| ᠣᠶᠢᠷ᠎ᠠ ᠳᠤ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ 2024 ᠣᠨ ᠤ ᠪᠥᠬᠦ ᠣᠷᠣᠨ ᠤ | ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠤᠨ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠶᠢᠨ ᠨᠡᠷᠡᠰ ᠢ ᠨᠡᠶᠢᠲᠡᠯᠡᠪᠡ ᠃ ᠣᠷᠳᠣᠰ | ᠬᠤᠳᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠠᠴᠠ ᠰᠣᠩᠭᠤᠨ ᠳᠡᠪᠰᠢᠬᠦᠯᠦᠭᠰᠡᠨ ᠵᠡᠭᠦᠨᠭᠠᠷ ᠬᠤᠰᠢᠭᠤᠨ ᠤ ᠰᠢᠨ᠎ᠡ ᠶᠢ ᠡᠭᠦᠳᠦᠭᠰᠡᠨ ᠬᠡᠷᠡᠭ ᠤᠨ | ᠵᠢᠱᠢᠶ᠎ᠡ ︱ ︽ ᠪᠦᠬᠦ ᠣᠷᠣᠨ ᠪᠦᠰᠡ ᠶᠢᠨ ᠠᠭᠤᠰᠤᠯᠴᠠᠯ ᠢ ᠨᠢᠭᠡ ᠴᠣᠭᠴᠠᠵᠢᠭᠤᠯᠤᠨ ᠬᠤᠯᠪᠤᠭᠠᠯᠠᠨ ᠬᠥᠳᠡᠯᠦᠯᠴᠡᠵᠦ ᠰᠢᠶᠠᠨ ᠤ ᠬᠡᠪᠴᠢᠶᠡᠨ ᠤ ᠵᠠᠭᠤᠴᠢᠯᠠᠭᠤᠷ ᠤᠨ | ᠠᠭᠤᠰᠤᠯᠴᠠᠯ ᠤᠨ ᠲᠡᠰ ᠳᠡᠪᠰᠢᠭᠰᠡᠨ ᠬᠡᠪᠯᠡᠯ ᠢ ᠴᠣᠭᠴᠠᠯᠠᠬᠤ︾ ᠨᠢ ᠰᠢᠨ᠎ᠡ ᠶᠢ ᠡᠭᠦᠳᠦᠭᠰᠡᠨ ᠰᠢᠯᠢᠳᠡᠭ ᠬᠡᠷᠡᠭ ᠤᠨ ᠵᠢᠱᠢᠶ᠎ᠡ ᠪᠠᠷ ᠦᠨᠡᠯᠡᠭᠳᠡᠵᠦ ᠂ ᠣᠷᠳᠣᠰ | ᠬᠤᠳᠠ ᠶᠢᠨ ᠡᠨᠡᠬᠦ ᠢᠷᠠᠭᠤ ᠠᠯᠳᠠᠷ ᠢ ᠭᠥᠷᠳᠡᠭᠰᠡᠨ ᠴᠤᠷᠢ ᠶᠢᠨ ᠭᠠᠭᠴᠠ ᠬᠤᠰᠢᠭᠤ ᠳᠤᠭᠤᠷᠢᠭ ᠪᠤᠯᠤᠬᠰᠠᠨ ᠪᠠᠶᠢᠨ᠎ᠠ᠃ | 2023 ᠣᠨ ᠤ 5 ᠰᠠᠷ᠎ᠠ ᠳᠤ ᠂ ᠵᠡᠭᠦᠨᠭᠠᠷ ᠬᠤᠰᠢᠭᠤ ᠣᠷᠣᠨ ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠰᠠᠭᠤᠷᠢᠯᠠᠵᠤ ᠂ | ᠪᠦᠬᠦ ᠣᠷᠣᠨ ᠪᠦᠰᠡ ᠶᠢᠨ ᠨᠢᠭᠡ ᠴᠣᠭᠴᠠᠵᠢᠭᠤᠯᠤᠭᠰᠠᠨ ᠳᠠᠮᠵᠢᠭᠤᠯᠭ᠎ᠠ ᠶᠢᠨ ᠲᠥᠪ ᠢ ᠰᠢᠨ᠎ᠡ ᠶᠢ ᠡᠭᠦᠳᠬᠦ ᠴᠢᠨᠠᠷᠲᠠᠢ ᠪᠠᠷ ᠪᠠᠶᠢᠭᠤᠯᠪᠠ᠃ 2024 ᠣᠨ ᠳᠤ ᠂ ︽ | ᠳᠦᠪ︾ ᠤᠨ ᠪᠦᠲᠦᠭᠡᠨ ᠪᠠᠶᠢᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ ᠳᠡᠰ ᠳᠡᠪᠰᠢᠭᠦᠯᠵᠦ ᠂ ᠰᠢᠶᠠᠨ ᠤ ᠱᠠᠲᠤᠨ ᠤ ᠵᠠᠭᠤᠴᠢᠯᠠᠭᠤᠷ ᠤᠨ ᠤᠯᠠᠨ ᠲᠦᠮᠡᠨ ᠢ | ᠬᠥᠲᠥᠯᠥᠨ ᠵᠢᠯᠤᠭᠤᠳᠬᠤ ᠂ ᠤᠯᠠᠨ ᠲᠦᠮᠡᠨ ᠳᠤ ᠦᠢᠯᠡᠴᠢᠯᠡᠬᠦ ᠪᠠ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠳᠤ ᠦᠵᠡᠭᠦᠯᠬᠦ ᠴᠢᠬᠤᠯᠠ ᠦᠢᠯᠡᠳᠦᠯ ᠢ | ᠪᠦᠲᠦᠮᠵᠢᠲᠡᠢ ᠪᠠᠳᠠᠷᠠᠭᠤᠯᠪᠠ᠃ | | | | ︽ᠪᠦᠬᠦ ᠣᠷᠣᠨ ᠪᠦᠰᠡᠴᠢᠯᠡᠬᠦ︾ ᠪᠠᠷ ᠬᠥᠲᠥᠯᠥᠨ ᠳᠠᠭᠠᠭᠤᠯᠵᠤ ᠂ ᠬᠠᠮ ᠵᠠᠭᠤᠴᠢᠯᠠᠭᠤᠷ ᠤᠨ ᠰᠢᠨ᠎ᠡ ᠪᠠᠶᠢᠷᠢᠰᠢᠯ ᠨᠢ ᠬᠦᠴᠦᠷᠬᠡᠭ ᠶᠡᠭᠡ ᠲᠥᠪᠯᠡᠩᠭᠦᠢ ᠬᠦᠴᠦᠨ ᠢ | ᠠᠪᠴᠢᠷᠠᠪᠠ᠃ ᠡᠯ᠎ᠡ ᠨᠠᠮ ᠵᠠᠰᠠᠭ ᠤᠨ ᠪᠠᠶᠢᠭᠤᠯᠤᠮᠵᠢ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠂ ᠲᠣᠰᠬᠤᠨ ᠨᠡᠶᠢᠭᠡᠮ | ᠲᠣᠭᠤᠷᠢᠭ ᠤᠨ ᠮᠡᠳᠡᠭᠡ ᠵᠠᠩᠭᠢ ᠶᠢᠨ ᠰᠣᠯᠢᠯᠴᠠᠭ᠎ᠠ ᠳᠤ ᠨᠡᠪᠴᠢᠯᠲᠡ ᠠᠭᠤᠰᠤᠯᠴᠠᠯ ᠢ ᠪᠡᠶᠡᠯᠡᠭᠦᠯᠵᠦ ᠂ ᠬᠠᠮ ᠵᠠᠭᠤᠴᠢᠯᠠᠭᠤᠷ ᠤᠨ ᠬᠥᠭᠵᠢᠯᠲᠡ ᠶᠢ ᠣᠷᠣᠨ | ᠨᠤᠲᠤᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦᠯᠢ ᠴᠣᠭᠴᠠ ᠶᠢᠨ ᠠᠬᠢᠴᠠ ᠳᠤ ᠠᠭᠤᠰᠤᠯᠴᠠᠭᠤᠯᠵᠠᠢ᠃ ᠡᠭᠦᠨ ᠤ ᠬᠠᠮᠲᠤ ᠂ ᠤᠯᠤᠰ ᠤᠨ | ᠳᠣᠲᠣᠭᠠᠳᠤ ᠶᠢᠨ ᠨᠡᠷᠡᠲᠦ ᠮᠡᠷᠭᠡᠵᠢᠯᠲᠡᠨ ᠡᠷᠳᠡᠮᠲᠡᠨ ᠢᠶᠠᠷ ᠭᠤᠣᠯ ᠪᠣᠯᠭᠠᠭᠰᠠᠨ ᠭᠦᠨ ᠤᠬᠠᠭᠠᠨ ᠨᠡᠶᠢᠭᠡᠮ ᠤᠨ ᠰᠢᠨᠵᠢᠯᠡᠬᠦ ᠤᠬᠠᠭᠠᠨ ᠤ ᠣᠶᠤᠨ ᠤ ᠬᠥᠮᠥᠷᠭᠡ ᠂ | ᠣᠷᠴᠢᠭᠤᠯᠭ᠎ᠠ ᠪᠠ ᠳᠠᠮᠵᠢᠭᠤᠯᠭ᠎ᠠ ᠶᠢᠨ ᠣᠶᠤᠨ ᠤ ᠬᠥᠮᠥᠷᠭᠡ ᠵᠢᠴᠢ ᠤᠯᠤᠰ ᠤᠨ ᠳᠣᠲᠣᠭᠠᠳᠤ ᠶᠢᠨ 17 ᠨᠡᠷᠡᠲᠦ ᠵᠠᠭᠤᠴᠢᠯᠠᠭᠤᠷ ᠪᠣᠯᠣᠨ ᠰᠣᠨᠢᠨ ᠮᠡᠳᠡᠭᠡᠨ ᠤ | ᠳᠡᠭᠡᠳᠦ ᠰᠤᠷᠭᠠᠭᠤᠯᠢ ᠶᠢᠨ ᠵᠡᠭᠦᠨᠭᠠᠷ ᠬᠤᠰᠢᠭᠤᠨ ᠳᠤ ᠫᠠᠶᠢᠰᠠ ᠡᠯᠭᠦᠨ ᠪᠠᠶᠢᠭᠤᠯᠤᠭᠰᠠᠨ ᠦᠢᠯᠡᠳᠦᠯᠭᠡ ᠶᠢᠨ ᠰᠠᠭᠤᠷᠢᠨ ᠭᠠᠵᠠᠷ ᠨᠢ ᠵᠡᠭᠦᠨᠭᠠᠷ ᠬᠤᠰᠢᠭᠤᠨ ᠤ | ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢᠨ︽ᠤᠶᠤᠨ ᠤᠬᠠᠭᠠᠨ ᠤ ᠬᠥᠳᠡᠯᠭᠡᠭᠦᠷ︾ ᠪᠣᠯᠵᠤ ᠂ ᠭᠦᠨᠵᠡᠭᠡᠢ ᠪᠥᠭᠡᠳ | ᠣᠶᠢᠯᠠᠭᠠᠮᠵᠢᠲᠠᠢ ᠰᠤᠳᠤᠯᠭᠠᠨ ᠤ ᠮᠡᠳᠡᠭᠦᠯᠦᠯᠲᠡ᠂ ᠥᠨᠳᠥᠷ ᠲᠦᠪᠰᠢᠨ ᠲᠠᠢ ᠡᠷᠳᠡᠮ ᠰᠢᠨᠵᠢᠯᠡᠭᠡᠨ ᠤ ᠰᠤᠳᠤᠯᠤᠨ ᠶᠠᠷᠢᠯᠴᠠᠬᠤ ᠠᠵᠢᠯᠯᠠᠭ᠎ᠠ ᠪᠠᠷ ᠳᠠᠮᠵᠢᠭᠤᠯᠵᠤ ᠂ ᠪᠠᠲᠤ | ᠪᠠᠬᠢ ᠤᠨᠤᠯ ᠤᠨ ᠲᠤᠯᠭᠠᠭᠤᠷᠢᠯᠠᠯ ᠬᠠᠩᠭᠠᠵᠤ ᠂ ᠰᠢᠨ᠎ᠡ ᠦᠵᠡᠯ ᠰᠠᠨᠠᠭ᠎ᠠ᠂ ᠰᠢᠨ᠎ᠡ ᠣᠶᠢᠯᠠᠭᠠᠭᠳᠠᠬᠤᠨ ᠢ ᠤᠯᠠᠨ ᠲᠦᠮᠡᠨ ᠤ ᠰᠡᠳᠬᠢᠯ ᠳᠤ ᠦᠨᠳᠦᠰᠦᠯᠡᠭᠦᠯᠵᠦ ᠂ ᠵᠥᠪ | ᠣᠨᠣᠪᠴᠢᠲᠠᠢ ᠶᠠᠷᠢᠶ᠎ᠠ ᠬᠡᠯᠡᠯᠴᠡᠭᠡᠨ ᠤ ᠤᠳᠤᠷᠢᠳᠤᠮᠵᠢ ᠶᠢ ᠡᠬᠢᠨ ᠠᠴᠠ ᠨᠢ ᠳᠠᠭᠤᠰᠲᠠᠯ᠎ᠠ ᠳᠤᠭᠤᠰᠢᠯᠠᠭᠤᠯᠬᠤ ᠶᠢ ᠪᠠᠲᠤᠯᠠᠵᠠᠢ ᠃ ᠵᠠᠰᠠᠭ ᠤᠨ ᠶᠠᠪᠤᠳᠠᠯ ᠂ | ᠦᠢᠯᠡᠴᠢᠯᠡᠭᠡ ᠂ ᠬᠤᠳᠠᠯᠳᠤᠭᠠᠨ ᠤ ᠶᠠᠪᠤᠳᠠᠯ ᠤᠨ ᠲᠠᠯ᠎ᠠ ᠪᠠᠷ ᠡᠯ᠎ᠡ ᠲᠠᠪᠴᠠᠩ ᠤᠨ ᠦᠢᠯᠡᠴᠢᠯᠡᠭᠡ ᠶᠢ ᠭᠦᠢᠴᠡᠳ ᠲᠥᠪᠯᠡᠷᠡᠭᠦᠯᠦᠨ ᠂ ᠰᠦᠯᠵᠢᠶᠡᠨ ᠳᠡᠭᠡᠷ᠎ᠡ | ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡ ᠂ ᠰᠦᠯᠵᠢᠶᠡᠨ ᠳᠡᠭᠡᠷᠡᠬᠢ ᠬᠦᠰᠡᠯ ᠱᠠᠭᠠᠷᠳᠠᠯᠭ᠎ᠠ ᠶᠢ ᠭᠦᠢᠴᠡᠳᠬᠡᠬᠦ ᠂ ᠰᠣᠶᠣᠯ ᠵᠤᠭᠠᠴᠠᠯ ᠤᠨ ᠡᠬᠢ ᠪᠠᠶᠠᠯᠢᠭ ᠢᠶᠠᠷ | ᠠᠷᠠᠳ ᠲᠤ ᠠᠰᠢᠭ ᠬᠦᠷᠲᠡᠭᠡᠬᠦ ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠦᠢᠯᠡᠴᠢᠯᠡᠭᠡ ᠂ ᠦᠵᠡᠵᠦ ᠰᠣᠨᠣᠰᠬᠤ ᠠᠭᠤᠯᠭ᠎ᠠ ᠶᠢᠨ ᠦᠢᠯᠡᠴᠢᠯᠡᠭᠡ ᠵᠡᠷᠭᠡ | ᠣᠯᠠᠨ ᠡᠰᠢᠲᠦ ᠬᠡᠷᠡᠭᠴᠡᠭᠡ ᠱᠠᠭᠠᠷᠳᠠᠯᠭ᠎ᠠ ᠶᠢ ᠨᠢᠭᠡ ᠦᠷᠳᠡᠭᠡᠴᠢᠯᠡᠭᠰᠡᠨ ᠮᠠᠶ᠋ᠢᠭ ᠢᠶᠠᠷ ᠬᠠᠩᠭᠠᠵᠤ ᠂ ᠰᠢᠶᠠᠨ ᠤ ᠱᠠᠲᠤᠨ ᠤ ᠵᠠᠭᠤᠴᠢᠯᠠᠭᠤᠷ ᠤᠨ ︽ ᠰᠣᠨᠢᠨ ᠮᠡᠳᠡᠭᠡ + | ᠵᠠᠰᠠᠭ ᠤᠨ ᠶᠠᠪᠤᠳᠠᠯ + ᠦᠢᠯᠡᠴᠢᠯᠡᠭᠡ + ᠬᠤᠳᠠᠯᠳᠤᠭᠠᠨ ᠤ ᠶᠠᠪᠤᠳᠠᠯ ︾ ᠤᠨ ᠡᠵᠡᠩᠨᠡᠯᠲᠡ ᠶᠢᠨ ᠵᠠᠭᠪᠤᠷ ᠢ ᠠᠩᠬ᠎ᠠ ᠠᠯᠬᠤᠮ ᠪᠠᠶᠢᠭᠤᠯᠵᠤ ᠂ ︽ ᠰᠣᠨᠢᠨ ᠮᠡᠳᠡᠭᠡ ︾ | ᠶᠢᠨ ᠭᠤᠣᠯᠳᠠᠯᠭ᠎ᠠ ᠬᠢᠭᠡᠳ ︽ ᠦᠢᠯᠡᠴᠢᠯᠡᠭᠡ ︾ ᠶᠢᠨ ᠭᠤᠣᠯᠳᠠᠯᠭ᠎ᠠ ᠶᠢᠨ ︽ ᠬᠤᠣᠰ ᠭᠤᠣᠯᠳᠠᠯᠭ᠎ᠠ ︾ ᠶᠢ ᠪᠥᠬᠦ ᠤᠷᠤᠨ ᠪᠦᠰᠡ ᠳᠤ ᠨᠢᠭᠡ ᠴᠣᠭᠴᠠᠵᠢᠭᠤᠯᠤᠨ | ᠳᠠᠮᠵᠢᠭᠤᠯᠬᠤ ᠶᠢ ᠪᠡᠶᠡᠯᠡᠭᠦᠯᠪᠡ ᠃ ᠡᠭᠦᠨ ᠤ ᠰᠠᠭᠤᠷᠢᠨ ᠳᠡᠭᠡᠷ᠎ᠡ᠂ ᠨᠡᠶᠢᠭᠡᠮ ᠤᠨ ᠬᠠᠯᠠᠮᠰᠢᠯ ᠂ ᠠᠷᠠᠳ ᠤᠨ ᠪᠠᠶᠢᠳᠠᠯ ᠠᠷᠠᠳ ᠤᠨ ᠰᠠᠨᠠᠭ᠎ᠠ ᠶᠢ ᠲᠦᠷᠭᠡᠨ ᠢᠶᠠᠷ ᠬᠠᠷᠢᠭᠤ | ᠲᠤᠰᠬᠠᠵᠤ ᠂ ᠲᠣᠭᠲᠠᠭᠠᠭᠰᠠᠨ ᠠᠭᠤᠯᠭ᠎ᠠ ᠪᠣᠯᠣᠨ ᠲᠡᠰ ᠬᠤᠪᠢᠶᠠᠨ ᠳᠠᠮᠵᠢᠭᠤᠯᠬᠤ ᠠᠷᠭ᠎ᠠ ᠬᠡᠯᠪᠡᠷᠢ ᠨᠢ ᠮᠡᠳᠡᠭᠡ ᠵᠠᠩᠭᠢ ᠶᠢᠨ ᠪᠦᠷᠬᠦᠴᠡ ᠶᠢᠨ ᠬᠡᠪᠴᠢᠶ᠎ᠡ ᠪᠣᠯᠣᠨ | ᠬᠠᠨᠳᠤᠯᠭᠠᠲᠤ ᠴᠢᠨᠠᠷ ᠢ ᠪᠦᠲᠦᠮᠵᠢᠲᠡᠢ ᠳᠡᠭᠡᠭᠰᠢᠯᠡᠭᠦᠯᠵᠦ ᠂ ᠬᠠᠷᠢᠯᠴᠠᠨ ᠠᠬᠢᠭᠤᠯᠤᠬᠰᠠᠨ ᠰᠠᠭᠠᠳ ᠦᠭᠡᠢ ᠂ ᠬᠠᠮᠵᠢᠯᠴᠠᠨ ᠬᠦᠴᠦᠯᠡᠬᠦ ᠣᠶᠤᠨᠴᠢ ᠶᠠᠷᠢᠶ᠎ᠠ | ᠬᠡᠯᠡᠯᠴᠡᠭᠡᠨ ᠤ ᠠᠭᠤᠷ ᠠᠮᠢᠰᠬᠤᠯ ᠨᠢ ᠴᠦ ᠨᠡᠶᠢᠭᠡᠮ ᠤᠨ ᠬᠠᠮᠲᠤᠪᠠᠷ ᠵᠠᠰᠠᠬᠤ ᠶᠢ ᠠᠬᠢᠭᠤᠯᠬᠤ ᠴᠢᠬᠤᠯᠠ ᠬᠦᠴᠤᠨ ᠵᠤᠶᠢᠯ ᠪᠣᠯᠤᠭᠰᠠᠨ ᠪᠠᠶᠢᠨ᠎ᠠ᠃ | ︽ᠪᠦᠬᠦ ᠣᠷᠣᠨ ᠪᠦᠰᠡᠴᠢᠯᠡᠬᠦ︾ ᠪᠠᠷ ᠬᠥᠲᠥᠯᠥᠨ ᠳᠠᠭᠠᠭᠤᠯᠵᠤ ᠂ ᠪᠦᠬᠦ ᠵᠠᠭᠤᠴᠢᠯᠠᠭᠤᠷ ᠤᠨ ᠰᠢᠨ᠎ᠡ ᠵᠢᠭᠰᠠᠭᠠᠯ ᠨᠢ ᠬᠦᠴᠦᠷᠭᠡᠭ ᠶᠡᠭᠡ︽ ᠳᠦᠪᠯᠡᠷᠡᠬᠦᠯᠦᠭᠴᠢ︾ ᠶᠢ | ᠴᠣᠭᠴᠠᠯᠠᠪᠠ᠃ ᠣᠳᠣᠬᠠᠨ ᠤ ᠵᠠᠭᠤᠴᠢᠯᠠᠭᠤᠷ ᠤᠨ ᠣᠷᠴᠢᠨ ᠠᠬᠤᠢ ᠳᠤ ᠂ ᠬᠠᠮ ᠵᠠᠭᠤᠴᠢᠯᠠᠭᠤᠷ ᠤᠨ ᠳᠠᠮᠵᠢᠭᠤᠯᠭ᠎ᠠ ᠶᠢᠨ ᠵᠢᠭᠰᠠᠭᠠᠯ ᠢ ᠪᠠᠶᠢᠭᠤᠯᠬᠤ ᠨᠢ ᠵᠠᠶᠢᠯᠠᠰᠢ | ᠦᠭᠡᠢ ᠶᠤᠮ᠃ ᠵᠡᠭᠦᠨᠭᠠᠷ ᠬᠤᠰᠢᠭᠤ ᠪᠦᠬᠦ ᠬᠤᠰᠢᠭᠤᠨ ᠤ ᠷᠠᠳᠢᠣ᠋ ᠨᠡᠪᠲᠡᠷᠡᠭᠦᠯᠭᠡ ᠂ ᠲᠧᠯᠸᠢᠰ ᠂ ᠰᠣᠨᠢᠨ ᠰᠡᠳᠬᠦᠯ ᠂ ᠰᠦᠯᠵᠢᠶᠡᠨ ᠤ ᠦᠷᠲᠡᠭᠡ ᠂ ᠰᠢᠯᠵᠢᠶ᠎ᠠ ᠂ | ᠬᠤᠪᠢ ᠶᠢᠨ ᠵᠠᠭᠤᠴᠢᠯᠠᠭᠤᠷ ᠵᠡᠷᠭᠡ ᠡᠬᠢ ᠪᠠᠶᠠᠯᠢᠭ ᠢ ᠨᠡᠶᠢᠳᠬᠡᠵᠦ ᠂ ᠰᠣᠨᠢᠨ ᠮᠡᠳᠡᠭᠡᠨ ᠤ ᠪᠣᠷᠣ ᠮᠠᠲ᠋ᠧᠷᠢᠶᠠᠯ ᠂ ᠵᠠᠷ ᠮᠡᠳᠡᠭᠡᠨ ᠤ ᠡᠬᠢ ᠪᠠᠶᠠᠯᠢᠭ ᠂ ᠬᠦᠯᠢᠶᠡᠨ | ᠠᠪᠤᠭᠴᠢᠳ ᠤᠨ ᠲᠤᠭ᠎ᠠ ᠪᠠᠷᠢᠮᠲᠠ ᠵᠡᠷᠭᠡ ᠶᠢ ᠰᠢᠯᠤᠭᠤᠬᠠᠨ ᠨᠠᠪᠲᠠᠷᠡᠭᠦᠯᠵᠦ ᠂ ᠡᠬᠢ ᠪᠠᠶᠠᠯᠢᠭ ᠤᠨ ᠳᠠᠮᠵᠢᠭᠤᠯᠭ᠎ᠠ ᠶᠢᠨ ᠬᠠᠮᠤᠭ ᠤᠨ ᠶᠡᠭᠡ ᠦᠷ᠎ᠡ ᠠᠰᠢᠭ ᠢ | ᠪᠠᠳᠠᠷᠠᠭᠤᠯᠵᠤ ᠂ ᠬᠠᠮ ᠵᠠᠭᠤᠴᠢᠯᠠᠭᠤᠷ ᠤᠨ ᠵᠢᠭᠰᠠᠭᠠᠯ ᠳᠤ ᠪᠠᠲᠤ ᠪᠠᠬᠢ ᠰᠠᠭᠤᠷᠢ ᠲᠠᠯᠪᠢᠵᠤ ᠥᠭᠪᠠ ᠃ ︽ ᠨᠢᠭᠡ ᠴᠣᠭᠴᠠᠵᠢᠭᠤᠯᠤᠨ ᠤᠬᠠᠭᠠᠯᠠᠬᠤ ᠂ ᠨᠢᠭᠡ ᠤᠳᠠᠭ᠎ᠠ | ᠳᠤ ᠰᠤᠷᠪᠤᠯᠵᠢᠯᠠᠨ ᠴᠤᠭᠯᠠᠭᠤᠯᠬᠤ ᠂ ᠨᠡᠶᠢᠯᠡᠭᠦᠯᠦᠨ ᠪᠦᠷᠢᠯᠳᠦᠭᠦᠯᠬᠦ ᠂ ᠬᠠᠮ ᠵᠠᠭᠤᠴᠢᠯᠠᠭᠤᠷ ᠬᠠᠮᠲᠤ ᠪᠠᠷ ᠡᠳ᠋ᠯᠡᠬᠦ ᠂ ᠣᠯᠠᠨ ᠲᠠᠯ᠎ᠠ ᠪᠠᠷ ᠨᠡᠶᠢᠲᠡᠯᠡᠬᠦ ︾ ᠠᠭᠤᠯᠭ᠎ᠠ ᠶᠢᠨ | ᠦᠢᠯᠡᠳᠪᠦᠷᠢᠯᠡᠯ ᠤᠨ ᠵᠠᠭᠪᠤᠷ ᠨᠢ ᠰᠢᠰᠲ᠋ᠧᠮᠲᠦ ᠰᠡᠳᠬᠢᠬᠦᠢ ᠪᠠᠷ ᠵᠠᠭᠤᠴᠢᠯᠠᠭᠤᠷ ᠤᠨ ᠪᠠᠬᠢᠯᠡᠯᠲᠡ ᠶᠢ ᠡᠪᠳᠡᠵᠦ ᠂ ᠡᠯ᠎ᠡ ᠲᠠᠪᠴᠠᠩ ᠤᠨ ᠣᠨᠴᠠᠯᠢᠭ ᠪᠠ ᠭᠥᠯᠢᠶᠡᠨ | ᠠᠪᠤᠭᠴᠢᠳ ᠤᠨ ᠬᠡᠷᠡᠭᠴᠡᠭᠡ ᠱᠠᠭᠠᠷᠳᠠᠯᠭ᠎ᠠ ᠶᠢ ᠪᠥᠬᠦ ᠲᠠᠯ᠎ᠠ ᠪᠠᠷ ᠪᠣᠳᠣᠯᠬᠢᠯᠠᠵᠠᠢ ᠃ ᠬᠠᠮ ᠬᠡᠯᠪᠡᠷᠢ ᠶᠢᠨ ᠴᠢᠳᠠᠪᠤᠷᠢᠲᠠᠨ ᠢ ᠨᠠᠷᠢᠯᠢᠭᠵᠢᠭᠤᠯᠤᠨ ᠪᠣᠯᠪᠠᠰᠤᠷᠠᠭᠤᠯᠬᠤ ᠪᠠᠷ | ᠳᠠᠮᠵᠢᠭᠤᠯᠤᠨ᠂ ᠡᠯ᠎ᠡ ᠲᠦᠷᠦᠯ ᠤᠨ ᠳᠠᠪᠴᠠᠩ ᠤᠨ ᠣᠨᠴᠠᠯᠢᠭᠲᠤ ᠠᠭᠤᠯᠭ᠎ᠠ ᠶᠢ ᠲᠣᠭᠲᠠᠭᠠᠨ ᠦᠢᠯᠡᠳᠴᠦ ᠂ ᠠᠭᠤᠯᠭ᠎ᠠ ᠨᠢ ᠢᠵᠢᠯᠰᠢᠬᠦ ᠠᠴᠠ ᠪᠦᠲᠦᠮᠵᠢᠲᠡᠢ ᠪᠠᠷ | ᠵᠠᠶᠢᠯᠠᠰᠬᠢᠵᠦ ᠂ ᠴᠢᠩᠭ᠎ᠠ ᠢᠯᠭᠠᠨ ᠲᠠᠨᠢᠬᠤ ᠬᠡᠮᠵᠢᠶ᠎ᠡ ᠲᠠᠢ ᠂ ᠰᠠᠶᠢᠬᠠᠨ ᠨᠡᠷ᠎ᠡ ᠠᠯᠳᠠᠷᠰᠢᠯ ᠲᠠᠢ ᠵᠠᠭᠤᠴᠢᠯᠠᠭᠤᠷ ᠤᠨ ᠲᠦᠷᠦᠯ ᠳᠡᠮᠳᠡᠭᠳᠤ ᠶᠢᠨ ᠳᠦᠷᠢ ᠲᠥᠷᠬᠦ ᠶᠢ | ᠪᠦᠲᠦᠭᠡᠵᠡᠢ᠃ | | | | ︽ᠪᠦᠬᠦ ᠣᠷᠣᠨ ᠪᠦᠰᠡᠴᠢᠯᠡᠬᠦ︾ ᠪᠠᠷ ᠬᠥᠲᠥᠯᠥᠨ ᠳᠠᠭᠠᠭᠤᠯᠵᠤ ᠂ ᠳᠠᠮᠵᠢᠭᠤᠯᠭ᠎ᠠ ᠶᠢᠨ ᠦᠢᠯᠡᠳᠦᠯ ᠴᠢᠳᠠᠪᠬᠢ ᠶᠢ ᠠᠭᠤᠰᠤᠯᠴᠠᠭᠤᠯᠤᠨ ᠡᠷᠴᠢᠮᠯᠢᠭ ︽ᠳᠠᠭᠤ | ᠲᠣᠮᠣᠷᠠᠭᠤᠯᠤᠭᠴᠢ︾ ᠶᠢ ᠴᠣᠭᠴᠠᠯᠠᠪᠠ᠃ ᠵᠡᠭᠦᠨᠭᠠᠷ ᠬᠤᠰᠢᠭᠤᠨ ᠤ ᠪᠦᠬᠦ ᠤᠷᠤᠨ ᠪᠦᠰᠡ ᠶᠢᠨ ᠨᠢᠭᠡ ᠴᠣᠭᠴᠠᠵᠢᠭᠤᠯᠤᠭᠰᠠᠨ ᠳᠠᠮᠵᠢᠭᠤᠯᠭ᠎ᠠ ᠶᠢᠨ ᠲᠥᠪ | ᠠᠵᠢᠯᠯᠠᠭᠰᠠᠨ ᠠᠴᠠ ᠨᠠᠭᠠᠰᠢ ᠂ ᠪᠦᠬᠦ ᠤᠷᠤᠨ ᠪᠦᠰᠡ ᠶᠢᠨ ᠡᠬᠢ ᠪᠠᠶᠠᠯᠢᠭ ᠪᠦᠲᠦᠮᠵᠢᠲᠡᠢ ᠬᠤᠯᠪᠣᠯᠳᠤᠵᠤ ᠂ AI ᠂ 5G ᠵᠡᠷᠭᠡ ᠰᠢᠨ᠎ᠡ ᠮᠡᠷᠭᠡᠵᠢᠯ ᠤᠨ | ᠦᠢᠯᠡᠳᠦᠯᠭᠡ ᠬᠡᠷᠡᠭᠯᠡᠯᠲᠡ ᠨᠢ ᠠᠭᠤᠰᠤᠯᠴᠠᠨ ᠳᠠᠮᠵᠢᠭᠤᠯᠬᠤ ᠴᠢᠳᠠᠪᠬᠢ ᠶᠢ ᠠᠬᠢᠭᠤᠯᠤᠨ ᠴᠢᠨᠠᠷ ᠤᠨ ᠦᠰᠦᠷᠦᠯᠲᠡ ᠶᠢ ᠪᠤᠢ ᠪᠤᠯᠭᠠᠵᠠᠢ ᠃ ︽ ᠲᠥᠪ ︾ | ᠪᠠᠶᠢᠭᠤᠯᠤᠭᠳᠠᠭᠰᠠᠨ ᠠᠴᠠ ᠨᠠᠭᠠᠰᠢ ᠂ ᠨᠡᠶᠢᠲᠡᠯᠡᠭᠰᠡᠨ ᠂ ᠳᠡᠪᠰᠢᠭᠦᠯᠦᠭᠰᠡᠨ ᠡᠬᠡ ᠪᠢᠴᠢᠭ ᠂ ᠵᠢᠷᠤᠭ ᠡᠭᠡ ᠪᠢᠴᠢᠭ ᠂ ᠲᠤᠰᠬᠠᠢ ᠰᠡᠳᠦᠪ ᠤᠨ ᠲᠤᠭ᠎ᠠ ᠬᠡᠮᠵᠢᠶ᠎ᠡ ᠨᠢ | ᠢᠯᠡᠳᠬᠡᠭᠴᠢ ᠶᠢᠨ ᠲᠠᠰ ᠤᠨ ᠨᠡᠮᠡᠭᠳᠡᠯ ᠲᠠᠢ ᠪᠣᠯᠵᠤ ᠂ 10W + ᠳᠤᠮᠤ ᠲᠠᠷᠬᠠᠭᠠᠯᠲᠠ ᠲᠠᠢ ᠪᠦᠲᠦᠭᠡᠯ ᠵᠠᠯᠭᠠᠭ᠎ᠠ ᠪᠠᠷ ᠭᠠᠷᠴᠤ ᠂ ᠴᠠᠭ ᠦᠶ᠎ᠡ ᠶᠢᠨ ᠭᠤᠣᠯ ᠬᠥᠭ | ᠠᠶᠠᠰ ᠢ ᠦᠷᠭᠦᠯᠵᠢᠯᠡᠨ ᠬᠠᠩᠭᠢᠨᠠᠭᠤᠯᠵᠤ ᠂ ︽ ᠵᠡᠭᠦᠨᠭᠠᠷ ᠤᠨ ᠤᠬᠠᠭᠤᠯᠭ᠎ᠠ ︾ ᠳᠤ ᠬᠦᠴᠦᠷᠬᠡᠭ ᠶᠡᠭᠡ ᠨᠥᠯᠥᠭᠡᠯᠡᠬᠦ ᠬᠦᠴᠦᠨ ᠢ ᠠᠪᠴᠢᠷᠠᠨ ᠂ ᠭᠤᠣᠯ ᠦᠵᠡᠯ | ᠰᠠᠨᠠᠭ᠎ᠠ ᠶᠠᠷᠢᠶ᠎ᠠ ᠬᠡᠯᠡᠯᠴᠡᠭᠡ ᠶᠢ ᠤᠯᠠᠮ ᠨᠢᠭᠡ ᠠᠯᠬᠤᠮ ᠪᠤᠵᠠᠭᠠᠶᠢᠷᠠᠭᠤᠯᠪᠠ ᠃ ᠭᠦᠨᠴᠡ ᠲᠠᠢ ᠂ ᠳᠤᠯᠠᠭᠠᠴᠠ ᠲᠠᠢ ᠂ ᠤᠳᠬ᠎ᠠ ᠠᠭᠤᠯᠭ᠎ᠠ ᠲᠠᠢ ᠰᠣᠳᠣᠨ ᠪᠦᠲᠦᠭᠡᠯ ᠨᠢ | ᠭᠠᠳᠠᠬᠰᠢᠯ ᠤᠬᠠᠭᠤᠯᠭ᠎ᠠ ᠶᠢᠨ ᠴᠢᠨᠠᠷᠵᠢᠯ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ ᠵᠡᠭᠦᠨᠭᠠᠷ ᠬᠤᠰᠢᠭᠤ ᠡᠯ᠎ᠡ ᠱᠠᠲᠤᠨ ᠤ ᠲᠥᠪ | ᠵᠠᠭᠤᠴᠢᠯᠠᠭᠤᠷ ᠤᠨ ᠲᠠᠪᠴᠠᠩ ᠢᠶᠠᠷ ᠣᠯᠠᠨ ᠤᠳᠠᠭ᠎ᠠ ᠳᠡᠯᠭᠡᠨ ᠳᠠᠨᠢᠯᠴᠠᠭᠤᠯᠤᠬᠳᠠᠬᠰᠠᠨ ᠢᠶᠠᠷ ᠦᠯᠤ ᠪᠠᠷᠠᠨ ᠂ ᠪᠠᠰᠠ ᠪᠥᠬᠦ ᠤᠯᠤᠰ ᠤᠨ ᠰᠢᠶᠠᠨ ᠤ | ᠠᠭᠤᠰᠤᠯᠴᠠᠯ ᠤᠨ ᠲᠥᠪ ᠤᠨ ︽ ᠦᠢᠯᠡᠳᠦᠯᠴᠡᠨ ᠳᠠᠮᠵᠢᠭᠤᠯᠤᠬᠰᠠᠨ ︾ ᠂ ︽ ᠲᠥᠪ ᠪᠠ ᠣᠷᠣᠨ ᠨᠤᠲᠤᠭ ᠬᠤᠯᠪᠤᠭᠠᠯᠠᠨ ᠬᠥᠳᠡᠯᠦᠯᠴᠡᠭᠰᠡᠨ ︾ ᠂ ︽ ᠠᠭᠤᠰᠤᠯᠴᠠᠨ | ᠮᠡᠳᠡᠭᠡᠯᠡᠭᠰᠡᠨ ︾ ᠨᠡᠶᠢᠲᠡᠯᠢᠭ ᠭᠡᠷᠡᠭ ᠤᠨ ᠵᠢᠱᠢᠶ᠎ᠡ ᠵᠡᠷᠭᠡ ᠠᠯᠢ ᠣᠯᠠᠨ ᠢᠷᠠᠭᠤ ᠠᠯᠳᠠᠷ ᠢ ᠭᠥᠷᠳᠡᠭᠰᠡᠨ ᠪᠠᠶᠢᠨ᠎ᠠ ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ | ᠡᠭᠦᠳᠬᠦ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠦᠷᠲᠡᠯ᠎ᠡ᠂ ᠬᠤᠳᠠ ᠶᠢᠨ ᠬᠦᠷ ᠬᠦᠭᠵᠢᠶᠡᠨ ᠠᠴᠠ ᠠᠷᠠᠳ ᠤᠨ ᠠᠮᠢᠳᠤᠷᠠᠯ ᠤᠨ ᠶᠠᠩᠵᠤ | ᠪᠦᠷᠢ ᠶᠢᠨ ᠬᠡᠯᠪᠡᠷᠢ ᠪᠠᠶᠢᠳᠠᠯ ᠬᠦᠷᠲᠡᠯ᠎ᠡ ᠁ ᠵᠡᠭᠦᠨᠭᠠᠷ ᠬᠤᠰᠢᠭᠤᠨ ᠤ ᠴᠢᠨᠠᠷ ᠰᠠᠶᠢᠲᠠᠢ ᠬᠥᠭᠵᠢᠯᠲᠡ ᠶᠢᠨ ᠬᠠᠯᠠᠮᠰᠢᠯ ᠠᠰᠠᠭᠤᠳᠠᠯ ᠢ ᠨᠡᠩ ᠤᠯᠠᠨ ᠬᠥᠮᠥᠰ ᠲᠤ | ᠣᠶᠢᠯᠠᠭᠠᠭᠤᠯᠤᠨ ᠂ ᠨᠡᠩ ᠴᠤ ᠳᠠᠯᠠᠢ ᠲᠠᠩᠭᠢᠰ ᠢ ᠭᠡᠲᠦᠯᠤᠨ ᠂ ᠳᠡᠯᠡᠬᠡᠢ ᠳ᠋ᠠᠬᠢᠨ ᠳᠤ ᠭᠤᠶᠢᠳᠠ ᠰᠠᠶᠢᠬᠠᠨ ᠵᠡᠭᠦᠨᠭᠠᠷ ᠤᠨ ᠦᠯᠢᠭᠡᠷ ᠢ ᠰᠤᠨᠢᠷᠬᠠᠭᠤᠯᠤᠬᠰᠠᠨ ᠪᠠᠶᠢᠨ᠎ᠠ᠃ | ᠵᠥᠪᠬᠡᠨ 2024 ᠣᠨ ᠳᠤ ᠂ ᠵᠡᠭᠦᠨᠭᠠᠷ ᠬᠤᠰᠢᠭᠤᠨ ᠤ ᠪᠦᠬᠦ ᠣᠷᠣᠨ ᠪᠦᠰᠡ ᠶᠢᠨ ᠨᠢᠭᠡ ᠴᠣᠭᠴᠠᠵᠢᠭᠤᠯᠤᠬᠰᠠᠨ ᠳᠠᠮᠵᠢᠭᠤᠯᠭ᠎ᠠ ᠶᠢᠨ ᠲᠥᠪ ᠤᠨ ᠬᠠᠮᠲᠤᠷᠠᠭᠰᠠᠨ | ᠮᠡᠳᠡᠭᠡᠯᠡᠯ ᠵᠠᠭᠤᠴᠢᠯᠠᠭᠤᠷ ᠤᠨ ᠲᠠᠪᠴᠠᠩ ᠨᠢ ᠣᠷᠣᠨ ᠨᠤᠲᠤᠭ ᠤᠨ ᠲᠤᠷᠰᠢᠯᠭ᠎ᠠ ᠪᠠᠷ ᠳᠤᠮᠳᠠᠳᠤ ᠤᠯᠤᠰ ᠤᠨ ᠦᠯᠢᠭᠡᠷ ᠢ ᠶᠠᠷᠢᠵᠤ ᠂ ︽ᠤᠯᠤᠰ ᠤᠨ ᠳᠣᠲᠣᠭᠠᠳᠤ + | ᠭᠠᠳᠠᠭᠠᠳᠤ︾ ᠶᠢᠨ ᠵᠠᠭᠤᠴᠢᠯᠠᠭᠤᠷ ᠤᠨ ᠬᠠᠷᠢᠯᠴᠠᠨ ᠦᠢᠯᠡᠳᠦᠯᠴᠡᠬᠦ ᠂ ︽ᠠᠯᠪᠠᠨ ᠤ ᠲᠠᠯ᠎ᠠ ᠶᠢᠨ + ᠠᠷᠠᠳ ᠤᠨ ᠳᠤᠮᠳᠠᠬᠢ︾ ᠶᠢᠨ ᠬᠠᠷᠢᠯᠴᠠᠨ ᠰᠣᠯᠢᠯᠴᠠᠵᠤ ᠬᠠᠷᠢᠯᠴᠠᠨ | ᠲᠣᠯᠢᠳᠠᠬᠤ ᠂ ︽ᠨᠥᠬᠦᠷᠰᠡᠭ ᠬᠤᠳᠠ + ᠡᠬᠦᠯᠡᠨᠴᠢᠷ ᠳᠠᠪᠴᠠᠩ︾ ᠬᠠᠮᠲᠤᠪᠠᠷ ᠬᠤᠯᠪᠤᠭᠠᠯᠠᠨ ᠬᠠᠮᠲᠤᠪᠠᠷ ᠠᠬᠢᠭᠤᠯᠬᠤ ᠵᠡᠷᠭᠡ ᠤᠯᠠᠨ ᠵᠦᠢᠯ ᠤᠨ ᠬᠡᠯᠪᠡᠷᠢ ᠪᠠᠷ | ᠳᠠᠮᠵᠢᠭᠤᠯᠵᠤ ᠂ ︽ᠭᠠᠳᠠᠭᠠᠳᠤ︾ ᠶᠢᠨ ᠬᠢᠨ ᠤ ᠬᠦᠶᠦᠯᠭᠡᠨ ᠦᠵᠡᠭᠰᠡᠨ ᠬᠡᠮᠵᠢᠶ᠎ᠡ 3500 ᠳᠦᠮᠡ ᠤᠳᠠᠭ᠎ᠠ ᠳᠤ ᠬᠦᠷᠴᠦ ᠂ ᠬᠠᠷᠢᠯᠴᠠᠨ ᠦᠢᠯᠡᠳᠦᠯᠴᠡᠭᠰᠡᠨ ᠬᠡᠮᠵᠢᠶ᠎ᠡ | 75.5 ᠳᠦᠮᠡ ᠤᠳᠠᠭ᠎ᠠ ᠶᠢ ᠳᠠᠪᠠᠵᠤ ᠂ ᠰᠢᠶᠠᠨ ᠤ ᠬᠡᠪᠴᠢᠶᠡᠨ ᠤ ᠤᠯᠠᠨ ᠤᠯᠤᠰ ᠤᠨ ᠳᠠᠮᠵᠢᠭᠤᠯᠭ᠎ᠠ ᠶᠢᠨ ᠰᠢᠨ᠎ᠡ ᠬᠠᠭᠤᠳᠠᠰᠤ ᠶᠢ ᠨᠡᠭᠡᠭᠡᠵᠦ ᠂ ᠳᠤᠮᠳᠠᠳᠤ | ᠤᠯᠤᠰ ᠤᠨ ᠰᠢᠶᠠᠨ ᠤ ᠬᠡᠪᠴᠢᠶᠡᠨ ᠤ ᠤᠯᠠᠨ ᠤᠯᠤᠰ ᠤᠨ ᠳᠠᠮᠵᠢᠭᠤᠯᠭ᠎ᠠ ᠶᠢᠨ ᠰᠢᠨ᠎ᠡ ᠶᠢ ᠡᠭᠦᠳᠬᠦ ᠦᠢᠯᠡᠳᠦᠯᠭᠡ ᠶᠢ ᠰᠦᠪᠡᠭᠴᠢᠯᠡᠨ ᠪᠦᠷᠢᠯᠳᠦᠭᠦᠯᠵᠡᠢ᠃ | |