| 1 ᠰᠠᠷ᠎ᠠ ᠶᠢᠨ 7 ᠤ ᠡᠳᠤᠷ ᠤᠨ 9 ᠴᠠᠭ 05 ᠮᠢᠨᠦ᠋ᠲ ᠲᠤ ᠂ ᠲᠥᠪᠡᠳ ᠤᠨ ᠰᠢᠭᠠᠽᠧ ᠬᠤᠲᠠ ᠶᠢᠨ ᠲᠢᠩᠷᠢ ᠰᠢᠶᠠᠨ ᠳᠤ 6.8 ᠳᠡᠰ ᠤᠨ ᠭᠠᠵᠠᠷ | ᠬᠥᠳᠡᠯᠦᠯᠲᠡ ᠡᠭᠦᠰᠴᠦ ᠂ ᠭᠠᠮᠰᠢᠭ ᠤᠨ ᠪᠠᠶᠢᠳᠠᠯ ᠨᠢ ᠬᠦᠨᠳᠦ ᠨᠤᠴᠢᠲᠠᠢ ᠪᠠᠶᠢᠪᠠ ᠃ ᠭᠠᠵᠠᠷ ᠬᠥᠳᠡᠯᠤᠯᠲᠠ ᠶᠢᠨ ᠳᠠᠷᠠᠭ᠎ᠠ ᠂ ᠣᠷᠳᠤᠰ ᠬᠤᠲᠠ ᠶᠢᠨ ᠤᠯᠠᠭᠠᠨ | ᠵᠠᠭᠠᠯᠮᠠᠶᠢᠲᠠᠨ ᠤ ᠨᠡᠶᠢᠭᠡᠮᠯᠢᠭ ᠭᠠᠮᠰᠢᠭᠳᠠᠭᠰᠠᠨ ᠣᠷᠣᠨ ᠳᠤ ᠠᠪᠤᠷᠠᠨ ᠲᠤᠰᠡᠯᠠᠬᠤ ᠡᠳ᠋ ᠪᠤᠳᠠᠰ ᠢ ᠦᠳᠳᠡᠷ ᠲᠦᠷᠭᠡᠨ ᠰᠢᠯᠵᠢᠭᠦᠯᠤᠨ ᠬᠦᠷᠭᠡᠪᠡ ᠃ ᠤᠷᠳᠤᠰ | ᠬᠤᠲᠠ ᠶᠢᠨ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠤᠨ ᠬᠢᠨ ᠡᠳ᠋ ᠪᠣᠳᠠᠰ ᠴᠤᠭᠯᠠᠭᠤᠯᠤᠨ ᠂ ᠲᠥᠪᠡᠳ ᠤᠨ ᠭᠠᠵᠠᠷ ᠬᠥᠳᠡᠯᠤᠯᠲᠠ ᠶᠢᠨ ᠭᠠᠮᠰᠢᠭᠳᠠᠭᠰᠠᠨ | ᠣᠷᠣᠨ ᠳᠤ 103700 ᠲᠥᠭᠦᠷᠢᠭ ᠤᠨ ᠦᠷᠳᠡᠭ ᠪᠦᠬᠦᠢ ᠬᠥᠪᠥᠩ ᠬᠦᠨᠵᠢᠯᠡ ᠂ ᠬᠦᠪᠦᠩ ᠬᠤᠪᠴᠠᠰᠤ ᠂ ᠭᠡᠷ ᠪᠦᠯᠢ ᠶᠢᠨ ᠬᠠᠶᠢᠷᠴᠠᠭ ᠵᠡᠷᠭᠡ 700 ᠵᠠᠬ᠎ᠠ ᠡᠳ᠋ | ᠪᠣᠳᠠᠰ ᠂ 1000 ᠭᠠᠷᠤᠢ ᠨᠣᠤᠯᠤᠭᠤᠷ ᠤᠨ ᠪᠦᠳᠦᠭᠡᠭᠳᠡᠭᠦᠨ ᠬᠠᠨᠲᠢᠪᠯᠠᠪᠠ ᠃ ᠡᠭᠦᠨ ᠤ ᠬᠠᠮᠲᠤ ᠤᠷᠳᠤᠰ ᠤᠨ ᠰᠢᠤᠲᠠᠨ ᠤ ᠺᠣᠮᠫᠠᠨᠢ ᠲᠠᠢ ᠵᠣᠬᠢᠴᠡᠵᠤ | ᠲᠡᠭᠡᠭᠡᠪᠦᠷᠢ ᠶᠢᠨ ᠲᠡᠷᠭᠡ ᠶᠢ ᠦᠨ᠎ᠡ ᠲᠦᠯᠤᠪᠦᠷᠢ ᠦᠭᠡᠢ ᠪᠠᠷ ᠬᠠᠩᠭᠠᠵᠤ ᠂ ᠭᠤᠷᠪᠠᠨ ᠵᠢᠯᠤᠭᠤᠴᠢ ᠶᠢ ᠭᠠᠮᠰᠢᠭᠳᠠᠭᠰᠠᠨ ᠣᠷᠣᠨ ᠳᠤ ᠲᠣᠮᠢᠯᠠᠵᠤ ᠂ ᠵᠢᠱᠢᠯᠲᠡ ᠪᠠᠷ | 48 ᠴᠠᠭ ᠤᠨ ᠳᠣᠲᠣᠷ᠎ᠠ ᠲᠥᠪᠡᠳ ᠤᠨ ᠰᠢᠭᠠᠽᠧ ᠬᠤᠲᠠ ᠶᠢᠨ ᠭᠠᠵᠠᠷ ᠬᠥᠳᠡᠯᠤᠯᠲᠠ ᠶᠢᠨ ᠭᠠᠮᠰᠢᠭᠳᠠᠭᠰᠠᠨ ᠣᠷᠣᠨ ᠳᠤ ᠬᠦᠷᠭᠡᠬᠦ ᠪᠣᠯᠣᠨ᠎ᠠ ᠃ ᠣᠳᠣᠬᠠᠨ | ᠪᠣᠯᠲᠠᠯ᠎ᠠ ᠤᠷᠳᠤᠰ ᠬᠤᠲᠠ ᠶᠢᠨ ᠬᠤᠶᠠᠷ ᠠᠵᠤ ᠠᠬᠤᠶᠢᠯᠠᠯ ᠤᠷᠳᠤᠰ ᠬᠤᠲᠠ ᠶᠢᠨ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢᠶᠠᠷ ᠳᠠᠮᠵᠢᠭᠤᠯᠤᠨ ᠭᠠᠮᠰᠢᠭᠳᠠᠭᠰᠠᠨ | ᠣᠷᠣᠨ ᠳᠤ ᠨᠡᠶᠢᠲᠡ 11 ᠲᠦᠮᠡᠨ ᠲᠥᠭᠦᠷᠢᠭ ᠬᠠᠨᠲᠢᠪᠯᠠᠪᠠ ᠃ | | |