| ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠪᠠᠶᠢᠵᠤ ᠂ ᠠᠷᠠᠳ ᠤᠨ ᠠᠮᠢᠳᠤᠷᠠᠯ ᠨᠢ ᠠᠷᠠᠳ ᠤᠨ ᠰᠡᠳᠬᠢᠯ ᠲᠠᠢ ᠬᠤᠯᠪᠣᠯᠳᠤᠵᠤ | ᠪᠠᠶᠢᠳᠠᠭ ᠂ ᠠᠵᠢᠯ ᠣᠯᠭᠤᠯᠲᠠ ᠶᠢᠨ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠪᠣᠯ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢᠨ ︽ᠰᠠᠭᠤᠷᠢ | ᠴᠢᠯᠠᠭᠤ︾ ᠮᠥᠨ᠃ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠨᠡᠶᠢᠭᠡᠮ ᠤᠨ ᠪᠠᠶᠢᠳᠠᠯ ᠠᠷᠠᠳ ᠤᠨ ᠰᠠᠨᠠᠭ᠎ᠠ ᠲᠠᠢ ᠤᠶᠠᠯᠳᠤᠭᠤᠯᠵᠤ ᠂ ᠦᠨᠳᠦᠰᠦᠨ | ᠱᠠᠲᠤᠨ ᠤ ᠠᠵᠢᠯ ᠣᠯᠭᠤᠯᠲᠠ ᠶᠢᠨ ᠦᠢᠯᠡᠴᠢᠯᠡᠭᠡ ᠶᠢ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ ᠳᠤ ᠠᠭᠤᠰᠤᠯᠴᠠᠭᠤᠯᠵᠤ ᠂ ︽15 ᠮᠢᠨᠦ᠋ᠲ ᠤᠨ ᠠᠵᠢᠯ | ᠣᠯᠭᠤᠯᠲᠠ ᠶᠢᠨ ᠦᠢᠯᠡᠴᠢᠯᠡᠭᠡᠨ ᠤ ᠳᠤᠭᠤᠷᠢᠭ︾ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ ᠂ ᠭᠤᠣᠯᠳᠠᠯᠭ᠎ᠠ ᠲᠠᠢ ᠬᠦᠮᠤᠰ ᠤᠨ ᠠᠵᠢᠯ | ᠣᠯᠭᠤᠯᠲᠠ ᠶᠢ ᠬᠠᠪᠰᠤᠷᠤᠨ ᠲᠡᠳᠬᠦᠬᠦ ᠶᠢ ᠴᠢᠩᠭᠠᠳᠬᠠᠵᠤ ᠂ ᠦᠢᠯᠡᠴᠢᠯᠡᠭᠡᠨ ᠤ ᠵᠢᠭᠰᠠᠭᠠᠯ ᠤᠨ ᠭᠠᠵᠠᠷ ᠢ ︽ᠭᠡᠷ ᠤᠨ ᠡᠭᠦᠳᠡ︾ ᠳᠤᠨᠢ ᠬᠦᠷᠲᠡᠯ᠎ᠡ ᠥᠷᠭᠡᠳᠬᠡᠵᠡᠢ ᠃ | ᠰᠢᠷᠬᠡᠭ ᠰᠢᠷᠭᠡᠭ ᠨᠣᠣᠰᠣᠨ ᠤᠲᠠᠰᠤ ᠶᠢ ᠬᠥᠨᠳᠡᠯᠡᠨ ᠭᠤᠯᠳᠤ ᠪᠠᠷ ᠰᠦᠯᠵᠢᠨ ᠨᠡᠭᠡᠨᠠ ︔ ᠮᠦᠬᠦᠯᠢᠭ ᠮᠥᠬᠦᠯᠢᠭ ᠥᠩᠭᠡᠲᠦ ᠰᠤᠪᠤᠳ ᠢ ᠰᠣᠯᠪᠢᠴᠠᠭᠤᠯᠤᠨ | ᠴᠢᠮᠡᠵᠦ ᠂ ᠡᠯᠳᠡᠪ ᠶᠠᠩᠵᠤ ᠲᠠᠢ ᠪᠤᠯᠭᠠᠨ᠎ᠠ᠃ ᠶᠢᠩ ᠽᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ ᠲᠣᠭᠤᠷᠢᠭ ᠤᠨ ︽ ᠪᠠᠢ ᠵᠢᠶᠠ ᠬᠤᠩ — ᠡᠮᠡᠭᠲᠡᠶᠢᠴᠦᠳ | ᠬᠠᠮᠲᠤ ᠪᠠᠷ ᠪᠠᠶᠠᠵᠢᠨ ᠴᠢᠨᠡᠭᠡᠯᠢᠭᠵᠢᠬᠦ ᠦᠢᠯᠡᠳᠬᠡᠯ ᠤᠨ ᠭᠠᠵᠠᠷ ︾ ᠲᠤ ᠂ ᠰᠠᠭᠤᠭᠠᠯᠢ ᠠᠷᠠᠳ ᠲᠤᠰᠬᠠᠢ ᠮᠡᠷᠭᠡᠵᠢᠯ ᠤᠨ ᠪᠠᠭᠰᠢ ᠶᠢᠨ ᠵᠢᠯᠣᠭᠤᠳᠤᠯᠭ᠎ᠠ ᠳᠣᠣᠷ᠎ᠠ ᠂ | ᠵᠡᠭᠦᠦ ᠡᠬᠢᠯᠡᠬᠦᠯᠬᠦ ᠂ ᠤᠲᠠᠰᠤ ᠣᠷᠢᠶᠠᠬᠤ ᠂ ᠳᠡᠭᠡᠰᠦ ᠬᠦᠷᠦᠬᠦ ᠠᠵᠢᠯ ᠤᠳ ᠢ ᠬᠢᠵᠡᠭᠡᠨᠠ ᠁ ᠲᠠᠳᠠ ᠤᠷᠠᠨ ᠭᠠᠷ ᠢᠶᠠᠨ ᠬᠦᠳᠡᠯᠭᠡᠨ ᠂ ᠥᠩᠭᠡᠲᠦ ᠤᠲᠠᠰᠤ ᠶᠢ | ᠰᠦᠯᠵᠢᠯᠳᠦᠬᠦᠯᠤᠨ ᠨᠡᠭᠡᠵᠤ ᠂ ᠪᠥᠭᠡᠮ ᠪᠥᠭᠡᠮ ᠤᠲᠠᠰᠤ ᠨᠢ ᠶᠠᠭ ᠯᠠ ᠠᠮᠢ ᠣᠷᠣᠭᠰᠠᠨ ᠮᠡᠲᠦ ᠪᠣᠯᠵᠤ ᠂ ᠤᠳᠠᠯ ᠦᠭᠡᠢ ᠵᠢᠵᠢᠭ ᠭᠡᠵᠢᠭᠡᠨ ᠬᠠᠳᠬᠤᠭᠤᠷ ᠂ ᠪᠣᠭᠴᠣ ᠂ | ᠬᠤᠸᠠᠷ ᠴᠡᠴᠡᠭ ᠵᠡᠷᠭᠡ ᠴᠢᠮᠡᠭᠯᠡᠯ ᠤᠨ ᠡᠳ᠋ ᠪᠤᠶᠤ ᠡᠳᠦᠷ ᠲᠤᠲᠤᠮ ᠤᠨ ᠬᠡᠷᠡᠭᠯᠡᠭᠡᠨ ᠤ ᠡᠳ᠋ ᠪᠤᠯᠵᠤ ᠬᠤᠪᠢᠷᠠᠨ᠎ᠠ᠂ ᠡᠲᠡᠭᠡᠷ ︽ ᠵᠢᠵᠢᠭ ᠡᠳ᠋ᠯᠡᠯ ︾ ᠢ ᠬᠤ᠋ ᠳ᠋ᠦᠩ | ᠨᠡᠶᠢᠭᠡᠮ ᠲᠣᠭᠤᠷᠢᠭ ︽ ᠵᠠᠭᠤᠴᠢ ᠬᠥᠭᠦᠷᠭᠡ ︾ ᠪᠤᠯᠵᠤ ᠬᠠᠷᠢᠶᠠᠲᠤ ᠣᠷᠣᠨ ᠤ ᠡᠮᠡᠭᠲᠡᠶᠢᠴᠦᠳ ᠤᠨ ᠠᠵᠢᠯ ᠣᠯᠬᠤ ᠬᠦᠴᠢᠷ ᠠᠰᠠᠭᠤᠳᠠᠯ ᠢ ᠰᠢᠢᠳᠪᠦᠷᠢᠯᠡᠬᠦ ᠪᠠᠷ | ᠳᠠᠮᠵᠢᠨ ᠪᠦᠳᠤᠭᠡᠭᠰᠡᠨ ᠪᠠᠶᠢᠨ᠎ᠠ ᠃ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠵᠦ ᠂ ᠭᠠᠷ ᠤᠷᠠᠯᠠᠯ ᠤᠨ ᠨᠡᠬᠡᠮᠡᠯ ᠤᠨ ᠪᠦᠲᠦᠭᠡᠭᠳᠡᠬᠦᠨ ᠤ ᠣᠷᠣᠯᠭ᠎ᠠ ᠡᠭᠦᠳᠬᠦ ᠶᠢ | ᠠᠬᠢᠭᠤᠯᠬᠤ ᠶᠢᠨ ᠳᠤᠰᠠᠳᠠ᠂ ᠬᠤ᠋ ᠳ᠋ᠦᠩ ᠨᠡᠶᠢᠭᠡᠮ ᠲᠣᠭᠤᠷᠢᠭ ᠤᠨ ᠬᠢᠨ ᠡᠯᠡᠠᠵᠤ ᠠᠬᠤᠶᠢᠯᠠᠯ ᠂ ᠨᠢᠭᠡᠴᠢ ᠲᠠᠢ ᠢᠳᠡᠪᠬᠢᠲᠡᠢ ᠵᠣᠯᠭᠠᠭᠤᠯᠵᠤ ᠂ ᠲᠣᠭᠲᠠᠮᠠᠯ ᠪᠤᠰᠤ | ᠬᠤᠭᠤᠴᠠᠭ᠎ᠠ ᠲᠠᠢ ᠪᠠᠷ︽ᠳᠡᠯᠭᠡᠭᠡ ᠮᠠᠶᠢᠮᠠᠢ︾ ᠶᠢᠨ ᠠᠵᠢᠯᠯᠠᠭ᠎ᠠ ᠶᠢ ᠥᠷᠨᠢᠭᠦᠯᠵᠦ ᠂ ᠪᠠᠰᠠ ᠰᠢᠭᠤᠳ ᠨᠡᠪᠲᠡᠷᠡᠭᠦᠯᠭᠡ᠂ ᠵᠢᠷᠭᠢᠶ᠎ᠡ ᠶᠢᠨ ᠨᠠᠶᠢᠵᠢ ᠶᠢᠨ ᠲᠣᠭᠤᠷᠢᠭ ᠵᠡᠷᠭᠡ | ᠬᠡᠯᠪᠡᠷᠢ ᠪᠠᠷ ᠳᠠᠮᠵᠢᠭᠤᠯᠤᠨ ᠪᠦᠲᠦᠭᠡᠭᠳᠡᠬᠦᠨ ᠤ ᠪᠣᠷᠤᠯᠠᠭᠤᠯᠭ᠎ᠠ ᠶᠢᠨ ᠵᠠᠮ ᠢ ᠨᠡᠩ ᠥᠷᠭᠡᠵᠢᠭᠦᠯᠵᠡᠢ᠃ | | | ︽ᠥᠩᠭᠡᠷᠡᠭᠰᠡᠨ ᠳᠤ ᠬᠡᠦᠬᠡᠳ ᠪᠠᠭ᠎ᠠ ᠤᠴᠢᠷ ᠠᠴᠠ ᠭᠡᠷ ᠲᠡᠭᠡᠨ ᠬᠡᠦᠬᠡᠳ ᠢᠶᠠᠨ ᠠᠰᠠᠷᠠᠵᠤ ᠬᠠᠷᠠᠭᠠᠯᠵᠠᠵᠤ ᠪᠠᠶᠢᠪᠠ ᠂ ᠤᠳᠤ ᠬᠡᠦᠬᠡᠳ ᠦᠰᠴᠤ ᠶᠡᠭᠡ ᠪᠤᠯᠤᠬᠰᠠᠨ | ᠪᠤᠯᠬᠤᠷ ᠂ ᠨᠡᠶᠢᠭᠡᠮ ᠲᠣᠭᠤᠷᠢᠭ ᠠᠴᠠ ᠡᠵᠢ ᠶᠢᠨ ᠠᠵᠢᠯ ᠤᠨ ᠪᠠᠶᠢᠷᠢ ᠂ ᠪᠠᠢ ᠵᠢᠶᠠ ᠬᠤᠩ ︱ ᠡᠮᠡᠭᠲᠡᠶᠢᠴᠦᠳ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ | ᠪᠠᠶᠢᠭᠤᠯᠵᠤ ᠂ ᠳᠤᠰᠬᠠᠢ ᠪᠠᠭᠰᠢ ᠤᠷᠢᠨ ᠪᠢᠳᠡᠨ ᠳᠤ ᠨᠡᠬᠡᠮᠡᠯ ᠤᠨ ᠭᠠᠷ ᠤᠷᠠᠯᠠᠯ ᠤᠨ ᠪᠦᠲᠦᠭᠡᠭᠳᠡᠬᠦᠨ ᠬᠢᠬᠦ ᠶᠢ ᠵᠢᠭᠠᠵᠤ ᠥᠭᠴᠡᠢ᠂ ᠠᠳᠡ ᠢᠷᠡᠭᠰᠡᠨ ᠠᠴᠠ ᠨᠠᠭᠠᠰᠢ ᠂ | ᠮᠠᠰᠢ ᠤᠯᠠᠨ ᠡᠭᠡᠴᠢ ᠳᠡᠭᠦᠦ ᠲᠠᠢ ᠲᠠᠨᠢᠯᠴᠠᠵᠤ ᠂ ᠠᠵᠢᠯ ᠤᠨ ᠴᠢᠯᠦᠭᠡᠨ ᠤ ᠠᠮᠢᠳᠤᠷᠠᠯ ᠢᠶᠠᠨ ᠪᠠᠶᠠᠯᠢᠭᠵᠢᠭᠤᠯᠤᠬᠰᠠᠨ ᠢᠶᠠᠷ ᠦᠯᠤ ᠪᠠᠷᠠᠨ ᠪᠠᠰᠠ ᠬᠡᠦᠬᠡᠳ ᠢᠶᠠᠨ | ᠳᠠᠭᠠᠭᠤᠯᠵᠤ ᠪᠠᠶᠢᠬᠤ ᠬᠤᠭᠤᠴᠠᠭᠠᠨ ᠳᠠᠭᠠᠨ ᠪᠠᠭ᠎ᠠ ᠰᠠᠭ᠎ᠠ ᠵᠣᠭᠤᠰ ᠣᠯᠵᠤ ᠴᠢᠳᠠᠨ᠎ᠠ︾ ᠭᠡᠵᠦ ᠶᠢᠩᠽᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠸᠠᠩ ᠶᠢᠩ ᠶᠠᠷᠢᠨ᠎ᠠ᠃ | ᠣᠶᠢᠷ᠎ᠠ ᠶᠢᠨ ᠵᠢᠯ ᠤᠳ ᠲᠤ ᠂ ᠬᠠᠷᠢᠶᠠᠲᠤ ᠣᠷᠣᠨ ᠤ ᠭᠡᠷ ᠪᠦᠯᠢ ᠶᠢᠨ ᠡᠮᠡᠭᠲᠡᠶᠢᠴᠦᠳ ᠤᠨ ᠠᠵᠢᠯ ᠣᠯᠬᠤ ᠳᠤ ᠬᠦᠴᠢᠷᠲᠡᠢ ᠪᠠᠶᠢᠬᠤ ᠠᠰᠠᠭᠤᠳᠠᠯ ᠳᠤ ᠴᠢᠭᠯᠡᠭᠦᠯᠦᠨ ᠂ | ᠶᠢᠩ ᠽᠧ ᠵᠡᠭᠡᠯᠢ ᠭᠤᠳᠤᠮᠵᠢ ᠶᠢᠨ ᠬᠤ᠋ ᠳ᠋ᠦᠩ ᠨᠡᠶᠢᠭᠡᠮ ᠲᠣᠭᠤᠷᠢᠭ ᠤᠨ ᠬᠢᠨ ︽ 15 ᠮᠢᠨᠦ᠋ᠲ ᠤᠨ ᠠᠵᠢᠯ ᠣᠯᠭᠤᠬᠤ ᠦᠢᠯᠡᠴᠢᠯᠡᠭᠡᠨ ᠤ ᠲᠣᠭᠤᠷᠢᠭ ︾ ᠤᠨ | ᠲᠣᠭᠤᠷᠢᠨ ᠳᠤ ︽ ᠡᠵᠢ ᠶᠢᠨ ᠠᠵᠢᠯ ᠤᠨ ᠪᠠᠶᠢᠷᠢ ︾ ᠂ ︽ ᠪᠠᠢ ᠵᠢᠶᠠ ᠬᠤᠩ ︱ ᠡᠮᠡᠭᠲᠡᠶᠢᠴᠦᠳ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ ︾ ᠵᠡᠷᠭᠡ ᠶᠢ | ᠡᠬᠦᠳᠴᠤ ᠂ ︽ ᠵᠢᠭᠠᠨ ᠰᠤᠷᠭᠠᠬᠤ + ᠠᠵᠢᠯ ᠣᠯᠭᠤᠬᠤ + ᠦᠢᠯᠡᠰ ᠪᠦᠳᠤᠭᠡᠬᠦ ︾ ᠵᠠᠭᠪᠤᠷ ᠢᠶᠠᠷ ︽ ᠭᠡᠷ ᠤᠨ ᠡᠬᠦᠳᠡᠨ ︾ ᠳᠠᠬᠢ ᠠᠵᠢᠯ ᠣᠯᠭᠤᠬᠤ | ᠦᠢᠯᠡᠴᠢᠯᠡᠭᠡᠨ ᠤ ᠳᠤᠬᠳᠠᠯᠴᠠᠭ᠎ᠠ ᠶᠢ ᠬᠦᠴᠦᠯᠡᠨ ᠪᠠᠶᠢᠭᠤᠯᠵᠤ ᠂ ᠡᠮᠡᠭᠲᠡᠶᠢᠴᠦᠳ ᠤᠨ ᠭᠡᠷ ᠪᠦᠯᠢ ᠪᠠᠨ ᠬᠠᠷᠠᠭᠠᠯᠵᠠᠬᠤ ᠬᠡᠷᠡᠭᠴᠡᠭᠡ ᠶᠢ ᠬᠠᠩᠭᠠᠵᠤ ᠳᠡᠶᠢᠯᠬᠦ ᠮᠥᠷᠲᠡᠭᠡᠨ | ᠠᠵᠤ ᠠᠬᠤᠢ ᠶᠢᠨ ᠣᠷᠣᠯᠭ᠎ᠠ ᠶᠢ ᠴᠤ ᠨᠡᠮᠡᠭᠳᠡᠭᠦᠯᠵᠦ ᠪᠣᠯᠣᠨ᠎ᠠ ᠃ ᠡᠨᠡ ᠵᠢᠯ ᠂ ᠬᠤ᠋ ᠳ᠋ᠦᠩ ᠨᠡᠶᠢᠭᠡᠮ ᠲᠣᠭᠤᠷᠢᠭ ᠤᠨ ᠴᠣᠭᠴᠠᠯᠠᠭᠰᠠᠨ︽ᠪᠠᠢ ᠵᠢᠶᠠ ᠬᠤᠩ ︱ | ᠡᠮᠡᠭᠲᠡᠶᠢᠴᠦᠳ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ︾ ᠨᠢ ᠤᠯᠠᠨ ᠤ ᠬᠤᠷᠤᠭᠤᠨ ᠦᠵᠦᠭᠦᠷ ᠤᠨ ᠤᠷ᠎ᠠ ᠮᠡᠷᠭᠡᠵᠢᠯ ᠢ︽ᠬᠤᠷᠤᠭᠤᠨ ᠦᠵᠦᠭᠦᠷ ᠤᠨ ᠠᠵᠤ | ᠠᠬᠤᠢ︾ ᠪᠣᠯᠭᠠᠨ ᠬᠤᠪᠢᠷᠠᠭᠤᠯᠵᠠᠢ ᠃ ᠤᠳᠤᠬᠠᠨ ᠪᠣᠯᠲᠠᠯ᠎ᠠ ᠂ 50 ᠰᠣᠷᠣᠯᠭᠠᠳᠠᠨ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ ᠤᠨ ᠪᠣᠯᠪᠠᠰᠤᠷᠠᠯ ᠤᠨ ᠠᠩᠭᠢ | ᠠᠴᠠ ᠲᠡᠭᠦᠰᠴᠦ ᠂ 30 ᠰᠣᠷᠣᠯᠭᠠᠳᠠᠨ ᠠᠵᠢᠯ ᠣᠯᠵᠤ ᠂ ᠳᠡᠳᠡ ᠭᠡᠷ ᠤᠨ ᠡᠭᠦᠳᠡᠨ ᠳᠡᠭᠡᠷ᠎ᠠ ᠪᠠᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠵᠠᠪᠰᠢᠶᠠᠨ ᠲᠠᠢ | ᠪᠣᠯᠤᠭᠰᠠᠨ ᠪᠠᠶᠢᠨ᠎ᠠ ᠃ | 2023 ᠣᠨ ᠤ 5 ᠰᠠᠷ᠎ᠠ ᠳᠤ ᠂ ᠬᠤ᠋ ᠳ᠋ᠦᠩ ᠨᠡᠶᠢᠭᠡᠮ ᠲᠣᠭᠤᠷᠢᠭ ᠤᠨ ᠬᠢᠨ ᠡᠩ ᠲᠡᠷᠢᠭᠦᠨ ᠳᠤ ᠡᠵᠢ ᠶᠢᠨ ᠠᠵᠢᠯ ᠤᠨ ᠪᠠᠶᠢᠷᠢ ᠶᠢ ᠪᠠᠶᠢᠭᠤᠯᠤᠭᠰᠠᠨ ᠠᠴᠠ | ᠨᠠᠭᠠᠰᠢ ᠂ ᠶᠢᠩᠽᠧ ᠵᠡᠭᠡᠯᠢ ᠭᠤᠳᠤᠮᠵᠢ ᠶᠢᠨ ᠬᠢᠨ ᠬᠠᠷᠢᠶ᠎ᠠ ᠲᠣᠭᠤᠷᠢᠭ ᠤᠨ 30 ᠭᠠᠷᠤᠢ ᠡᠮᠡᠭᠲᠡᠶᠢᠴᠦᠳ ᠢ ᠬᠠᠪᠰᠤᠷᠤᠨ ᠠᠮᠢᠳᠤᠯᠢᠭ ᠢᠶᠠᠷ ᠠᠵᠢᠯ ᠣᠯᠭᠤᠪᠠ᠂ | ᠡᠭᠦᠨ ᠳᠤ ᠬᠡᠦᠬᠡᠳ ᠰᠠᠭᠠᠲᠠᠭᠤᠯᠬᠤ ᠪᠠᠭᠰᠢ ᠂ ᠠᠰᠠᠷᠠᠭᠴᠢ᠂ ᠬᠤᠭᠤᠯᠠᠨ ᠭᠡᠷ ᠤᠨ ᠠᠨᠢᠶ᠎ᠠ ᠵᠡᠷᠭᠡ ᠪᠤᠢ᠃ ᠡᠨᠡ ᠵᠢᠯ ᠤᠨ 6 ᠰᠠᠷ᠎ᠠ ᠳᠤ ᠂ ᠪᠠᠢ ᠵᠢᠶᠠ ᠬᠤᠩ ︱ | ᠡᠮᠡᠭᠲᠡᠶᠢᠴᠦᠳ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ ᠢ ᠪᠠᠶᠢᠭᠤᠯᠵᠤ ᠂ ᠭᠤᠣᠯᠳᠠᠭᠤ ᠠᠳᠠᠯᠢ ᠪᠤᠰᠤ ᠲᠥᠷᠥᠯ ᠤᠨ ᠴᠡᠴᠡᠭ ᠤᠨ ᠪᠠᠭᠴᠠ ᠂ ᠪᠣᠭᠴᠣ ᠂ | ᠬᠡᠦᠬᠡᠳ ᠤᠨ ᠲᠣᠯᠣᠭᠠᠢ ᠶᠢᠨ ᠵᠠᠰᠠᠯ ᠂ ᠬᠡᠦᠬᠡᠯᠳᠡᠢ ᠂ ᠳᠤᠷᠠᠰᠬᠠᠯ ᠤᠨ ᠡᠳ᠋ ᠵᠡᠷᠭᠡ ᠶᠢ ᠤᠷᠠᠯᠠᠨ ᠦᠢᠯᠡᠳᠦᠭᠰᠡᠨ ᠪᠠᠶᠢᠨ᠎ᠠ ᠃ ᠡᠮᠡᠭᠲᠡᠶᠢᠴᠦᠳ ᠤᠨ ᠬᠠᠮᠲᠤ ᠪᠠᠷ | ᠪᠠᠶᠠᠵᠢᠬᠤ ᠦᠢᠯᠡᠳᠬᠡᠯ ᠤᠨ ᠭᠠᠵᠠᠷ ᠨᠢ ᠡᠮᠡᠭᠲᠡᠶᠢᠴᠦᠳ ᠲᠤ ᠥᠪᠡᠷ ᠤᠨ ᠥᠷᠲᠡᠭ ᠢᠶᠠᠨ ᠪᠡᠶᠡᠯᠡᠭᠦᠯᠬᠦ ᠲᠠᠪᠴᠠᠩ ᠪᠠᠶᠢᠭᠤᠯᠤᠨ ᠥᠭᠴᠦ ᠂ ᠲᠡᠳᠡᠨ ᠤ ᠣᠷᠣᠯᠭ᠎ᠠ ᠶᠢᠨ | ᠬᠢᠷᠢ ᠲᠦᠪᠰᠢᠨ ᠢ ᠳᠡᠭᠡᠭᠰᠢᠯᠡᠭᠦᠯᠦᠭᠰᠡᠨ ᠢᠶᠠᠷ ᠪᠠᠷᠠᠬᠤ ᠦᠭᠡᠢ ᠂ ᠢᠲᠡᠭᠡᠯ ᠵᠣᠷᠢᠭ ᠪᠠ ᠠᠮᠵᠢᠯᠲᠠ ᠪᠦᠲᠦᠮᠵᠢ ᠶᠢᠨ ᠲᠥᠷᠥᠭᠳᠡᠯ ᠢ ᠨᠢ ᠤᠯᠠᠮ ᠨᠡᠮᠡᠭᠳᠡᠭᠦᠯᠦᠭᠰᠡᠨ | ᠪᠠᠶᠢᠨ᠎ᠠ ᠃ ᠬᠤᠶᠢᠰᠢᠳᠠ ᠂ ᠡᠮᠡᠭᠲᠡᠶᠢᠴᠦᠳ ᠬᠠᠮᠲᠤ ᠪᠠᠷ ᠪᠠᠶᠠᠵᠢᠬᠤ ᠦᠢᠯᠡᠳᠬᠡᠯ ᠤᠨ ᠭᠠᠵᠠᠷ ᠦᠷᠭᠦᠯᠵᠢᠯᠡᠨ ᠲᠤᠬᠠᠶᠢᠯᠠᠭᠰᠠᠨ ᠠᠵᠢᠯ ᠢᠶᠠᠨ ᠥᠷᠭᠡᠳᠬᠡᠵᠦ ᠂ ᠨᠠᠩ | ᠣᠯᠠᠨ ᠡᠮᠡᠭᠲᠡᠶᠢᠴᠦᠳ ᠢ ᠳᠠᠶᠢᠴᠢᠯᠠᠨ ᠬᠠᠮᠲᠤ ᠪᠠᠷ ᠪᠠᠶᠠᠵᠢᠬᠤ ᠪᠣᠯᠣᠨ᠎ᠠ ︾ ᠭᠡᠵᠦ ᠶᠢᠩ ᠽᠧ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ | ᠠᠵᠢᠯᠯᠠᠬᠤ ᠬᠤᠷᠢᠶ᠎ᠠ ᠶᠢᠨ ᠭᠡᠰᠢᠭᠦᠨ ᠂ ᠤᠬᠠᠭᠤᠯᠬᠤ ᠭᠡᠰᠢᠭᠦᠨ ᠬᠠᠨ ᠶᠢᠨ ᠯᠢᠨ ᠲᠠᠨᠢᠯᠴᠠᠭᠤᠯᠤᠨ᠎ᠠ ᠃ | ︽ 15 ᠮᠢᠨᠦ᠋ᠲ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠣᠭᠤᠷᠢᠭ ︾ ᠤᠨ ᠰᠠᠶᠢᠨ ᠡᠰᠡᠬᠦ ᠶᠢ ᠣᠯᠠᠨ ᠲᠦᠮᠡᠨ ᠤ ᠲᠥᠷᠥᠭᠳᠡᠯ ᠢᠶᠠᠷ ᠬᠠᠮᠤᠭ ᠤᠨ | ᠲᠡᠷᠢᠭᠦᠨ ᠤ ᠪᠠᠷᠢᠮᠵᠢᠶ᠎ᠠ ᠪᠤᠯᠭᠠᠨ᠎ᠠ ᠃ ᠱᠠᠬᠳᠠᠷ ᠪᠠᠯᠭᠠᠰᠤᠨ ᠤ ᠺᠠᠢ ᠶᠤᠸᠠᠨ ᠨᠡᠶᠢᠭᠡᠮ ᠲᠣᠭᠤᠷᠢᠭ ᠪᠣᠯ ᠬᠤᠳᠠ ᠬᠥᠳᠡᠭᠡ ᠤᠶᠠᠯᠳᠤᠭᠰᠠᠨ ᠨᠡᠶᠢᠲᠡᠯᠢᠭ ᠭᠠᠵᠠᠷ | ᠣᠷᠣᠨ ᠪᠣᠯᠣᠨ᠎ᠠ᠂ ᠨᠡᠶᠢᠭᠡᠮ ᠲᠣᠭᠤᠷᠢᠭ ᠤᠨ ᠬᠠᠷᠢᠭᠤᠴᠠᠯᠭᠠᠲᠠᠨ ᠲᠤᠬᠠᠢ ᠶᠢᠨ ᠭᠠᠵᠠᠷ ᠲᠤ ᠰᠢᠨᠵᠢᠯᠡᠨ ᠪᠠᠶᠢᠴᠠᠭᠠᠭᠰᠠᠨ ᠤ ᠲᠠᠷᠠᠭ᠎ᠠ᠂ ᠤᠶᠢᠷ᠎ᠠ ᠬᠠᠪᠢ ᠶᠢᠨ ᠶᠡᠭᠡ | ᠬᠡᠮᠵᠢᠶᠡᠨ ᠤ ᠢᠳᠡᠰᠢᠨ ᠨᠣᠭᠤᠭ᠎ᠠ ᠶᠢᠨ ᠬᠦᠯᠡᠮᠵᠢ ᠳᠤ ᠲᠦᠰᠢᠭᠯᠡᠨ ᠨᠡᠶᠢᠭᠡᠮ ᠲᠣᠭᠤᠷᠢᠭ ᠤᠨ ᠳᠠᠪᠤᠰᠤᠯᠠᠭᠰᠠᠨ ᠨᠣᠭᠤᠭ᠎ᠠ ᠶᠢᠨ ᠦᠢᠯᠡᠳᠪᠦᠷᠢ ᠪᠠᠶᠢᠭᠤᠯᠬᠤ ᠪᠠᠷ | ᠲᠣᠭᠲᠠᠵᠤ ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠦᠷᠦᠯ ᠵᠦᠢᠯ ᠢ ᠭᠤᠶᠤᠴᠢᠯᠠᠬᠤ ᠪᠠᠷ ᠳᠠᠮᠵᠢᠨ 60 ᠲᠦᠮᠡᠨ ᠲᠥᠭᠦᠷᠢᠭ ᠤᠨ ᠪᠡᠯᠡ ᠮᠥᠩᠭᠦ | ᠣᠯᠣᠭᠰᠠᠨ ᠤ ᠲᠠᠷᠠᠭ᠎ᠠ᠂ ᠦᠢᠯᠡᠳᠪᠦᠷᠢ ᠶᠢ ᠬᠦᠷ ᠬᠥᠭᠵᠢᠶᠡᠨ ᠲᠠᠢ ᠡᠷᠬᠢᠯᠡᠵᠡᠢ᠃ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠦ ᠼᠠᠢ ᠮᠧᠢ ᠤᠯᠠᠨ ᠵᠢᠯ ᠤᠨ | ᠲᠤᠷᠰᠢ ᠳᠠᠪᠤᠰᠤᠯᠠᠭᠰᠠᠨ ᠨᠣᠭᠤᠭ᠎ᠠ ᠳᠠᠪᠤᠰᠤᠯᠠᠬᠤ ᠤᠷ᠎ᠠ ᠮᠡᠷᠭᠡᠵᠢᠯ ᠢᠶᠠᠷ ᠢᠶᠠᠨ ᠨᠢᠭᠡᠨ ᠲᠤᠰᠬᠠᠢ ᠮᠡᠷᠭᠡᠵᠢᠯ ᠤᠨ ᠳᠠᠪᠤᠰᠤᠯᠠᠭᠰᠠᠨ ᠨᠣᠭᠤᠭ᠎ᠠ ᠳᠠᠪᠤᠰᠤᠯᠠᠬᠤ | ᠠᠵᠢᠯᠴᠢᠨ ᠪᠣᠯᠪᠠ᠂ ᠲᠡᠷᠡ ᠡᠳᠦᠷ ᠪᠤᠯᠭᠠᠨ ᠨᠡᠶᠢᠭᠡᠮ ᠲᠣᠭᠤᠷᠢᠭ ᠤᠨ ᠠᠵᠢᠯᠲᠠᠳ ᠲᠠᠢ ᠪᠠᠨ ᠬᠠᠮᠲᠤ ᠰᠢᠨ᠎ᠡ ᠰᠣᠷᠭᠤᠭ ᠨᠣᠭᠤᠭ᠎ᠠ ᠪᠠᠨ ᠤᠬᠢᠶᠠᠨ ᠴᠡᠪᠡᠷᠯᠡᠵᠦ ᠂ | ᠠᠷᠢᠯᠭᠠᠨ ᠂ ᠬᠡᠰᠡᠭᠯᠡᠨ ᠬᠡᠷᠴᠢᠵᠦ ᠂ ᠤᠯᠠᠮᠵᠢᠯᠠᠯᠲᠤ ᠭᠠᠷ ᠤᠷᠠᠯᠠᠯ ᠢᠶᠠᠷ ᠳᠠᠪᠤᠰᠤᠯᠠᠳᠠᠭ ᠪᠤᠯᠬᠤᠷ ᠳᠠᠪᠤᠰᠤᠯᠠᠭᠰᠠᠨ ᠨᠣᠭᠤᠭ᠎ᠠ ᠨᠢ ᠠᠮᠲᠠᠲᠠᠢ ᠪᠠᠶᠢᠵᠤ ᠂ ᠲᠤᠬᠠᠢ ᠶᠢᠨ | ᠭᠠᠵᠠᠷ ᠤᠨ ᠤᠯᠠᠨ ᠲᠦᠮᠡᠨ ᠤ ᠬᠦᠷᠢᠶᠡᠯᠡᠯ ᠢ ᠤᠯᠤᠭᠠᠳ ᠂ ᠵᠠᠬ᠎ᠠ ᠳᠡᠯᠭᠡᠭᠦᠷ ᠲᠤ ᠭᠠᠷᠤᠮᠠᠭᠴᠠ ᠪᠠᠨ ᠪᠤᠯᠢᠶᠠᠯᠳᠤᠨ ᠠᠪᠴᠠᠭᠠᠵᠤ ᠪᠤᠷᠤᠯᠠᠭᠤᠯᠭ᠎ᠠ ᠰᠠᠶᠢᠳᠠᠢ ᠪᠠᠶᠢᠨ᠎ᠠ᠃ | | | | ︽ ᠨᠢᠭᠡ ᠬᠤᠪᠢ ᠲᠣᠭᠲᠠᠪᠤᠷᠢᠲᠠᠢ ᠠᠵᠢᠯ ᠣᠯᠪᠠᠯ ᠂ ᠨᠢᠭᠡ ᠰᠠᠷ᠎ᠠ ᠳᠤ 4000 ᠭᠠᠷᠤᠢ ᠲᠥᠭᠦᠷᠢᠭ ᠣᠯᠵᠤ ᠂ ᠦᠪᠡᠷ ᠤᠨ ᠭᠡᠰᠡᠨ ᠣᠷᠣᠯᠭ᠎ᠠ ᠲᠠᠢ ᠪᠣᠯᠣᠨ᠎ᠠ ᠂ | ᠡᠭᠦᠨ ᠳᠤ ᠪᠢ ᠮᠠᠰᠢ ᠰᠡᠳᠬᠢᠯ ᠬᠠᠨᠤᠮᠵᠢᠲᠠᠶ ᠪᠠᠶᠢᠨ᠎ᠠ ︾ ᠭᠡᠵᠦ ᠱᠠᠬᠳᠠᠷ ᠪᠠᠯᠭᠠᠰᠤᠨ ᠤ ᠺᠠᠢ ᠶᠤᠸᠠᠨ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠵᠧᠦ ᠼᠠᠢ ᠮᠧᠢ | ᠶᠠᠷᠢᠨ᠎ᠠ᠃ | ︽ ᠦᠢᠯᠡᠳᠬᠦᠨ ᠤ ᠥᠷᠲᠡᠭ ᠵᠢᠱᠢᠯᠲᠡ ᠪᠠᠷ 50 ᠲᠦᠮᠡᠨ ᠲᠥᠭᠦᠷᠢᠭ ᠲᠤ ᠬᠦᠷᠬᠦ ᠪᠣᠯᠣᠨ᠎ᠠ ᠂ ᠡᠨᠡ ᠨᠢ ᠵᠠᠷᠢᠮ ᠠᠵᠢᠯ ᠦᠭᠡᠢ ᠰᠠᠭᠤᠭᠠᠯᠢ ᠠᠷᠠᠳ ᠢ | ᠳᠠᠶᠢᠴᠢᠯᠠᠨ ᠠᠵᠢᠯ ᠣᠯᠭᠤᠵᠤ ᠴᠢᠳᠠᠬᠤ ᠪᠠᠷ ᠪᠠᠷᠠᠬᠤ ᠦᠭᠡᠢ ᠪᠠᠰᠠ ᠤᠶᠢᠷ᠎ᠠ ᠬᠠᠪᠢ ᠶᠢᠨ ᠲᠣᠮᠣ ᠬᠦᠯᠡᠮᠵᠢᠨ ᠤ ᠲᠠᠷᠢᠶᠠᠴᠢᠨ ᠡᠷᠦᠬᠡ ᠶᠢᠨ ᠣᠷᠣᠯᠭ᠎ᠠ ᠶᠢ | ᠨᠡᠮᠡᠭᠳᠡᠭᠦᠯᠵᠦ ᠴᠢᠳᠠᠬᠤ ᠶᠤᠮ ︾ ᠭᠡᠵᠦ ᠱᠠᠬᠳᠠᠷ ᠪᠠᠯᠭᠠᠰᠤᠨ ᠤ ᠺᠠᠢ ᠶᠤᠸᠠᠨ ᠨᠡᠶᠢᠭᠡᠮ ᠲᠣᠭᠤᠷᠢᠭ ᠤᠨ ᠨᠠᠮ ᠤᠨ ᠡᠭᠦᠷ ᠤᠨ ᠱᠦᠵᠢ ᠵᠢᠶᠠ ᠵᠢᠶᠦ᠋ᠨ ᠰᠢᠶᠠ ᠶᠠᠷᠢᠨ᠎ᠠ᠃ | ᠨᠡᠶᠢᠭᠡᠮ ᠲᠣᠭᠤᠷᠢᠭ ᠬᠡᠳᠦᠶᠢᠪᠡᠷ ᠪᠠᠭ᠎ᠠ ᠪᠣᠯᠪᠠᠴᠤ ᠲᠦᠭ ᠲᠦᠮᠡᠨ ᠠᠶᠢᠯ ᠡᠷᠦᠬᠡ ᠲᠠᠢ ᠬᠤᠯᠪᠣᠭᠳᠠᠵᠤ ᠂ ᠠᠵᠢᠯ ᠣᠯᠭᠤᠯᠲᠠ ᠶᠢᠨ ᠠᠵᠢᠯ ᠨᠢ ᠠᠷᠠᠳ | ᠢᠷᠭᠡᠳ ᠠᠴᠠ ᠬᠠᠮᠤᠭ ᠤᠨ ᠣᠶᠢᠷ᠎ᠠ ᠪᠠᠶᠢᠵᠤ ᠂ ᠠᠷᠠᠳ ᠢᠷᠭᠡᠳ ᠤᠨ ᠠᠮᠢᠳᠤᠷᠠᠯ ᠲᠠᠢ ᠬᠠᠮᠤᠭ ᠤᠨ ᠨᠢᠭᠲᠠ ᠬᠤᠯᠪᠤᠯᠳᠤᠵᠤ ᠪᠠᠶᠢᠳᠠᠭ ᠂ ᠠᠵᠢᠯ ᠤᠯᠵᠤ ᠦᠢᠯᠡᠰ | ᠪᠦᠳᠤᠭᠡᠬᠦ ᠶᠢ ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠬᠦ ᠨᠢ ᠠᠷᠠᠳ ᠢᠷᠭᠡᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠪᠦᠲᠦᠮᠵᠢᠲᠡᠢ ᠳᠡᠭᠡᠭᠰᠢᠯᠡᠭᠦᠯᠵᠦ | ᠴᠢᠳᠠᠨ᠎ᠠ᠃ ᠲᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤ ᠤᠯᠠᠨ ᠲᠦᠮᠡᠨ ᠤ ᠭᠡᠷ ᠤᠨ ᠡᠭᠦᠳᠡᠨ ᠳᠠᠬᠢ ᠠᠵᠢᠯ ᠣᠯᠭᠤᠯᠲᠠ ᠶᠢ ᠲᠠᠰᠤᠷᠠᠯᠲᠠ ᠦᠭᠡᠢ | ᠠᠬᠢᠭᠤᠯᠵᠤ ᠂ ︽15 ᠮᠢᠨᠦ᠋ᠲ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠳᠤᠭᠤᠷᠢᠭ︾ ᠢ ᠬᠤᠷᠳᠤᠴᠠ ᠪᠠ ᠨᠠᠷᠢᠯᠢᠭ ᠤᠨ ᠬᠡᠮᠵᠢᠶ᠎ᠡ ᠲᠠᠢ ᠪᠣᠯᠭᠠᠬᠤ ᠪᠠᠷ ᠦᠯᠤ | ᠪᠠᠷᠠᠨ ᠂ ᠨᠡᠩ ᠴᠤ ᠳᠤᠯᠠᠭᠠᠴᠠ ᠶᠢᠨ ᠬᠡᠮᠵᠢᠶ᠎ᠡ ᠪᠠ ᠬᠠᠨᠤᠮᠵᠢ ᠶᠢᠨ ᠬᠡᠮᠵᠢᠶ᠎ᠡ ᠲᠠᠢ ᠪᠣᠯᠭᠠᠨ᠎ᠠ᠃ | | | | | |