠠᠯ ᠨᠢᠯᠬ᠎ᠠ ᠴᠢᠬᠢ ᠶᠢ ᠲᠠᠪᠤᠨ ᠳᠠᠪᠬᠤᠷ ᠵᠢᠮᠢᠰ ᠪᠣᠯᠭᠠᠨ ᠦᠷᠡᠵᠢᠭᠦᠯᠦᠨ ᠪᠣᠶᠢᠵᠢᠭᠤᠯᠬᠤ ᠪᠦᠬᠦ᠋ᠢᠯᠡ ᠬᠠᠮᠢᠶᠠᠷᠤᠯᠲᠠ ᠶᠢᠨ ᠶᠠᠪᠤᠴᠠ ᠶᠢ | ᠬᠠᠶᠢᠨ ᠰᠦᠪᠡᠭᠴᠢᠯᠡᠵᠦ ᠂ ᠰᠠᠨᠰᠠᠷ ᠤᠨ ᠠᠶᠠᠯᠠᠯ ᠤᠨ ᠲᠦᠷᠦᠯ ᠵᠦᠢᠯ ᠢ ᠳᠡᠯᠭᠡᠷᠡᠭᠦᠯᠬᠦ ᠮᠡᠷᠭᠡᠵᠢᠯ ᠤᠨ ᠳᠦᠷᠢᠮ ᠢ ᠤᠯᠠᠮ ᠴᠢᠨᠠᠭᠰᠢᠳᠠ ᠪᠦᠷᠢᠯᠳᠦᠭᠦᠯᠵᠦ ᠂ ᠲᠦᠷᠦᠯ | ᠵᠦᠢᠯ ᠢ ᠨᠡᠩ ᠰᠠᠶᠢᠨ ᠳᠡᠯᠭᠡᠷᠡᠭᠦᠯᠵᠦ ᠂ ᠬᠡᠪᠴᠢᠶᠡᠵᠢᠭᠦᠯᠦᠨ ᠦᠢᠯᠡᠳᠪᠦᠷᠢᠯᠡᠬᠦ ᠶᠢ ᠪᠡᠶᠡᠯᠡᠭᠦᠯᠬᠦ ᠳᠤ ᠲᠦᠭᠦᠮ ᠦᠵᠡᠭᠦᠯᠦᠨ᠎ᠡ ᠃ | |