| | ᠣᠶᠢᠷ᠎ᠠ ᠶᠢᠨ ᠡᠳᠦᠷ ᠤᠳ ᠲᠤ ᠂ ᠵᠡᠭᠦᠨᠭᠠᠷ ᠬᠤᠰᠢᠭᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ︽ᠰᠢᠵᠢᠷ ᠠᠯᠳᠠᠨ ᠬᠤᠭᠤᠴᠠᠭ᠎ᠠ︾ ᠶᠢ | ᠠᠮᠵᠢᠭᠤᠯᠤᠬᠰᠠᠨ ᠠᠴᠠ ᠂ ᠠᠯᠢ ᠤᠯᠠᠨ ᠲᠣᠮᠣ ᠲᠦᠷᠦᠯ ᠵᠦᠢᠯ ᠂ ᠰᠠᠶᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠬᠦᠷ ᠬᠥᠭᠵᠢᠶᠡᠨ ᠲᠠᠢ | ᠶᠠᠪᠤᠭᠳᠠᠭᠤᠯᠵᠤ ᠂ ᠭᠠᠵᠠᠷ ᠪᠣᠯᠭᠠᠨ ᠳᠤ ᠠᠮᠢᠵᠢᠷᠠᠯ ᠤᠨ ᠬᠦᠴᠦᠨ ᠢᠶᠠᠷ ᠪᠢᠯᠬᠠᠵᠤ ᠂ ᠴᠢᠨᠠᠷ ᠰᠠᠶᠢᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ | ᠲᠠᠰᠤᠷᠠᠯᠳᠠ ᠦᠭᠡᠢ ᠰᠢᠨᠡᠳᠦᠭᠰᠡᠨ ᠪᠠᠶᠢᠨ᠎ᠠ᠃ | ᠵᠡᠭᠦᠨᠭᠠᠷ ᠬᠤᠰᠢᠭᠤᠨ ᠤ ᠬᠥᠪᠴᠢ ᠶᠢᠨ ᠡᠯᠡᠰᠦᠨ ᠴᠦᠯ ᠤᠨ ᠰᠠᠭᠤᠷᠢᠨ ᠭᠠᠵᠠᠷ ᠤᠨ ᠣᠷᠳᠣᠰ ᠰᠢᠨ᠎ᠡ ᠡᠨᠧᠷᠭᠢ ᠶᠢᠨ 110 ᠲᠦᠮᠡᠨ ᠺᠢᠯᠣᠸᠠᠲ ᠤᠨ ᠬᠡᠷᠡᠯ | ᠴᠡᠨᠡᠭ ᠤᠨ ᠲᠦᠷᠦᠯ ᠵᠦᠢᠯ ᠤᠨ ᠪᠠᠷᠢᠯᠭ᠎ᠠ ᠶᠢᠨ ᠠᠬᠤᠢ ᠲᠠᠯᠠᠪᠠᠢ ᠳᠤ ᠂ ᠮᠠᠰᠢᠨ ᠲᠡᠷᠭᠡ ᠬᠦᠷᠴᠢᠬᠢᠨᠡᠨ᠂ ᠪᠠᠷᠢᠯᠭ᠎ᠠ ᠶᠢᠨ ᠮᠠᠰᠢᠨ ᠲᠡᠷᠭᠡ ᠨᠠᠭᠠᠰᠢ ᠴᠠᠭᠠᠰᠢ | ᠰᠦᠯᠵᠢᠯᠳᠦᠵᠤ ᠂ ᠠᠵᠢᠯᠴᠢᠳ ᠪᠠᠶᠠᠷ ᠬᠦᠷ ᠲᠠᠢ ᠠᠵᠢᠯᠯᠠᠨ ᠂ ᠲᠤᠯᠬᠤ ᠵᠢᠶᠠᠰᠠ ᠤᠭᠰᠠᠷᠠᠬᠤ ᠵᠡᠷᠭᠡ ᠪᠠᠷᠢᠯᠭ᠎ᠠ ᠶᠢᠨ ᠠᠵᠢᠯ ᠢ ᠡᠮᠬᠢ ᠳᠢᠭᠯᠢᠮ ᠲᠠᠢ ᠶᠠᠪᠤᠭᠳᠠᠭᠤᠯᠵᠤ ᠂ | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠢᠳᠡ ᠬᠦᠭ ᠲᠠᠢ ᠶᠠᠪᠤᠭᠳᠠᠵᠤ ᠪᠠᠶᠢᠯ᠎ᠠ᠃ | | | | | | | ︽ ᠲᠥᠷᠥᠯ ᠵᠦᠢᠯ ᠢ 2023 ᠣᠨ ᠤ 9 ᠰᠠᠷ᠎ᠠ ᠳᠤ ᠪᠦᠬᠦ ᠲᠠᠯ᠎ᠠ ᠪᠠᠷ ᠡᠬᠢᠯᠡᠨ ᠪᠦᠲᠦᠭᠡᠨ ᠪᠠᠶᠢᠭᠤᠯᠵᠤ ᠂ ᠵᠢᠱᠢᠯᠲᠡ ᠪᠠᠷ 2025 ᠣᠨ ᠤ 12 ᠰᠠᠷ᠎ᠠ ᠳᠤ | ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠪᠣᠯᠣᠨ᠎ᠠ ᠂ ᠣᠳᠣᠬᠠᠨ ᠳᠤ ᠶᠠᠭ ᠰᠠᠶᠢᠬᠠᠨ ᠨᠢᠭᠡ ᠪᠠᠷᠢᠮᠵᠢᠶᠠᠲᠤ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠠᠵᠢᠯ | ᠢ ᠬᠢᠵᠦ ᠪᠤᠢ ᠂ ᠡᠭᠦᠨ ᠳᠤ ᠨᠡᠶᠢᠲᠡ 19 ᠲᠦᠮᠡᠨ ᠰᠠᠭᠤᠷᠢ ᠪᠠᠭᠠᠨ᠎ᠠ ᠪᠣᠰᠬᠠᠵᠤ ᠂ 3.2 ᠲᠦᠮᠡᠨ ᠳᠤᠭᠤᠶᠢᠯᠠᠩ ᠲᠤᠯᠬᠤ ᠵᠢᠶᠠᠰᠠ ᠤᠭᠰᠠᠷᠠᠵᠤ ᠪᠠᠶᠢᠨ᠎ᠠ ︾ ᠭᠡᠵᠤ | ᠥᠪᠥᠷ ᠮᠣᠩᠭᠤᠯ ᠤᠨ ᠯᠢᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠠᠯᠪᠠᠨ ᠭᠡᠷ ᠤᠨ ᠲᠤᠰᠬᠠᠢ ᠲᠤᠰᠢᠶᠠᠯᠲᠠᠨ ᠵᠧᠦ ᠰᠢᠤᠸᠠᠢ ᠴᠦᠨ | ᠲᠠᠨᠢᠯᠴᠠᠭᠤᠯᠤᠨ᠎ᠠ ᠃ | ᠣᠶᠢᠯᠠᠭᠠᠭᠰᠠᠨ ᠢᠶᠠᠷ ᠂ ᠲᠣᠰ ᠲᠥᠷᠥᠯ ᠵᠦᠢᠯ ᠤᠨ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 55 ᠳ᠋ᠦᠩᠰᠢᠭᠤᠷ ᠲᠥᠭᠦᠷᠢᠭ ᠪᠠᠶᠢᠵᠤ ᠂ ᠶᠡᠷᠦᠩᠬᠡᠢ ᠮᠠᠰᠢᠨ | ᠴᠣᠭᠴᠠᠯᠠᠪᠤᠷᠢ ᠶᠢᠨ ᠪᠠᠭᠲᠠᠭᠠᠮᠵᠢ ᠨᠢ 1100MW ︵ ᠰᠣᠯᠢᠯᠴᠠᠭᠠᠨ ᠤ ᠲᠠᠯ᠎ᠠ ︶ ᠪᠠᠶᠢᠵᠤ ᠂ 220kV ᠤᠨ ᠬᠦᠴᠦᠳᠡᠯ ᠳᠡᠭᠡᠭᠰᠢᠯᠡᠭᠦᠯᠬᠦ ᠥᠷᠲᠡᠭᠡ ᠶᠢ | ᠢᠵᠢ ᠪᠦᠷᠢᠳᠦᠭᠦᠯᠦᠨ 2 ᠪᠠᠶᠢᠭᠤᠯᠵᠤ ᠂ ᠴᠠᠬᠢᠯᠭᠠᠨ ᠭᠠᠷᠭᠠᠯᠲᠠ ᠶᠢ ᠴᠤᠭᠯᠠᠭᠤᠯᠤᠭᠰᠠᠨ ᠤ ᠳᠠᠷᠠᠭ᠎ᠠ ᠥᠪᠥᠷ ᠮᠣᠩᠭᠤᠯ ᠤᠨ ᠪᠠᠷᠠᠭᠤᠨ ᠬᠡᠰᠡᠭ ︱ ᠲᠢᠶᠠᠨᠵᠢᠨ ᠤ | ᠡᠮᠦᠨ᠎ᠠ ᠬᠦᠷᠬᠦ ᠭᠠᠳᠠᠭᠰᠢ ᠨᠡᠪᠲᠡᠷᠡᠬᠦ ᠵᠠᠮ ᠳᠤ ᠬᠦᠷᠭᠡᠨ᠎ᠡ ᠃ ᠲᠣᠰ ᠢᠨᠵᠧᠨᠧᠷᠢᠩ ᠪᠣᠯ ᠤᠯᠤᠰ ᠤᠨ ᠬᠤᠶᠠᠳᠤᠭᠠᠷ ᠪᠦᠯᠦᠭ ᠡᠯᠡᠰᠦ ᠮᠠᠩᠬ᠎ᠠ ᠂ ᠭᠤᠪᠢ ᠂ ᠡᠯᠡᠰᠦᠨ | ᠴᠥᠯ ᠤᠨ ᠭᠠᠵᠠᠷ ᠣᠷᠣᠨ ᠤ ᠭᠤᠣᠯᠳᠠᠯᠭ᠎ᠠ ᠲᠠᠢ ᠲᠣᠮᠣ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ | ᠪᠣᠯᠬᠤ ᠪᠥᠭᠡᠳ 2023 ᠣᠨ ᠤ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠨᠠᠷᠢᠨ ᠲᠠᠩᠰᠠᠨ ᠳᠤ | ᠣᠷᠣᠭᠰᠠᠨ ᠶᠤᠮ ᠃ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠭᠰᠠᠨ ᠤ ᠳᠠᠷᠠᠭ᠎ᠠ ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠣᠷᠣᠨ ᠳᠤ 20 | ᠳ᠋ᠦᠩᠰᠢᠭᠤᠷ ᠭᠷᠡᠳᠦ᠋ᠰ ᠪᠤᠬᠢᠷᠳᠤᠯ ᠦᠭᠡᠢ ᠭᠠᠷᠭᠠᠯᠳᠠ ᠶᠢᠨ ᠴᠠᠬᠢᠯᠭᠠᠨ ᠢ ᠬᠦᠷᠭᠡᠵᠦ ᠂ ᠪᠠᠷᠢᠮᠵᠢᠶᠠᠲᠤ ᠨᠡᠭᠦᠷᠡᠰᠦ ᠬᠡᠷᠡᠭᠯᠡᠬᠦ ᠬᠡᠮᠵᠢᠶ᠎ᠡ ᠶᠢ 80 ᠲᠦᠮᠡᠨ ᠲᠣᠨ/ᠵᠢᠯ | ᠪᠠᠭᠠᠰᠬᠠᠵᠤ ᠂ ᠬᠦᠬᠦᠷ ᠤᠨ ᠳᠠᠪᠬᠤᠷ ᠢᠰᠦᠯ ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠬᠡᠢ ᠪᠡᠶᠡᠲᠦ ᠶᠢᠨ ᠵᠢᠯ ᠤᠨ ᠭᠠᠳᠠᠭᠰᠢᠯᠠᠭᠤᠯᠤᠯᠲᠠ ᠶᠢ 410 | ᠭᠠᠷᠤᠢ ᠲᠦᠮᠡᠨ ᠲᠣᠨ ᠪᠠᠭᠤᠷᠠᠭᠤᠯᠤᠨ᠎ᠠ ᠃ | ᠵᠧᠦ ᠰᠢᠤᠸᠠᠢ ᠴᠦᠨ ᠄ ︽ᠲᠦᠷᠦᠯ ᠵᠦᠢᠯ ᠪᠠᠶᠢᠭᠤᠯᠤᠭᠳᠠᠭᠰᠠᠨ ᠤ ᠳᠠᠷᠠᠭ᠎ᠠ᠂ ᠪᠤᠬᠢᠷᠳᠤᠯ ᠦᠭᠡᠢ ᠭᠠᠷᠭᠠᠯᠳᠠ ᠶᠢᠨ ᠴᠠᠬᠢᠯᠭᠠᠨ ᠤ ᠡᠬᠢ ᠪᠠᠶᠠᠯᠢᠭ ᠤᠨ | ᠬᠠᠩᠭᠠᠯᠭ᠎ᠠ ᠶᠢ ᠨᠡᠮᠡᠭᠳᠡᠭᠦᠯᠵᠦ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠡᠨᠧᠷᠭᠢ ᠶᠢᠨ ᠠᠷᠢᠭᠤᠨ ᠴᠡᠪᠡᠷ ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠬᠡᠯᠪᠡᠷᠢ ᠶᠢ ᠬᠤᠪᠢᠷᠠᠭᠤᠯᠬᠤ ᠪᠠ︿ᠬᠤᠣᠰ ᠨᠡᠭᠦᠷᠡᠰᠦᠲᠥ᠋ᠷᠥᠭᠴᠢ﹀ ᠶᠢᠨ ᠬᠠᠷᠠᠯᠲᠠ ᠶᠢ ᠨᠠᠶᠢᠳᠠᠪᠤᠷᠢᠵᠢᠭᠤᠯᠬᠤ ᠳᠤ ᠬᠦᠴᠦ ᠨᠡᠮᠡᠷᠢᠯᠡᠬᠦ ᠶᠢᠨ ᠬᠠᠮᠲᠤ ᠂ | ᠪᠠᠰᠠ ᠬᠥᠪᠴᠢ ᠶᠢᠨ ᠡᠯᠡᠰᠦᠨ ᠴᠦᠯ ᠤᠨ ᠣᠷᠣᠨ ᠪᠦᠰᠡ ᠶᠢᠨ ᠠᠮᠢ ᠠᠬᠤᠢ ᠶᠢᠨ ᠰᠠᠶᠢᠵᠢᠷᠠᠯᠲᠠ ᠪᠠ ᠬᠥᠳᠡᠭᠡ ᠲᠣᠰᠬᠤᠨ ᠤ ᠠᠵᠤ ᠠᠬᠤᠢ ᠶᠢᠨ ᠪᠦᠲᠦᠭᠡᠨ | ᠪᠠᠶᠢᠭᠤᠯᠤᠯᠲᠠ ᠶᠢ ᠪᠦᠲᠦᠮᠵᠢᠲᠡᠢ ᠠᠬᠢᠭᠤᠯᠵᠤ ᠂ ᠢᠯᠡᠳᠲᠡ ᠠᠵᠤ ᠠᠬᠤᠢ ᠶᠢᠨ ᠦᠷ᠎ᠡ ᠠᠰᠢᠭ ᠂ ᠨᠡᠶᠢᠭᠡᠮ ᠤᠨ ᠦᠷ᠎ᠡ ᠠᠰᠢᠭ ᠪᠠ ᠠᠮᠢ ᠠᠬᠤᠢ ᠶᠢᠨ ᠦᠷ᠎ᠡ | ᠠᠰᠢᠭ ᠲᠠᠢ ᠪᠣᠯᠭᠠᠨ᠎ᠠ︾ ᠭᠡᠵᠦ ᠶᠠᠷᠢᠨ᠎ᠠ᠃ | | | | ᠡᠭᠦᠨ ᠤ ᠬᠠᠮᠳᠤ ᠂ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠦᠨ ᠳ᠋ᠠ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×100 | ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠢ ᠴᠦ ᠪᠠᠴᠢᠮ ᠶᠠᠭᠠᠷᠠᠯᠲᠠᠢ ᠪᠦᠲᠦᠭᠡᠨ | ᠪᠠᠶᠢᠭᠤᠯᠵᠤ ᠪᠤᠢ᠃ 1400 ᠪᠦᠲᠦᠭᠡᠨ ᠪᠠᠶᠢᠭᠤᠯᠤᠭᠴᠢ ᠨᠢᠭᠡᠳᠦᠭᠡᠷ ᠹᠷᠣᠨᠲ ᠢ ᠪᠠᠲᠤ ᠰᠠᠬᠢᠵᠤ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠬᠦ | ᠬᠦᠴᠦᠨ ᠢᠶᠠᠷ ᠠᠬᠢᠭᠤᠯᠵᠤ ᠂ ᠪᠠᠷᠢᠯᠭ᠎ᠠ ᠶᠢᠨ ᠬᠤᠭᠤᠴᠠᠭ᠎ᠠ ᠶᠢ ᠲᠣᠭᠲᠠᠭᠰᠠᠨ ᠬᠤᠭᠤᠴᠠᠭᠠᠨ ᠳᠤ ᠳᠠᠭᠤᠰᠬᠠᠬᠤ ᠶᠢ ᠪᠠᠲᠤᠯᠠᠨ᠎ᠠ ᠃ | ︽ 2023 ᠣᠨ ᠤ 10 ᠰᠠᠷ᠎ᠠ ᠳᠤ ᠠᠵᠢᠯ ᠡᠬᠢᠯᠡᠭᠦᠯᠵᠦ ᠂ ᠡᠨᠡ ᠵᠢᠯ ᠤᠨ 7 ᠰᠠᠷ᠎ᠠ ᠶᠢᠨ ᠰᠡᠭᠦᠯᠴᠢ ᠪᠣᠯᠲᠠᠯ᠎ᠠ ᠂ 17.81 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠵᠦ ᠂ ︵ ᠬᠢᠨᠠᠨ ᠵᠥᠪᠰᠢᠶᠡᠷᠡᠬᠦᠯᠦᠭᠰᠡᠨ ︶ ᠪᠥᠬᠦ ᠪᠡᠯᠡ ᠣᠷᠣᠭᠤᠯᠤᠯᠲᠠ ᠶᠢᠨ 22.64% ᠶᠢ ᠪᠡᠶᠡᠯᠡᠭᠦᠯᠵᠦ ᠂ ᠲᠤᠬᠠᠢ ᠶᠢᠨ | ᠲᠠᠯᠠᠪᠤᠷ ᠤᠨ ᠠᠮᠤᠷ ᠲᠦᠪᠰᠢᠨ ᠤ ᠶᠡᠷᠦᠩᠭᠡᠢ ᠴᠤᠬᠴᠠ︵ ᠪᠠᠶᠢᠳᠠᠯ ︶ ᠲᠣᠭᠲᠠᠭᠤᠨ ᠪᠠᠶᠢᠨ᠎ᠠ ᠃ ᠤᠳᠤᠬᠠᠨ ᠪᠣᠯᠲᠠᠯ᠎ᠠ ᠂ ᠭᠦᠸᠧᠯᠦ ᠶᠢᠨ ᠭᠤᠣᠯ | ᠦᠢᠯᠡᠳᠪᠦᠷᠢ ᠶᠢᠨ ᠲᠠᠰᠤᠭ ᠤᠨ ᠪᠣᠯᠣᠳ ᠵᠢᠶᠠᠰᠠ ᠶᠢ ᠳᠡᠭᠦᠵᠢᠯᠡᠨ ᠤᠭᠰᠠᠷᠠᠬᠤ ᠠᠵᠢᠯ ᠢ 85% ᠪᠡᠶᠡᠯᠡᠭᠦᠯᠵᠦ ᠂ 1 ᠂ 2 ᠳ᠋ᠤᠭᠠᠷ ᠲᠣᠭᠠᠲᠤ ᠬᠦᠢᠲᠡᠨ | ᠰᠤᠪᠤᠷᠭ᠎ᠠ ᠶᠢᠨ X ᠪᠠᠭᠠᠨ᠎ᠠ ᠶᠢ ᠳᠡᠭᠦᠵᠢᠯᠡᠨ ᠤᠭᠰᠠᠷᠠᠬᠤ ᠠᠵᠢᠯ ᠢ ᠳᠠᠭᠤᠰᠬᠠᠵᠤ ᠂ ᠪᠥᠬᠦ ᠦᠢᠯᠡᠳᠪᠦᠷᠢ ᠶᠢᠨ ᠬᠠᠷᠢᠶᠠᠲᠤ ᠰᠢᠰᠲ᠋ᠧᠮ ᠤᠨ ᠠᠵᠢᠯ ᠢ ᠪᠦᠬᠦᠨ ᠢ | ᠡᠬᠢᠯᠡᠭᠦᠯᠪᠡ ︾ ᠭᠡᠵᠦ ᠥᠪᠥᠷ ᠮᠣᠩᠭᠤᠯ ᠤᠨ ᠡᠨᠧᠷᠭᠢ ᠶᠢᠨ ᠪᠦᠯᠦᠭᠯᠡᠯ ᠤᠨ ᠵᠦᠨ ᠳ᠋ᠠ ᠬᠤᠶᠠᠳᠤᠭᠠᠷ ᠢᠯᠴᠢ ᠶᠢᠨ ᠴᠠᠬᠢᠯᠭᠠᠨ ᠤ ᠬᠢᠵᠠᠭᠠᠷᠲᠤ ᠺᠣᠮᠫᠠᠨᠢ ᠶᠢᠨ | ᠢᠨᠵᠧᠨᠧᠷᠢᠩ ᠤᠨ ᠭᠡᠯᠳᠡᠰ ᠤᠨ ᠰᠤᠷᠢᠨᠵᠢᠬᠰᠠᠨ ᠤᠰᠤᠨ ᠤ ᠭᠤᠣᠯ ᠬᠠᠮᠢᠶᠠᠷᠤᠭᠴᠢ ᠰᠢᠤᠸᠠᠢ ᠯᠧᠢ ᠶᠠᠷᠢᠨ᠎ᠠ᠃ | | | | ᠵᠦᠨ ᠳ᠋ᠠ ᠴᠠᠬᠢᠯᠭᠠᠨ ᠤ ᠦᠢᠯᠡᠳᠪᠦᠷᠢ ᠶᠢᠨ ᠬᠤᠶᠠᠳᠤᠭᠠᠷ ᠬᠤᠭᠤᠴᠠᠭᠠᠨ ᠤ 2×100 ᠲᠦᠮᠡᠨ ᠺᠢᠯᠣᠸᠠᠲ ᠤᠨ ᠨᠡᠭᠦᠷᠡᠰᠦ ᠴᠠᠬᠢᠯᠭᠠᠨ ᠢ ᠨᠢᠭᠡ | ᠴᠣᠭᠴᠠᠵᠢᠭᠤᠯᠤᠨ ᠥᠷᠭᠡᠳᠬᠡᠨ ᠪᠠᠶᠢᠭᠤᠯᠬᠤ ᠲᠦᠷᠦᠯ ᠵᠦᠢᠯ ᠨᠢ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠳ᠋ᠠ ᠯᠦ ᠠᠵᠤ ᠦᠢᠯᠡᠰ ᠤᠨ | ᠬᠦᠷᠢᠶᠡᠯᠡᠩ ᠳᠤ ᠪᠠᠶᠢᠷᠢᠯᠠᠵᠤ ᠂ 2022 ᠣᠨ ᠤ 12 ᠰᠠᠷ᠎ᠠ ᠳᠤ ᠥᠪᠥᠷ ᠮᠣᠩᠭᠤᠯ ᠤᠨ ᠪᠠᠷᠠᠭᠤᠨ ᠬᠡᠰᠡᠭ ᠤᠨ ᠭᠠᠵᠠᠷ ᠣᠷᠣᠨ ᠤ ᠰᠢᠨ᠎ᠡ ᠪᠠᠷ ᠨᠡᠮᠡᠭᠳᠡᠭᠰᠡᠨ | ᠥᠪᠡᠷᠰᠡᠳ ᠢᠶᠠᠨ ᠬᠡᠷᠡᠭᠯᠡᠬᠦ ᠨᠡᠭᠦᠷᠡᠰᠦ ᠴᠠᠬᠢᠯᠭᠠᠨ ᠤ ᠲᠦᠷᠦᠯ ᠵᠦᠢᠯ ᠤᠨ ᠲᠥᠯᠦᠪᠵᠢᠭᠦᠯᠭᠡ ᠳᠤ ᠣᠷᠣᠭᠤᠯᠵᠤ ᠂ 57.4 ᠲᠦᠮᠡᠨ ᠲᠡᠭᠰᠢ ᠳᠥᠷᠪᠡᠯᠵᠢᠨ ᠮᠧᠲᠷ | ᠭᠠᠵᠠᠷ ᠢ ᠡᠵᠡᠯᠡᠵᠦ ᠂ ᠶᠡᠷᠦᠩᠬᠡᠢ ᠪᠡᠯᠡ ᠣᠷᠣᠭᠤᠯᠤᠯᠲᠠ ᠨᠢ ᠪᠠᠷᠤᠭ 78.65 ᠳ᠋ᠦᠩᠰᠢᠭᠤᠷ ᠲᠥᠭᠦᠷᠢᠭ ᠲᠤ ᠬᠦᠷᠴᠡᠢ ᠃ 2×1000MW ᠥᠨᠳᠥᠷ ᠦᠷ᠎ᠡ | ᠠᠰᠢᠭ ᠲᠠᠢ ᠬᠡᠳᠤ ᠬᠢᠵᠠᠭᠠᠷ ᠠᠴᠠ ᠳᠠᠪᠠᠭᠰᠠᠨ᠂ ᠨᠢᠭᠡ ᠤᠳᠠᠭ᠎ᠠ ᠳᠤ ᠳᠤᠮᠳᠠ ᠨᠢ ᠲᠠᠬᠢᠨ ᠬᠠᠯᠠᠭᠤᠯᠤᠭᠰᠠᠨ᠂ ᠳᠠᠮ ᠢᠶᠠᠷ ᠠᠭᠠᠷ ᠢᠶᠠᠷ ᠬᠥᠷᠥᠭᠡᠬᠦ ᠠᠭᠤᠷ ᠤᠨ | ᠲᠦᠷᠪᠢᠨ ᠤ ᠴᠠᠷᠴᠠᠮᠠᠯ ᠠᠭᠤᠷ ᠤᠨ ᠲᠦᠷᠪᠢᠨ ᠤ ᠴᠠᠬᠢᠯᠭᠠᠨ ᠭᠠᠷᠭᠠᠬᠤ ᠮᠠᠰᠢᠨ ᠴᠣᠭᠴᠠᠯᠠᠪᠤᠷᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠵᠤ ᠂ ᠨᠡᠭᠦᠷᠡᠰᠦᠨ ᠤ | ᠢᠷᠡᠯᠳᠡ ᠳᠤ ᠳ᠋ᠠ ᠯᠦ ᠪᠠᠯᠭᠠᠰᠤᠨ ᠤ ᠯᠣᠣ ᠰᠠᠨ ᠭᠧᠦ ᠶᠢᠨ ᠢᠵᠢ ᠪᠦᠷᠢᠳᠦᠭᠦᠯᠦᠭᠰᠡᠨ ᠨᠡᠭᠦᠷᠡᠰᠦᠨ ᠠᠭᠤᠷᠬᠠᠢ ᠶᠢᠨ ᠰᠢᠳᠠᠮᠠᠯ ᠨᠡᠭᠦᠷᠡᠰᠦ ᠶᠢ ᠭᠡᠷᠡᠭᠯᠡᠵᠤ ᠂ | ᠬᠤᠭᠤᠯᠠᠢ ᠪᠦᠰᠡᠳᠤ ᠮᠠᠰᠢᠨ ᠢᠶᠠᠷ ᠦᠢᠯᠡᠳᠪᠦᠷᠢ ᠳᠤ ᠲᠡᠭᠡᠭᠡᠪᠦᠷᠢᠯᠡᠨ ᠣᠷᠣᠭᠤᠯᠵᠤ ᠂ ᠨᠡᠭᠦᠷᠡᠰᠦ ᠴᠠᠬᠢᠯᠭᠠᠨ ᠢ ᠲᠤᠬᠠᠢ ᠶᠢᠨ ᠭᠠᠵᠠᠷ ᠲᠤᠨᠢ ᠬᠤᠪᠢᠷᠠᠭᠤᠯᠬᠤ ᠶᠢ | ᠠᠬᠢᠭᠤᠯᠤᠨ᠎ᠠ᠃ | ᠰᠢᠤᠸᠠᠢ ᠯᠧᠢ ᠶᠢᠨ ᠲᠠᠨᠢᠯᠴᠠᠭᠤᠯᠤᠭᠰᠠᠨ ᠢᠶᠠᠷ ᠂ ᠲᠣᠰ ᠲᠥᠷᠥᠯ ᠵᠦᠢᠯ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠵᠢᠯ ᠤᠨ ᠴᠠᠬᠢᠯᠭᠠᠨ ᠭᠠᠷᠭᠠᠬᠤ ᠬᠡᠮᠵᠢᠶ᠎ᠡ ᠨᠢ | 100 ᠳ᠋ᠦᠩᠰᠢᠭᠤᠷ ᠺᠢᠯᠣᠸᠠᠲ ᠴᠠᠭ ᠲᠤ ᠬᠦᠷᠴᠦ ᠂ ᠥᠪᠥᠷ ᠮᠣᠩᠭᠤᠯ ᠤᠨ ᠪᠠᠷᠠᠭᠤᠨ ᠬᠡᠰᠡᠭ ᠤᠨ ᠴᠠᠬᠢᠯᠭᠠᠨ ᠲᠣᠣᠷ ᠤᠨ ᠴᠠᠬᠢᠯᠭᠠᠨ ᠬᠦᠴᠦᠨ ᠤ ᠠᠮᠤᠷ | ᠲᠦᠪᠰᠢᠨ ᠤ ᠬᠠᠩᠭᠠᠯᠭ᠎ᠠ ᠪᠠ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠨᠠᠶᠢᠳᠠᠪᠤᠷᠢᠲᠠᠢ ᠡᠨᠧᠷᠭᠢ ᠶᠢᠨ ᠲᠤᠯᠭᠠᠭᠤᠷᠢᠯᠠᠯ | ᠬᠠᠩᠭᠠᠬᠤ ᠪᠣᠯᠣᠨ᠎ᠠ ᠭᠡᠬᠦ ᠶᠤᠮ ᠃ | | | | ᠲᠦᠷᠦᠯ ᠵᠦᠢᠯ ᠬᠥᠭᠵᠢᠪᠡᠯ ᠠᠵᠤ ᠦᠢᠯᠡᠰ ᠬᠥᠭᠵᠢᠵᠦ ᠂ ᠲᠦᠷᠦᠯ ᠵᠦᠢᠯ ᠬᠦᠴᠦᠷᠬᠡᠭᠵᠢᠪᠡᠯ ᠠᠵᠤ ᠠᠬᠤᠢ ᠬᠦᠴᠦᠷᠬᠡᠭᠵᠢᠨ᠎ᠡ᠃ ᠣᠶᠢᠷ᠎ᠠ ᠶᠢᠨ ᠵᠢᠯ ᠠᠴᠠ ᠨᠠᠭᠠᠰᠢ ᠂ | ᠵᠡᠭᠦᠨᠭᠠᠷ ᠬᠤᠰᠢᠭᠤ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠠᠵᠤ ᠠᠬᠤᠢ ᠶᠢᠨ ᠬᠥᠭᠵᠢᠯᠲᠡ ᠶᠢ ᠠᠬᠢᠭᠤᠯᠬᠤ ︽ᠬᠦᠴᠦᠷᠬᠡᠭ ᠬᠥᠳᠡᠯᠭᠡᠭᠦᠷ︾ | ᠪᠠ︽ᠬᠠᠲᠠᠭᠤ ᠲᠤᠯᠭᠠᠭᠤᠷᠢᠯᠠᠯ︾ ᠪᠣᠯᠭᠠᠵᠤ ᠂ ᠨᠡᠩ ᠶᠡᠭᠡ ᠡᠷᠴᠢᠮ᠂ ᠨᠡᠩ ᠰᠢᠯᠢᠳᠡᠭ ᠦᠢᠯᠡᠴᠢᠯᠡᠭᠡ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠲᠦᠷᠦᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠠᠬᠢᠭᠤᠯᠵᠤ ᠪᠤᠢ ᠃ 2024 ᠣᠨ ᠳᠤ ᠂ ᠪᠥᠬᠦ ᠬᠤᠰᠢᠭᠤᠨ ᠳᠤ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠲᠠᠰ ᠤᠨ | ᠭᠤᠣᠯᠳᠠᠯᠭ᠎ᠠ ᠲᠠᠢ ᠲᠥᠷᠥᠯ ᠵᠦᠢᠯ ᠳᠤ 66 ᠳᠦᠷᠤᠯ ᠵᠤᠶᠢᠯ ︵ ᠰᠢᠨ᠎ᠡ ᠪᠠᠷ ᠪᠠᠶᠢᠭᠤᠯᠵᠤ ᠪᠠᠶᠢᠭ᠎ᠠ ᠳᠦᠷᠤᠯ ᠵᠤᠶᠢᠯ 47 ᠂ ᠦᠷᠭᠦᠯᠵᠢᠯᠡᠨ ᠪᠠᠶᠢᠭᠤᠯᠵᠤ ᠪᠠᠶᠢᠭ᠎ᠠ | ᠳᠦᠷᠤᠯ ᠵᠤᠶᠢᠯ 19 ︶ ᠣᠷᠣᠵᠤ ᠂ ᠶᠡᠷᠦᠩᠬᠡᠢ ᠪᠡᠯᠡ ᠣᠷᠣᠭᠤᠯᠤᠯᠲᠠ ᠨᠢ 1154.69 ᠳ᠋ᠦᠩᠰᠢᠭᠤᠷ ᠲᠥᠭᠦᠷᠢᠭ ᠪᠠᠶᠢᠵᠤ ᠂ ᠵᠢᠯ ᠤᠨ ᠳᠣᠲᠣᠷ᠎ᠠ 290.89 | ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠶᠢ ᠪᠡᠶᠡᠯᠡᠭᠦᠯᠬᠦ ᠪᠠᠷ ᠲᠥᠯᠥᠪᠯᠡᠵᠦ ᠂ 2024 ᠣᠨ ᠳᠤ 320.69 ᠳ᠋ᠦᠩᠰᠢᠭᠤᠷ ᠲᠥᠭᠦᠷᠢᠭ ᠤᠨ ᠪᠡᠯᠡ | ᠣᠷᠣᠭᠤᠯᠤᠯᠲᠠ ᠶᠢ ᠪᠡᠶᠡᠯᠡᠭᠦᠯᠬᠦ ᠪᠠᠷ ᠴᠢᠷᠮᠠᠶᠢᠨ᠎ᠠ ᠃ 7 ᠰᠠᠷ᠎ᠠ ᠶᠢᠨ ᠰᠡᠭᠦᠯᠴᠢ ᠪᠣᠯᠲᠠᠯ᠎ᠠ ᠂ 66 ᠲᠥᠷᠥᠯ ᠵᠦᠢᠯ ︵ ᠰᠢᠨ᠎ᠡ ᠪᠠᠷ ᠪᠠᠶᠢᠭᠤᠯᠵᠤ ᠪᠠᠶᠢᠭ᠎ᠠ ᠳᠦᠷᠤᠯ | ᠵᠤᠶᠢᠯ 47 ᠂ ᠦᠷᠭᠦᠯᠵᠢᠯᠡᠨᠪᠠᠶᠢᠭᠤᠯᠵᠤ ᠪᠠᠶᠢᠭ᠎ᠠ ᠳᠦᠷᠤᠯ ᠵᠤᠶᠢᠯ 19 ︶ ᠠᠵᠢᠯ ᠡᠬᠢᠯᠡᠭᠦᠯᠵᠦ ᠠᠵᠢᠯ ᠰᠡᠷᠬᠦᠭᠡᠨ ᠂ 178.34 ᠳ᠋ᠦᠩᠰᠢᠭᠤᠷ ᠲᠥᠭᠦᠷᠢᠭ ᠤᠨ | ᠳᠦᠷᠢ ᠳᠦᠷᠬᠦ ᠶᠢᠨ ᠪᠡᠯᠡ ᠣᠷᠣᠭᠤᠯᠤᠯᠲᠠ ᠶᠢ ᠪᠡᠶᠡᠯᠡᠭᠦᠯᠵᠦ ᠂ ᠵᠢᠯ ᠤᠨ ᠪᠡᠯᠡ ᠣᠷᠣᠭᠤᠯᠤᠯᠲᠠ ᠶᠢᠨ ᠲᠥᠯᠥᠪᠯᠡᠭᠡ ᠶᠢᠨ ᠢᠶᠠᠨ 61% ᠶᠢ ᠪᠡᠶᠡᠯᠡᠭᠦᠯᠪᠡ ᠃ | ︽ ᠡᠨᠡ ᠵᠢᠯ ᠂ ᠵᠡᠭᠦᠨᠭᠠᠷ ᠬᠤᠰᠢᠭᠤ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠦ ᠂ ᠪᠥᠬᠦ ᠤᠯᠤᠰ ᠤᠨ ᠲᠡᠷᠢᠭᠦᠨ ᠤ | ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠡᠬᠦᠳᠬᠦ ᠠᠵᠢᠯᠯᠠᠭᠠᠨ ᠤ ᠲᠥᠰᠥᠯ ︵ 100 ᠵᠤᠷᠪᠤᠰ ︶ ᠤᠨ ᠠᠷᠭ᠎ᠠ ᠬᠡᠮᠵᠢᠶ᠎ᠡ ᠶᠢ ᠨᠡᠶᠢᠲᠡᠯᠡᠨ ᠬᠡᠷᠡᠭᠵᠢᠭᠦᠯᠵᠦ ᠂ | ᠪᠥᠬᠦ ᠬᠤᠰᠢᠭᠤᠨ ᠤ ᠬᠢᠨᠠᠨ ᠵᠥᠪᠰᠢᠶᠡᠷᠡᠬᠦ ᠦᠢᠯᠡᠴᠢᠯᠡᠭᠡᠨ ᠤ ᠵᠦᠢᠯᠡᠰ ᠢ ᠰᠦᠯᠵᠢᠶ᠎ᠡ ᠪᠠᠷ ᠭᠦᠢᠴᠡᠳᠬᠡᠬᠦ ᠨᠣᠷᠮ᠎ᠠ 97% ᠠᠴᠠ ᠳᠡᠭᠡᠭᠰᠢ ᠳᠤ ᠬᠥᠷᠪᠡ ᠃ ᠵᠡᠭᠦᠨᠭᠠᠷ | ᠬᠤᠰᠢᠭᠤᠨ ᠤ ᠠᠷᠠᠳ ᠤᠨ ᠡᠵᠡᠩᠨᠡᠯᠲᠡ ᠶᠢᠨ ᠠᠵᠤ ᠠᠬᠤᠢ ᠶᠢᠨ ᠬᠥᠭᠵᠢᠯᠲᠡ ᠶᠢᠨ ᠲᠣᠪᠴᠢᠶ᠎ᠠ ᠶᠢ ᠪᠠᠶᠢᠭᠤᠯᠵᠤ ᠂ ᠬᠠᠮᠲᠤᠷᠠᠭᠰᠠᠨ ᠬᠤᠷᠠᠯ ᠤᠨ ᠳᠦᠷᠢᠮ ᠢ | ᠳᠤᠬᠳᠠᠭᠠᠨ ᠂ ᠠᠵᠤ ᠠᠬᠤᠶᠢᠯᠠᠯ ᠤᠨ ᠡᠬᠦᠳᠡᠨ ᠳᠤᠨᠢ ᠬᠦᠷᠴᠤ ᠦᠢᠯᠡᠴᠢᠯᠡᠨ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠳᠤᠮᠳᠠ ᠣᠷᠣᠰᠢᠵᠤ ᠪᠠᠶᠢᠭ᠎ᠠ | ᠬᠦᠴᠢᠷᠳᠡᠯ ᠲᠠᠢ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ ᠂ ᠬᠤᠳᠠᠯᠳᠤᠭ᠎ᠠ ᠡᠷᠭᠢᠯᠡᠬᠦ ᠣᠷᠴᠢᠨ ᠠᠬᠤᠢ ᠶᠢ ᠦᠷᠭᠦᠯᠵᠢᠯᠡᠨ ᠰᠢᠯᠢᠳᠡᠭᠵᠢᠭᠦᠯᠵᠤ ᠭᠠᠵᠠᠷ | ᠣᠷᠣᠨ ᠤ ᠬᠥᠭᠵᠢᠯᠲᠡ ᠳᠤ ᠦᠨᠡᠨ ᠪᠣᠳᠠᠲᠠᠢ ᠦᠷ᠎ᠡ ᠪᠦᠲᠦᠮᠵᠢ ᠠᠪᠴᠢᠷᠠᠬᠰᠠᠨ ᠪᠠᠶᠢᠨ᠎ᠠ ᠃ ᠳᠡᠭᠡᠷ᠎ᠡ ᠬᠠᠭᠠᠰ ᠵᠢᠯ ᠳᠤ ᠂ ᠤᠯᠤᠰ ᠂ ᠥᠪᠡᠷᠲᠡᠭᠡᠨ ᠵᠠᠰᠠᠬᠤ | ᠣᠷᠣᠨ ᠳᠤ ᠵᠢᠭᠰᠠᠭᠠᠭᠳᠠᠭᠰᠠᠨ ᠨᠢᠭᠡ ᠪᠦᠯᠦᠭ ᠭᠤᠣᠯᠳᠠᠯᠭ᠎ᠠ ᠲᠠᠢ ᠲᠥᠷᠥᠯ ᠵᠦᠢᠯ ᠢ ᠲᠦᠷᠭᠡᠳᠬᠡᠨ ᠠᠬᠢᠭᠤᠯᠵᠤ ᠂ ᠲᠣᠭᠲᠠᠮᠠᠯ ᠬᠥᠷᠥᠩᠭᠡ ᠶᠢᠨ ᠪᠡᠯᠡ | ᠣᠷᠣᠭᠤᠯᠤᠯᠲᠠ ᠶᠢ ᠵᠠᠭᠤᠨ ᠳ᠋ᠦᠩᠰᠢᠭᠤᠷ ᠲᠥᠭᠦᠷᠢᠭ ᠠᠴᠠ ᠳᠠᠪᠠᠭᠤᠯᠪᠠ ︾ ᠭᠡᠵᠦ ᠵᠡᠭᠦᠨᠭᠠᠷ ᠬᠤᠰᠢᠭᠤᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ | ᠵᠥᠪᠯᠡᠯ ᠤᠨ ᠡᠷᠬᠢᠯᠡᠭᠴᠢ ᠹᠦ᠋ ᠰᠢᠶᠦ᠋ᠩ ᠢ ᠲᠠᠨᠢᠯᠴᠠᠭᠤᠯᠤᠨ᠎ᠠ ᠃ | |