ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠪᠠ ᠸᠠᠩ ᠯᠢ ᠰᠢᠶᠠ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2024/9/5
    9 ᠰᠠᠷ᠎ᠠ ᠶᠢᠨ 4 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ᠣᠷᠣᠨ ᠪᠦᠰᠡ ᠶᠢᠨ ᠵᠣᠬᠢᠴᠠᠩᠭᠤᠢ ᠴᠢᠨᠠᠷ ᠰᠠᠶᠢᠲᠠᠢ ᠬᠥᠭᠵᠢᠯᠲᠡ ᠂ ᠠᠭᠤᠷ ᠠᠮᠢᠰᠬᠤᠯ ᠤᠨ ᠬᠤᠪᠢᠷᠠᠯᠲᠠ ᠶᠢ ᠠᠷᠭᠠᠴᠠᠭᠠᠬᠤ ᠪᠠ ᠡᠨᠧᠷᠭᠢ ᠠᠷᠪᠢᠯᠠᠵᠤ ᠪᠣᠬᠢᠷᠳᠤᠯ ᠢ ᠪᠠᠭᠠᠰᠬᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃    ᠬᠤᠷᠠᠯ ᠠᠴᠠ 8 ᠰᠠᠷ᠎ᠠ ᠶᠢᠨ 23 ᠤ ᠡᠳᠦᠷ ᠤᠨ ᠲᠥᠪ ᠤᠨ ᠤᠯᠤᠰ ᠲᠥᠷᠥ ᠶᠢᠨ ᠲᠣᠪᠴᠢᠶᠠᠨ ᠤ ᠬᠤᠷᠠᠯ ᠤᠨ ᠵᠣᠷᠢᠭ ᠰᠠᠨᠠᠭ᠎ᠠ ᠪᠣᠯᠣᠨ ᠲᠥᠪ ᠤᠨ ᠥᠭᠡᠷᠡᠴᠢᠯᠡᠯᠲᠡ ᠶᠢ ᠪᠦᠭᠦ ᠲᠠᠯ᠎ᠠ ᠪᠠᠷ ᠭᠦᠨᠵᠡᠭᠡᠶᠢᠷᠡᠭᠦᠯᠬᠦ ᠬᠤᠷᠢᠶ᠎ᠠ ᠶᠢᠨ ᠵᠢᠷᠭᠤᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠪᠠᠷᠠᠭᠤᠨ ᠣᠷᠣᠨ ᠢ ᠶᠡᠭᠡ ᠪᠠᠷ ᠨᠡᠭᠡᠭᠡᠨ ᠬᠥᠭᠵᠢᠭᠦᠯᠬᠦ ᠶᠢ ᠠᠬᠢᠭᠤᠯᠵᠤ ᠰᠢᠨ᠎ᠡ ᠪᠠᠶᠢᠷᠢᠰᠢᠯ ᠢ ᠪᠦᠷᠢᠯᠳᠦᠭᠦᠯᠬᠦ ᠲᠤᠬᠠᠢ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠭᠦᠨᠵᠡᠭᠡᠢ ᠲᠤᠭᠤᠰᠢᠯᠠᠭᠤᠯᠵᠤ ᠂ ᠬᠤᠶᠠᠷ ᠶᠡᠭᠡ ᠶᠠᠪᠤᠳᠠᠯ ᠢ ᠪᠦᠭᠦ ᠬᠦᠴᠦᠨ ᠢᠶᠠᠷ ᠢᠶᠠᠨ ᠰᠠᠶᠢᠲᠤᠷ ᠬᠢᠵᠦ ᠂ ᠥᠭᠡᠷᠡᠴᠢᠯᠡᠯᠲᠡ ᠶᠢᠨ ᠠᠷᠭ᠎ᠠ ᠪᠣᠯᠣᠨ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ᠣᠨᠴᠠᠯᠢᠭᠲᠤ ᠠᠵᠤ ᠦᠢᠯᠡᠰ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠤ ᠂ ᠪᠡᠭᠡᠵᠢᠩ ᠯᠦᠭᠡ ᠶᠢᠨ ᠪᠦᠭᠦ ᠲᠠᠯ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ ᠂ ᠶᠡᠭᠡ ᠪᠠᠷ ᠬᠠᠮᠠᠭᠠᠯᠠᠬᠤ ᠂ ᠶᠡᠭᠡ ᠪᠠᠷ ᠨᠡᠭᠡᠭᠡᠯᠲᠡ ᠬᠢᠬᠦ ᠂ ᠴᠢᠨᠠᠷ ᠰᠠᠶᠢᠲᠠᠢ ᠬᠥᠭᠵᠢᠭᠦᠯᠬᠦ ᠰᠢᠨ᠎ᠡ ᠪᠠᠶᠢᠷᠢᠰᠢᠯ ᠢ ᠪᠦᠷᠢᠯᠳᠦᠭᠦᠯᠬᠦ ᠶᠢ ᠲᠦᠷᠭᠡᠳᠬᠡᠨ ᠠᠬᠢᠭᠤᠯᠬᠤ ᠬᠡᠷᠡᠭᠲᠡᠢ ᠃ ᠲᠥᠪ ᠤᠨ ᠥᠭᠡᠷᠡᠴᠢᠯᠡᠯᠲᠡ ᠶᠢᠨ ᠠᠵᠢᠯ ᠤᠨ ᠬᠤᠪᠢᠶᠠᠷᠢᠯᠠᠯ ᠤᠨ ᠲᠥᠰᠥᠯ ᠲᠠᠢ ᠬᠠᠷᠢᠴᠠᠭᠤᠯᠵᠤ ᠂ ᠲᠡᠷᠢᠭᠦᠨ ᠤ ᠲᠤᠷᠰᠢᠯᠭ᠎ᠠ ᠶᠢ ᠰᠤᠷᠤᠯᠴᠠᠨ ᠲᠣᠯᠢ ᠪᠤᠯᠭᠠᠵᠤ ᠂ ᠠᠯᠳᠠᠭ᠎ᠠ ᠪᠤᠷᠤᠭᠤ ᠪᠠᠨ ᠵᠠᠯᠠᠷᠠᠭᠤᠯᠬᠤ ᠂ ᠲᠣᠭᠲᠠᠴᠠ ᠪᠠᠨ ᠥᠭᠡᠷᠡᠴᠢᠯᠡᠬᠦ ᠂ ᠪᠠᠶᠢᠷᠢᠯᠠᠭᠤᠯᠤᠯᠲᠠ ᠪᠠᠨ ᠥᠭᠡᠷᠡᠴᠢᠯᠡᠬᠦ ᠂ ᠰᠤᠷᠲᠠᠯ ᠢᠶᠠᠨ ᠰᠠᠶᠢᠵᠢᠷᠠᠭᠤᠯᠬᠤ ᠶᠢ ᠵᠡᠷᠭᠡ ᠪᠠᠷ ᠠᠳᠬᠤᠬᠤ ᠶᠢ ᠪᠠᠷᠢᠮᠲᠠᠯᠠᠵᠤ ᠂ ᠤᠯᠤᠰ ᠠᠴᠠ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠢ ᠢᠳᠡᠪᠬᠢᠲᠡᠢ ᠪᠠᠷ ᠲᠡᠮᠡᠴᠡᠨ ᠣᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ︽ ᠤᠯᠤᠰ ᠤᠨ ᠶᠡᠭᠡ ᠶᠠᠪᠤᠳᠠᠯ ︾ ᠢ ᠪᠠᠲᠤ ᠴᠡᠭᠡᠵᠢᠯᠡᠵᠦ ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠡᠷᠡᠰ ᠰᠠᠶᠢᠲᠤᠷ ᠨᠠᠶᠢᠳᠠᠪᠤᠷᠢᠵᠢᠭᠤᠯᠵᠤ ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ ᠂ ᠪᠣᠬᠢᠷᠳᠤᠯ ᠦᠭᠡᠢ ᠬᠥᠭᠵᠢᠭᠦᠯᠬᠦ ᠤᠳᠤᠷᠢᠳᠤᠮᠵᠢ ᠶᠢ ᠳᠣᠪᠤᠶᠢᠯᠭᠠᠵᠤ ᠂ ᠲᠠᠩᠰᠠ ᠲᠤᠰᠢᠶᠠᠬᠤ ᠤᠬᠠᠮᠰᠠᠷ ᠢᠶᠠᠨ ᠴᠢᠩᠭᠠᠳᠬᠠᠵᠤ ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠃ ᠰᠢᠰᠲ᠋ᠧᠮᠲᠦ ᠰᠡᠳᠬᠢᠬᠦᠢ ᠪᠠᠨ ᠴᠢᠩᠭᠠᠳᠬᠠᠵᠤ ᠂ ᠤᠰᠤᠨ ᠤ ᠡᠬᠢ ᠪᠠᠶᠠᠯᠢᠭ ᠤᠨ ᠬᠠᠮᠠᠭᠠᠯᠠᠯᠲᠠ ᠬᠠᠮᠢᠶᠠᠷᠤᠯᠲᠠ ᠪᠠᠨ ᠴᠢᠩᠭᠠᠳᠬᠠᠵᠤ ᠂ ᠬᠠᠳᠤᠨ ᠭᠤᠣᠯ ᠤᠨ ︽ ᠶᠡᠭᠡ ᠲᠣᠬᠤᠢ ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ ᠂ ᠠᠮᠢ ᠠᠬᠤᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠡᠯ᠎ᠡ ᠠᠶᠢᠮᠠᠭ ᠬᠤᠲᠠ ᠶᠢᠨ ᠡᠨᠧᠷᠭᠢ ᠠᠷᠪᠢᠯᠠᠬᠤ ᠬᠠᠷᠠᠯᠲᠠ ᠶᠢᠨ ᠲᠣᠬᠢᠷᠠᠭᠤᠯᠤᠯᠲᠠ ᠶᠢᠨ ᠰᠠᠨᠠᠭᠤᠯᠭ᠎ᠠ ᠪᠣᠯᠣᠨ ᠪᠠᠷᠢᠯᠭ᠎ᠠ ᠶᠢᠨ ᠬᠦᠷᠢᠶᠡᠨ ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠤᠬᠠᠢ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠨ ᠂ ᠪᠣᠬᠢᠷᠳᠤᠯ ᠦᠭᠡᠢ ᠦᠨᠡᠮᠯᠡᠯ ᠤᠨ ᠠᠷᠠᠯᠵᠢᠶ᠎ᠠ ᠶᠢ ᠰᠢᠨᠵᠢᠯᠡᠬᠦ ᠤᠬᠠᠭᠠᠨᠴᠢ ᠪᠠᠷ ᠵᠢᠷᠤᠮᠵᠢᠭᠤᠯᠵᠤ ᠂ ᠠᠵᠤ ᠦᠢᠯᠡᠳᠪᠦᠷᠢ ᠂ ᠪᠠᠷᠢᠯᠭ᠎ᠠ ᠂ ᠵᠠᠮ ᠬᠠᠷᠢᠯᠴᠠᠭ᠎ᠠ ᠵᠡᠷᠭᠡ ᠭᠤᠣᠯᠳᠠᠯᠭ᠎ᠠ ᠲᠠᠢ ᠬᠦᠷᠢᠶᠡᠨ ᠤ ᠴᠢᠳᠠᠪᠤᠷᠢ ᠪᠠ ᠦᠷ᠎ᠡ ᠪᠦᠲᠦᠮᠵᠢ ᠶᠢ ᠳᠡᠭᠡᠭᠰᠢᠯᠡᠭᠦᠯᠭᠦ ᠶᠢ ᠲᠣᠪᠤᠶᠢᠮ᠎ᠠ ᠰᠠᠶᠢᠲᠤᠷ ᠠᠳᠬᠤᠵᠤ ᠂ ᠨᠢᠭᠡᠨᠲᠡ ᠪᠠᠶᠢᠭ᠎ᠠ ᠪᠠᠷᠢᠯᠭ᠎ᠠ ᠶᠢᠨ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠥᠭᠡᠷᠡᠴᠢᠯᠡᠯᠲᠡ ᠶᠢ ᠠᠬᠢᠭᠤᠯᠵᠤ ᠂ ᠮᠠᠯᠵᠢᠬᠤ ᠲᠠᠷᠢᠶᠠᠯᠠᠬᠤ ᠣᠷᠣᠨ ᠤ ᠪᠣᠬᠢᠷᠳᠤᠯ ᠦᠭᠡᠢ ᠪᠠᠷᠢᠯᠭ᠎ᠠ ᠶᠢ ᠳᠡᠯᠭᠡᠷᠡᠭᠦᠯᠬᠦ ᠳᠠᠯᠳᠠ ᠬᠦᠴᠦᠨ ᠢ ᠠᠭᠤᠳᠠᠯᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠣᠶᠢᠷ᠎ᠠ ᠣᠭᠲᠠᠷᠭᠤᠢ ᠶᠢᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠬᠡᠷᠡᠭᠵᠢᠭᠦᠯᠬᠦ ᠲᠥᠰᠥᠯ ᠢ ᠬᠢᠨᠠᠨ ᠵᠥᠪᠯᠡᠵᠦ ᠪᠠᠲᠤᠯᠠᠭᠠᠳ ᠂ ᠠᠭᠠᠷ ᠤᠨ ᠣᠷᠣᠨ ᠳᠠᠬᠢ ᠬᠠᠮᠵᠢᠯᠴᠠᠭᠰᠠᠨ ᠬᠠᠮᠢᠶᠠᠷᠤᠯᠲᠠ ᠳᠡᠭᠡᠷ᠎ᠡ ᠬᠦᠴᠦ ᠲᠠᠯᠪᠢᠵᠤ ᠂ ᠠᠵᠤ ᠦᠢᠯᠡᠰ ᠤᠨ ᠪᠠᠶᠢᠷᠢᠰᠢᠭᠤᠯᠤᠯᠲᠠ ᠶᠢ ᠰᠠᠶᠢᠲᠤᠷ ᠨᠢᠭᠡᠳᠦᠯᠲᠡᠢ ᠲᠥᠯᠥᠪᠯᠡᠵᠦ ᠂ ᠨᠠᠩ ᠣᠯᠠᠨ ᠦᠵᠡᠭᠳᠡᠯ ᠡᠵᠡᠩᠨᠡᠯᠲᠡ ᠶᠢᠨ ᠪᠠᠶᠢᠳᠠᠯ ᠢ ᠪᠤᠶᠢᠵᠢᠭᠤᠯᠵᠤ ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠪᠤᠶ ᠪᠤᠯᠭᠠᠬᠤ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠬᠠᠩᠰᠢ ᠶᠢᠨ ᠥᠭᠡᠷᠡᠴᠢᠯᠡᠯᠲᠡ ᠶᠢᠨ ᠲᠤᠷᠰᠢᠯᠲᠠ ᠶᠢ ᠭᠦᠨᠵᠡᠭᠡᠶᠢᠷᠡᠭᠦᠯᠬᠦ ᠲᠤᠬᠠᠢ ᠰᠤᠳᠤᠯᠵᠤ ᠂ ᠣᠯᠠᠨ ᠲᠦᠮᠡᠨ ᠤ ᠡᠪᠡᠳᠴᠢᠨ ᠦᠵᠡᠭᠦᠯᠭᠦ ᠳᠠᠷᠤᠭᠠᠰᠤ ᠶᠢ ᠬᠥᠩᠭᠡᠷᠡᠭᠦᠯᠬᠦ ᠠᠴᠠ ᠭᠠᠷᠲᠠᠨ ᠂ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠬᠡᠷᠡᠭᠯᠡᠵᠦ ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠥᠭᠡᠷᠡᠴᠢᠯᠡᠯᠲᠡ ᠪᠠ ᠥᠪᠡᠷ ᠤᠨ ᠥᠷᠲᠡᠭ ᠢ ᠪᠠᠭᠤᠷᠠᠭᠤᠯᠤᠨ ᠦᠷ᠎ᠡ ᠠᠰᠢᠭ ᠢ ᠨᠡᠮᠡᠭᠳᠡᠭᠦᠯᠬᠦ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ ᠂ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃    ᠬᠤᠷᠠᠯ ᠠᠴᠠ ᠪᠠᠰᠠ ︽ ᠥᠪᠡᠷᠲᠡᠭᠡᠨ ᠵᠠᠰᠠᠬᠤ ᠣᠷᠣᠨ ᠤ ᠬᠠᠤᠯᠢ ᠴᠠᠭᠠᠵᠠ ᠶᠢᠨ ᠬᠢᠨᠠᠨ ᠲᠣᠭᠲᠠᠭᠠᠯᠲᠠ ᠶᠢᠨ ᠬᠠᠮᠢᠶᠠᠷᠤᠯᠲᠠ ᠶᠢᠨ ᠳᠦᠷᠢᠮ ︾ ᠵᠡᠷᠭᠡ 4 ᠣᠷᠣᠨ ᠨᠤᠲᠤᠭ ᠤᠨ ᠴᠢᠨᠠᠷᠲᠠᠢ ᠬᠠᠤᠯᠢ ᠳᠦᠷᠢᠮ ᠂ ᠵᠠᠰᠠᠭ ᠤᠨ ᠣᠷᠳᠣᠨ ᠤ ᠳᠦᠷᠢᠮ ᠲᠣᠭᠲᠠᠭᠠᠯ ᠢ ᠰᠤᠳᠤᠯᠵᠠᠢ ᠃         
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ