| ᠣᠶᠢᠷ᠎ᠠ ᠳᠤ ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ︽ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ | ᠪᠠᠬᠢ ᠪᠣᠶ ᠪᠣᠯᠭᠠᠵᠤ ᠰᠦᠯᠵᠢᠶᠡᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠬᠦ ︾ ᠪᠥᠬᠦ ᠬᠤᠲᠠ ᠶᠢᠨ ᠵᠠᠰᠠᠭ ᠤᠨ ᠣᠷᠳᠣᠨ ᠤ | ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠬᠢᠭᠡᠳ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯᠯᠠᠭᠤᠯᠵᠤ ᠬᠠᠮᠠᠭᠠᠯᠠᠬᠤ | ᠠᠵᠢᠯᠲᠠᠨ ᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠢ ᠦᠦᠰᠢᠨ ᠬᠤᠰᠢᠭᠤᠨ ᠳᠤ ᠶᠠᠪᠤᠭᠳᠠᠭᠤᠯᠪᠠ ᠃ ᠡᠯ᠎ᠡ ᠬᠤᠰᠢᠭᠤ ᠲᠣᠭᠤᠷᠢᠭ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠠᠵᠢᠯᠯᠠᠭᠤᠯᠵᠤ ᠬᠠᠮᠠᠭᠠᠯᠠᠬᠤ ᠶᠢ | ᠬᠠᠷᠢᠭᠤᠴᠠᠵᠤ ᠪᠠᠶᠢᠭ᠎ᠠ ᠪᠥᠬᠦ ᠠᠵᠢᠯᠲᠠᠳ ᠲᠣᠰ ᠤᠳᠠᠭᠠᠨ ᠤ ᠪᠣᠯᠪᠠᠰᠤᠷᠠᠯ ᠤᠨ ᠬᠤᠷᠠᠯ ᠳᠤ ᠣᠷᠣᠯᠴᠠᠪᠠ ᠃ | | ᠲᠣᠰ ᠤᠳᠠᠭᠠᠨ ᠤ ᠪᠣᠯᠪᠠᠰᠤᠷᠠᠯ ᠨᠢ ᠲᠤᠰᠬᠠᠢ ᠰᠡᠳᠦᠪᠲᠦ ᠲᠠᠶᠢᠯᠤᠮᠵᠢ ᠂ ᠠᠬᠤᠢ ᠲᠠᠯᠠᠪᠠᠢ ᠶᠢᠨ ᠲᠣᠭᠤᠷᠢᠨ ᠰᠤᠷᠤᠯᠴᠠᠯᠭ᠎ᠠ ᠪᠠ ᠶᠠᠷᠢᠯᠴᠠᠭᠠᠨ ᠤ ᠬᠡᠯᠪᠡᠷᠢ ᠪᠠᠷ | ᠲᠠᠪᠤᠨ ᠡᠳᠦᠷ ᠶᠠᠪᠤᠭᠳᠠᠵᠤ ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ | ᠴᠤᠭᠯᠠᠷᠠᠯ ᠤᠨ ᠪᠠᠶᠢᠭᠤᠯᠤᠯᠲᠠ ᠶᠢᠨ ᠲᠦᠢᠮᠣ ᠪᠠᠶᠢᠳᠠᠯ ᠵᠢᠴᠢ ᠬᠥᠭᠵᠢᠯᠲᠡ ᠶᠢᠨ ᠶᠠᠪᠤᠴᠠ ᠂ ᠪᠥᠬᠦ ᠣᠷᠣᠨ ᠤ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ | ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ 2024 ᠣᠨ ᠤ ᠬᠢᠨᠠᠨ ᠰᠢᠯᠭᠠᠷᠠᠭᠤᠯᠤᠯᠲᠠ ᠶᠢᠨ ᠪᠠᠶᠢᠳᠠᠯ | ᠵᠢᠴᠢ ᠤᠯᠤᠰ ᠤᠨ ᠵᠠᠰᠠᠭ ᠤᠨ ᠶᠠᠪᠤᠳᠠᠯ ᠤᠨ ᠰᠦᠯᠵᠢᠶ᠎ᠡ ᠶᠢᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢᠨ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠂ ᠬᠠᠤᠯᠢ | ᠴᠠᠭᠠᠵᠠ ᠬᠠᠤᠯᠢ ᠲᠣᠭᠲᠠᠭᠠᠯ ᠂ ᠠᠵᠢᠯ ᠤᠨ ᠶᠠᠪᠤᠴᠠ ᠂ ᠮᠡᠷᠭᠡᠵᠢᠯ ᠤᠨ ᠦᠢᠯᠡᠴᠢᠯᠡᠭᠡ ᠪᠠ ᠰᠢᠨ᠎ᠡ ᠪᠠᠶᠢᠳᠠᠯ ᠳᠣᠤᠷᠠᠬᠢ ᠰᠦᠯᠵᠢᠶᠡᠨ ᠤ ᠠᠮᠤᠷ ᠲᠦᠪᠰᠢᠨ ᠤ ᠠᠵᠢᠯ | ᠵᠡᠷᠭᠡ ᠲᠠᠯ᠎ᠠ ᠪᠠᠷ ᠰᠦᠯᠵᠢᠶᠡᠨ ᠥᠷᠲᠡᠭᠡ ᠶᠢᠨ ᠡᠳᠦᠷ ᠲᠤᠲᠤᠮ ᠤᠨ ᠬᠢᠨᠠᠨ ᠬᠡᠮᠵᠢᠯᠲᠡ ᠶᠢᠨ ᠪᠣᠳᠠᠲᠠᠶ ᠬᠡᠷᠡᠭ ᠤᠨ ᠵᠢᠱᠢᠶ᠎ᠡ ᠪᠠᠷ ᠨᠠᠷᠢᠨ ᠲᠠᠶᠢᠯᠤᠮᠵᠢ ᠪᠠ | ᠵᠢᠯᠣᠭᠤᠳᠣᠯᠭ᠎ᠠ ᠬᠢᠪᠠ ᠃ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠨᠡᠶᠢᠲᠡᠯᠡᠨ ᠬᠢᠨᠠᠨ ᠬᠠᠷᠭᠤᠭᠤᠯᠬᠤ ᠂ | ᠠᠭᠤᠯᠭ᠎ᠠ ᠪᠠᠨ ᠰᠢᠨᠡᠳᠬᠡᠨ ᠪᠠᠲᠤᠯᠠᠬᠤ ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠬᠢᠬᠦ ᠵᠡᠷᠭᠡ ᠳᠤ ᠠᠵᠢᠯ ᠤᠨ ᠱᠠᠭᠠᠷᠳᠠᠯᠭ᠎ᠠ ᠳᠤᠷᠠᠳᠤᠭᠰᠠᠨ ᠪᠥᠭᠡᠳ 2023 | ᠣᠨ ᠤ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ ᠰᠦᠯᠵᠢᠶᠠᠨ ᠴᠤᠭᠯᠠᠷᠠᠯ ᠤᠨ ᠰᠢᠯᠢᠳᠡᠭ ᠥᠷᠲᠡᠭᠡ | ᠴᠡᠭ ᠪᠠ ᠰᠢᠯᠢᠳᠡᠭ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ ᠃ | | | | ᠲᠣᠰ ᠤᠳᠠᠭᠠᠨ ᠤ ᠪᠣᠯᠪᠠᠰᠤᠷᠠᠯ ᠨᠢ ᠶᠡᠷᠦᠩᠬᠡᠶ ᠱᠦᠵᠢ ᠰᠢ ᠶᠢᠨ ᠫᠢᠩ ᠤᠨ ᠰᠦᠯᠵᠢᠶᠡᠨ ᠤ ᠬᠦᠴᠦᠷᠬᠡᠭ ᠤᠯᠤᠰ ᠤᠨ ᠲᠤᠬᠠᠶ ᠴᠢᠬᠤᠯᠠ ᠦᠵᠡᠯ ᠰᠠᠨᠠᠭ᠎ᠠ ᠶᠢ | ᠰᠤᠷᠤᠯᠴᠠᠨ ᠲᠤᠭᠤᠰᠢᠯᠠᠭᠤᠯᠵᠤ ᠂ ᠶᠡᠷᠦᠩᠬᠡᠶ ᠱᠦᠵᠢ ᠰᠢ ᠶᠢᠨ ᠫᠢᠩ ᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢ ᠴᠢᠩᠭᠠᠳᠬᠠᠬᠤ | ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠰᠦᠯᠵᠢᠶᠡᠨ ᠤ ᠦᠵᠡᠯ ᠤᠬᠠᠮᠰᠠᠷ ᠤᠨ ᠬᠡᠯᠪᠡᠷᠢ ᠶᠢᠨ | ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ ᠂ ᠪᠥᠬᠦ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ | ᠵᠠᠰᠠᠭ ᠤᠨ ᠶᠠᠪᠤᠳᠠᠯ ᠤᠨ ᠰᠦᠯᠵᠢᠶ᠎ᠡ ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠵᠢᠷᠤᠮᠵᠢᠯ ᠲᠠᠢ ᠪᠠᠷ ᠰᠢᠨ᠎ᠡ ᠶᠢ ᠡᠭᠦᠳᠦᠨ ᠠᠭᠤᠰᠤᠯᠴᠠᠭᠤᠯᠤᠨ | ᠬᠥᠭᠵᠢᠭᠦᠯᠵᠦ ᠂ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠳ᠋ᠷ ᠢ ᠨᠡᠪᠲᠡᠷᠡᠭᠦᠯᠵᠤ ᠂ ᠰᠦᠯᠵᠢᠶᠡᠨ ᠥᠷᠲᠡᠭᠡ ᠶᠢᠨ ᠬᠠᠮᠢᠶᠠᠷᠤᠯᠲᠠ ᠳᠤ ᠲᠤᠯᠭᠠᠷᠠᠵᠤ | ᠪᠠᠶᠢᠭ᠎ᠠ ᠰᠢᠨ᠎ᠡ ᠪᠠᠶᠢᠳᠠᠯ ᠰᠢᠨ᠎ᠡ ᠱᠠᠭᠠᠷᠳᠠᠯᠭ᠎ᠠ ᠶᠢ ᠭᠦᠨᠵᠡᠭᠡᠶ ᠲᠠᠨᠢᠵᠤ ᠂ ᠡᠯ᠎ᠡ ᠥᠷᠲᠡᠭᠡ ᠴᠡᠭ ᠪᠠ ᠰᠢᠨ᠎ᠡ ᠵᠠᠭᠤᠴᠢᠯᠠᠭᠤᠷ ᠤᠨ ᠬᠢᠨᠠᠯᠲᠠ ᠬᠠᠮᠢᠶᠠᠷᠤᠯᠲᠠ ᠶᠢ ᠪᠥᠬᠦ | ᠬᠦᠴᠦᠨ ᠢᠶᠠᠷ ᠢᠶᠠᠨ ᠰᠠᠶᠢᠲᠤᠷ ᠠᠳᠬᠤᠵᠤ ᠂ ᠮᠠᠨ ᠤ ᠬᠤᠲᠠ ᠶᠢᠨ ᠵᠠᠰᠠᠭ ᠤᠨ ᠣᠷᠳᠣᠨ ᠤ ᠰᠢᠰᠲ᠋ᠧᠮ ᠤᠨ ᠮᠣᠩᠭᠤᠯ ᠬᠡᠯᠡᠨ ᠤ ᠵᠠᠰᠠᠭ ᠤᠨ ᠶᠠᠪᠤᠳᠠᠯ ᠤᠨ | ᠰᠦᠯᠵᠢᠶᠡᠨ ᠴᠤᠭᠯᠠᠷᠠᠯ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢᠨ ᠠᠵᠢᠯ ᠢ ᠳᠠᠬᠢᠨ ᠰᠢᠨ᠎ᠡ ᠳᠡᠭᠲᠡᠷ ᠲᠤ ᠭᠠᠷᠭᠠᠬᠤ ᠳᠤ ᠪᠠᠲᠤ | ᠪᠠᠬᠢ ᠰᠠᠭᠤᠷᠢ ᠲᠠᠯᠪᠢᠭᠰᠠᠨ ᠪᠠᠶᠢᠨ᠎ᠠ ᠃ | | |