| ᠣᠶᠢᠷ᠎ᠠ ᠳᠤ ᠂ ᠪᠥᠬᠦ ᠤᠯᠤᠰ ᠤᠨ ᠰᠢᠨ᠎ᠡ ᠡᠨᠧᠷᠭᠢ ᠶᠢ ᠪᠠᠭᠲᠠᠭᠠᠨ ᠰᠢᠩᠭᠡᠭᠡᠵᠦ ᠬᠢᠨᠠᠨ ᠰᠢᠨᠵᠢᠵᠦ ᠰᠡᠷᠡᠮᠵᠢᠯᠡᠭᠦᠯᠬᠦ ᠲᠥᠪ 7 ᠳ᠋ᠤᠭᠠᠷ ᠰᠠᠷ᠎ᠠ ᠲᠠᠬᠢ ᠡᠯ᠎ᠡ | ᠮᠤᠵᠢ ᠶᠢᠨ ᠱᠠᠲᠤᠨ ᠤ ᠣᠷᠣᠨ ᠪᠦᠰᠡ ᠶᠢᠨ ᠰᠢᠨ᠎ᠡ ᠡᠨᠧᠷᠭᠢ ᠶᠢ ᠪᠠᠭᠲᠠᠭᠠᠨ ᠰᠢᠩᠭᠡᠭᠰᠡᠨ ᠪᠠᠶᠢᠳᠠᠯ ᠢ ᠨᠡᠶᠢᠲᠡᠯᠡᠪᠡ ᠃ 7 ᠳ᠋ᠤᠭᠠᠷ ᠰᠠᠷ᠎ᠠ ᠳᠤ ᠂ ᠰᠠᠯᠬᠢᠨ ᠬᠦᠴᠦᠨ ᠤ | ᠴᠠᠬᠢᠯᠭᠠᠨ ᠤ ᠲᠥᠷᠥᠯ ᠵᠦᠢᠯ ᠤᠨ ᠪᠥᠬᠦ ᠤᠯᠤᠰ ᠤᠨ ᠳᠤᠮᠳᠠᠴᠢ ᠠᠰᠢᠭᠯᠠᠯᠲᠠ ᠶᠢᠨ ᠨᠣᠷᠮ᠎ᠠ ᠨᠢ 97.9% ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 0.5 | ᠵᠠᠭᠤᠨ ᠤ ᠴᠡᠭ ᠪᠠᠭᠤᠷᠠᠪᠠ ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠰᠠᠯᠬᠢᠨ ᠬᠦᠴᠦᠨ ᠤ ᠴᠠᠬᠢᠯᠭᠠᠨ ᠤ ᠠᠰᠢᠭᠯᠠᠯᠲᠠ ᠶᠢᠨ ᠨᠣᠷᠮ᠎ᠠ ᠨᠢ | 98.1% ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 3.2 ᠵᠠᠭᠤᠨ ᠤ ᠴᠡᠭ ᠳᠡᠭᠡᠭᠰᠢᠯᠡᠵᠦ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ | ᠰᠠᠯᠬᠢᠨ ᠬᠦᠴᠦᠨ ᠤ ᠴᠠᠬᠢᠯᠭᠠᠨ ᠤ ᠠᠰᠢᠭᠯᠠᠯᠲᠠ ᠶᠢᠨ ᠨᠣᠷᠮ᠎ᠠ ᠨᠢ 98.7% ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 2.8 ᠵᠠᠭᠤᠨ ᠤ ᠴᠡᠭ ᠳᠡᠭᠡᠭᠰᠢᠯᠡᠪᠡ ᠃ | ᠭᠡᠷᠡᠯᠴᠢ ᠴᠡᠨᠡᠭ ᠤᠨ ᠲᠥᠷᠥᠯ ᠵᠦᠢᠯ ᠤᠨ ᠪᠦᠬᠦ ᠤᠯᠤᠰ ᠤᠨ ᠳᠤᠮᠳᠠᠴᠢ ᠠᠰᠢᠭᠯᠠᠯᠲᠠ ᠶᠢᠨ ᠨᠣᠷᠮ᠎ᠠ ᠨᠢ 97.6% ᠪᠠᠶᠢᠵᠤ ᠂ ᠠᠳᠠᠯᠢ ᠬᠤᠭᠤᠴᠠᠭᠠᠨ ᠤ ᠬᠢ ᠠᠴᠠ | 1.1 ᠵᠠᠭᠤᠨ ᠤ ᠴᠡᠭ ᠪᠠᠭᠤᠷᠠᠪᠠ ᠃ ᠥᠪᠥᠷ ᠮᠣᠩᠭᠤᠯ ᠤᠨ ᠵᠡᠭᠦᠨ ᠬᠡᠰᠡᠭ ᠤᠨ ᠭᠠᠵᠠᠷ ᠣᠷᠣᠨ ᠤ ᠭᠡᠷᠡᠯᠴᠢ ᠴᠡᠨᠡᠭ ᠤᠨ ᠠᠰᠢᠭᠯᠠᠯᠲᠠ ᠶᠢᠨ ᠨᠣᠷᠮ᠎ᠠ ᠨᠢ 99.6% | ᠪᠠᠶᠢᠵᠤ ᠂ ᠠᠳᠠᠯᠢ ᠬᠤᠭᠤᠴᠠᠭᠠᠨ ᠤ ᠬᠢ ᠠᠴᠠ 0.3 ᠵᠠᠭᠤᠨ ᠤ ᠴᠡᠭ ᠪᠠᠭᠤᠷᠠᠵᠤ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠭᠡᠷᠡᠯᠴᠢ | ᠴᠡᠨᠡᠭ ᠤᠨ ᠠᠰᠢᠭᠯᠠᠯᠲᠠ ᠶᠢᠨ ᠨᠣᠷᠮ᠎ᠠ ᠨᠢ 98.6% ᠂ ᠠᠳᠠᠯᠢ ᠬᠤᠭᠤᠴᠠᠭᠠᠨ ᠤ ᠬᠢ ᠠᠴᠠ 0.7 ᠵᠠᠭᠤᠨ ᠤ ᠴᠡᠭ ᠳᠡᠭᠡᠭᠰᠢᠯᠡᠪᠡ ᠃ 1 - 7 ᠳ᠋ᠤᠭᠠᠷ ᠰᠠᠷ᠎ᠠ ᠳᠤ ᠂ | ᠮᠠᠨ ᠤ ᠣᠷᠣᠨ ᠤ ᠰᠢᠨ᠎ᠡ ᠡᠨᠧᠷᠭᠢ ᠶᠢᠨ ᠠᠰᠢᠭᠯᠠᠯᠲᠠ ᠶᠢᠨ ᠨᠣᠷᠮ᠎ᠠ ᠨᠢ 94.9% ᠪᠠᠶᠢᠵᠤ ᠂ ᠣᠨ ᠤ ᠬᠠᠷᠠᠯᠲᠠᠲᠤ ᠬᠡᠮᠵᠢᠭᠳᠡᠯ ᠠᠴᠠ ᠪᠠᠨ 4.9 ᠵᠠᠭᠤᠨ ᠤ ᠴᠡᠭ | ᠥᠨᠳᠥᠷ ᠪᠠᠶᠢᠪᠠ ᠃ ︵ ᠡᠨᠧᠷᠭᠢ ᠶᠢᠨ ᠲᠣᠪᠴᠢᠶ᠎ᠠ ︶ | | |