| 9 ᠰᠠᠷ᠎ᠠ ᠶᠢᠨ 26 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠤᠨᠤᠯ | ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠵᠦ ᠂ ᠶᠡᠷᠦᠩᠬᠡᠢ ᠱᠦᠵᠢ ᠰᠢ ᠶᠢᠨ ᠫᠢᠩ ᠤᠨ ᠬᠡᠯᠪᠡᠷᠢᠴᠢ ᠦᠵᠡᠯ ᠢ ᠴᠡᠭᠴᠡᠯᠡᠨ ᠵᠠᠰᠠᠵᠤ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠪᠠ ᠃ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠂ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ | ᠲᠠᠯᠪᠢᠪᠠ ᠃ | ᠰᠤᠷᠤᠯᠴᠠᠯᠭ᠎ᠠ ᠶᠢᠨ ᠬᠤᠷᠠᠯ ᠳᠡᠭᠡᠷ᠎ᠡ ᠂ ᠲᠥᠪ ᠤᠨ ᠨᠠᠮ ᠤᠨ ᠲᠡᠦᠬᠡ ᠪᠠ ᠲᠤᠯᠭᠤᠷ ᠪᠢᠴᠢᠭ ᠤᠨ ᠰᠤᠳᠤᠯᠭᠠᠨ ᠤ ᠬᠦᠷᠢᠶᠡᠯᠡᠩ ᠤᠨ ᠨᠢᠭᠡᠳᠦᠭᠡᠷ ᠰᠤᠳᠤᠯᠭᠠᠨ ᠤ | ᠬᠡᠯᠲᠡᠰ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠵᠠᠩ ᠾᠧ ᠹᠦ᠋ ︽ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠂ ᠦᠨᠳᠦᠰᠦᠲᠡᠨ ᠤ ᠰᠡᠷᠭᠦᠨ | ᠮᠠᠨᠳᠤᠯᠲᠠ ᠶᠢᠨ ᠠᠭᠤᠤ ᠦᠢᠯᠡᠰ ᠲᠤ ᠪᠠᠲᠤ ᠴᠢᠩᠭ᠎ᠠ ᠰᠤᠷᠲᠠᠯ ᠤᠨ ᠪᠠᠲᠤᠯᠠᠭ᠎ᠠ ᠬᠠᠩᠭᠠᠬᠤ ᠬᠡᠷᠡᠭᠲᠡᠢ ︾ ᠭᠡᠬᠦ ᠭᠤᠣᠯ ᠰᠡᠳᠦᠪ ᠢᠶᠠᠷ ᠬᠠᠪᠰᠤᠷᠤᠨ ᠵᠢᠯᠤᠭᠤᠳᠬᠤ | ᠮᠡᠳᠡᠭᠦᠯᠦᠯᠲᠡ ᠬᠢᠪᠡ ᠃ | ᠸᠠᠩ ᠯᠢ ᠰᠢᠶᠠ ᠂ ᠬᠡᠯᠪᠡᠷᠢᠴᠢ ᠦᠵᠡᠯ ᠪᠣᠯ ᠨᠠᠮ ᠪᠣᠯᠣᠨ ᠠᠷᠠᠳ ᠲᠦᠮᠡᠨ ᠤ ᠶᠡᠭᠡ ᠳᠠᠶᠢᠰᠤᠨ ᠮᠥᠨ ᠂ ᠡᠷᠬᠡᠪᠰᠢ ᠤᠯᠤᠰ ᠲᠦᠷᠦ ᠶᠢ ᠡᠷᠭᠢᠮᠯᠡᠭᠦ | ᠥᠨᠳᠥᠷᠴᠡ ᠠᠴᠠ ᠬᠡᠯᠪᠡᠷᠢᠴᠢ ᠦᠵᠡᠯ ᠤᠨ ᠬᠤᠣᠷ ᠬᠥᠨᠥᠭᠡᠯᠳᠦ ᠴᠢᠨᠠᠷ ᠢ ᠭᠦᠨᠵᠡᠭᠡᠢ ᠲᠠᠨᠢᠵᠤ ᠂ ᠨᠠᠮ ᠤᠨ ᠲᠥᠪ ᠬᠤᠷᠢᠶ᠎ᠠ ᠶᠢᠨ ︽ ᠬᠡᠯᠪᠡᠷᠢᠴᠢ ᠦᠵᠡᠯ ᠢ ᠴᠡᠭᠴᠡᠯᠡᠨ | ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ ᠲᠤᠬᠠᠢ ᠲᠣᠭᠲᠠᠭᠠᠯ ᠤᠳ ︾ ᠪᠣᠯᠣᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ | ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ 20 ᠲᠣᠭᠲᠠᠭᠠᠯ ᠲᠠᠢ ᠬᠠᠷᠭᠤᠭᠤᠯᠵᠤ ᠂ ᠬᠡᠯᠪᠡᠷᠢᠴᠢ ᠦᠵᠡᠯ ᠤᠨ ᠠᠷᠬᠠᠭ ᠭᠡᠮ ᠢ ᠵᠣᠷᠢᠭ ᠰᠢᠭᠤᠳᠤᠨ | ᠵᠠᠯᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ ᠃ | ᠸᠠᠩ ᠯᠢ ᠰᠢᠶᠠ ᠂ ᠥᠭᠡᠷᠡᠴᠢᠯᠡᠯᠲᠡ ᠬᠢᠬᠦ ᠵᠣᠷᠢᠭ ᠰᠠᠨᠠᠭ᠎ᠠ ᠪᠠᠷ ᠠᠯᠳᠠᠭ᠎ᠠ ᠪᠤᠷᠤᠭᠤ ᠪᠠᠨ ᠵᠠᠯᠠᠷᠠᠭᠤᠯᠵᠤ ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠨᠢ | ᠪᠣᠳᠠᠲᠠᠢ ᠪᠢᠰᠢ ᠂ ᠳᠡᠭᠡᠷ᠎ᠡ ᠠᠴᠠ ᠳᠣᠷᠣᠭᠰᠢ ᠡᠭᠡᠭᠡ ᠠᠳᠠᠯᠢ ᠪᠠᠶᠢᠬᠤ ᠂ ᠠᠵᠢᠯ ᠤᠨ ᠬᠠᠷᠢᠭᠤᠴᠠᠯᠭ᠎ᠠ ᠪᠠᠨ ᠲᠦᠯᠬᠢᠨ ᠵᠠᠶᠢᠯᠠᠭᠤᠯᠬᠤ ᠂ ᠠᠵᠢᠯ ᠬᠢᠬᠦ ᠳᠡᠭᠡᠨ | ᠦᠨᠳᠦᠰᠦᠨ ᠱᠠᠲᠤᠨ ᠳᠤ ᠭᠦᠨᠵᠡᠭᠡᠶᠢᠷᠡᠬᠦ ᠦᠭᠡᠢ ᠂ ᠵᠣᠬᠢᠶᠠᠯ ᠤᠨ ᠰᠤᠷᠲᠠᠯ ᠢ ᠵᠠᠰᠠᠬᠤ ᠳᠤ ᠪᠡᠷᠬᠡ ᠪᠠᠶᠢᠬᠤ ᠵᠡᠷᠭᠡ ᠠᠰᠠᠭᠤᠳᠠᠯ ᠢ ᠲᠣᠪᠤᠶᠢᠯᠭᠠᠨ ᠰᠠᠶᠢᠲᠤᠷ | ᠰᠢᠢᠳᠪᠦᠷᠢᠯᠡᠬᠦ ᠬᠡᠷᠡᠭᠲᠡᠢ ᠃ ᠵᠠᠰᠠᠭ ᠤᠨ ᠣᠷᠳᠣᠨ ᠤ ᠡᠯ᠎ᠡ ᠱᠠᠲᠤᠨ ᠤ ᠤᠳᠤᠷᠢᠳᠬᠤ ᠺᠠᠳ᠋ᠷᠴᠤᠳ ᠲᠥᠪ ᠤᠨ ᠲᠥᠷᠥ ᠶᠢᠨ ᠪᠣᠳᠣᠯᠭ᠎ᠠ ᠪᠣᠯᠣᠨ ᠪᠦᠭᠦ ᠣᠷᠣᠨ ᠤ | ᠪᠠᠶᠢᠳᠠᠯ ᠢ ᠭᠦᠨᠵᠡᠭᠡᠢ ᠰᠤᠳᠤᠯᠵᠤ ᠂ ᠬᠠᠷᠠᠴᠠ ᠪᠠᠨ ᠦᠨᠳᠦᠰᠦᠨ ᠱᠠᠲᠤᠨ ᠳᠤ ᠬᠠᠨᠳᠤᠭᠤᠯᠵᠤ ᠂ ᠠᠵᠢᠯ ᠤᠨ ᠭᠤᠣᠯᠳᠠᠯᠭ᠎ᠠ ᠪᠠᠨ ᠦᠨᠳᠦᠰᠦᠨ ᠱᠠᠲᠤ ᠲᠡᠶᠢᠰᠢ | ᠪᠠᠭᠤᠯᠭᠠᠵᠤ ᠂ ᠰᠡᠳᠬᠢᠯ ᠲᠠᠯᠪᠢᠨ ᠦᠨᠳᠦᠰᠦᠨ ᠱᠠᠲᠤ ᠶᠢ ᠬᠠᠪᠰᠤᠷᠤᠨ ᠠᠵᠢᠯ ᠢ ᠨᠢ ᠰᠠᠶᠢᠵᠢᠷᠠᠭᠤᠯᠵᠤ ᠂ ᠠᠵᠤ ᠠᠬᠤᠶᠢᠯᠠᠯ ᠢ ᠬᠠᠪᠰᠤᠷᠤᠨ ᠬᠦᠴᠢᠷ ᠢ ᠨᠢ | ᠰᠢᠢᠳᠪᠦᠷᠢᠯᠡᠬᠦ ᠬᠡᠷᠡᠭᠲᠡᠢ ᠃ ᠭᠠᠷ ᠤᠨ ᠦᠰᠦᠭ ᠵᠢᠷᠤᠪᠠᠯ ᠬᠠᠷᠢᠭᠤᠴᠠᠯᠭ᠎ᠠ ᠲᠠᠢ ᠪᠠᠶᠢᠬᠤ ᠂ ᠭᠠᠷ ᠳᠠᠮᠵᠢᠪᠠᠯ ᠬᠠᠷᠢᠭᠤᠴᠠᠯᠭ᠎ᠠ ᠲᠠᠢ ᠪᠠᠶᠢᠬᠤ ᠶᠢ ᠪᠡᠶᠡᠯᠡᠭᠦᠯᠵᠦ ᠂ | ᠪᠠᠭᠤᠯᠭᠠᠭᠰᠠᠨ ᠪᠢᠴᠢᠭ ᠮᠠᠲ᠋ᠧᠷᠢᠶᠠᠯ ᠨᠢ ᠲᠣᠳᠣᠷᠬᠠᠢ ᠴᠢᠭᠯᠡᠯ ᠲᠠᠢ ᠂ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠢᠩᠭ᠎ᠠ ᠪᠠᠶᠢᠵᠤ ᠂ ᠪᠣᠳᠠᠲᠠᠢ ᠠᠰᠠᠭᠤᠳᠠᠯ ᠢ | ᠰᠢᠢᠳᠪᠦᠷᠢᠯᠡᠵᠦ ᠳᠡᠶᠢᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠸᠠᠩ ᠯᠢ ᠰᠢᠶᠠ ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠨᠦᠭᠦᠳ ᠪᠡᠶ᠎ᠡ ᠪᠠᠷ ᠢᠶᠠᠨ ᠬᠡᠷᠡᠭᠵᠢᠭᠦᠯᠵᠦ ᠂ ᠳᠡᠭᠡᠷ᠎ᠡ ᠱᠠᠲᠤ ᠨᠢ ᠳᠣᠣᠷ᠎ᠠ | ᠱᠠᠲᠤ ᠪᠠᠨ ᠳᠠᠭᠠᠭᠤᠯᠵᠤ ᠂ ︽ ᠲᠦᠷᠦᠭᠦᠴᠢ ᠭᠠᠯᠠᠭᠤ ︾ ᠶᠢᠨ ᠦᠢᠯᠡᠳᠦᠯ ᠢ ᠪᠠᠳᠠᠷᠠᠭᠤᠯᠬᠤ ᠬᠡᠷᠡᠭᠲᠡᠢ ᠃ ᠠᠵᠢᠯ ᠤᠨ ᠪᠦᠲᠦᠮᠵᠢ ᠶᠢᠨ ᠵᠥᠪ ᠦᠵᠡᠯᠲᠡ ᠶᠢ ᠪᠠᠲᠤ ᠪᠤᠶ | ᠪᠤᠯᠭᠠᠵᠤ ᠂ ᠴᠢᠨᠠᠷ ᠰᠠᠶᠢᠲᠠᠢ ᠬᠥᠭᠵᠢᠯᠲᠡ ᠳᠤ ᠠᠰᠢᠭᠲᠠᠢ ᠂ ᠥᠭᠡᠷᠡᠴᠢᠯᠡᠯᠲᠡ ᠨᠡᠭᠡᠭᠡᠯᠲᠡ ᠳᠤ ᠠᠰᠢᠭᠲᠠᠢ ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ | ᠠᠰᠢᠭᠲᠠᠢ ᠂ ᠨᠡᠶᠢᠭᠡᠮ ᠤᠨ ᠲᠣᠭᠲᠠᠭᠤᠨ ᠳᠤ ᠠᠰᠢᠭᠲᠠᠢ ᠠᠵᠢᠯ ᠢ ᠢᠯᠡᠭᠦᠬᠡᠨ ᠬᠢᠵᠦ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠬᠦ | ᠬᠡᠷᠡᠭᠲᠡᠢ ᠃ ᠪᠠᠭ᠎ᠠ ᠶᠠᠪᠤᠳᠠᠯ ᠵᠢᠵᠢᠭ ᠵᠦᠢᠯ ᠠᠴᠠ ᠡᠬᠢᠯᠡᠨ ᠬᠢᠵᠦ ᠂ ᠬᠤᠷᠠᠯ ᠪᠦᠷᠢ ᠂ ᠪᠢᠴᠢᠭ ᠮᠠᠲ᠋ᠧᠷᠢᠶᠠᠯ ᠪᠦᠷᠢ ᠂ ᠠᠵᠢᠯᠯᠠᠭ᠎ᠠ ᠪᠦᠷᠢ ᠶᠢ ᠴᠥᠮ ᠴᠢᠩᠭ᠎ᠠ | ᠠᠳᠬᠤᠵᠤ ᠂ ᠦᠨᠳᠦᠰᠦᠨ ᠱᠠᠲᠤᠨ ᠤ ᠳᠠᠷᠤᠭᠠᠰᠤ ᠶᠢ ᠨᠡᠮᠡᠭᠳᠡᠭᠦᠯᠵᠦ ᠪᠤᠯᠬᠤ ᠦᠭᠡᠢ ᠂ ᠦᠨᠳᠦᠰᠦᠨ ᠱᠠᠲᠤᠨ ᠤ ᠬᠢᠨ ᠤ ᠨᠡᠩ ᠤᠯᠠᠨ ᠴᠠᠭ ᠪᠠ ᠤᠶᠤᠨ | ᠴᠢᠳᠠᠯ ᠢᠶᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠂ ᠬᠥᠭᠵᠢᠯᠲᠡ ᠶᠢ ᠠᠳᠬᠤᠬᠤ ᠳᠡᠭᠡᠷ᠎ᠡ ᠲᠥᠪᠯᠡᠷᠡᠭᠦᠯᠬᠦ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ ᠃ | | |