| ᠣᠶᠢᠷ᠎ᠠ ᠶᠢᠨ ᠡᠳᠦᠷ ᠤᠷᠳᠤᠰ ᠬᠤᠲᠠ ᠶᠢᠨ ᠮᠥᠴᠠ ᠶᠢᠨ ᠣᠷᠣᠨ ᠵᠠᠢ ᠶᠢᠨ ᠰᠤᠳᠤᠯᠭᠠᠨ ᠤ ᠰᠠᠭᠤᠷᠢᠨ ᠭᠠᠵᠠᠷ ᠳ᠋ᠦᠩᠱᠧᠩ ᠲᠣᠭᠤᠷᠢᠭ ᠤᠨ ᠪᠥᠬᠦ ᠠᠷᠠᠳ ᠤᠨ | ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠲᠥᠪ ᠲᠤ ᠡᠬᠢᠯᠡᠪᠡ ᠃ ᠲᠣᠰ ᠰᠠᠭᠤᠷᠢᠨ ᠭᠠᠵᠠᠷ ᠨᠢ ᠵᠣᠬᠢᠶᠠᠮᠡᠯ ᠣᠶᠣᠨᠴᠢ ᠦᠵᠡᠭᠦᠯᠭᠡ ᠶᠢᠨ ᠲᠢᠩᠬᠢᠮ ᠂ ᠬᠦᠴᠦᠷᠬᠡᠭ | ᠤᠯᠤᠰ ᠤᠨ ᠦᠵᠡᠭᠦᠯᠭᠡ ᠶᠢᠨ ᠲᠢᠩᠬᠢᠮ ᠂ ᠢᠷᠡᠭᠡᠳᠦᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠪᠡᠶᠡᠴᠢᠯᠡᠨ ᠣᠶᠢᠯᠠᠭᠠᠬᠤ ᠲᠢᠩᠬᠢᠮ ᠂ ᠮᠥᠴᠡ ᠶᠢᠨ ᠬᠠᠷᠠᠭᠠᠨ | ᠬᠡᠪᠴᠢᠶ᠎ᠡ ᠵᠡᠷᠭᠡ ᠳᠥᠷᠪᠡᠨ ᠶᠡᠭᠡ ᠥᠵᠡᠭᠦᠯᠭᠡ ᠶᠢᠨ ᠲᠢᠩᠬᠢᠮ ᠢᠶᠠᠷ ᠪᠦᠷᠢᠯᠳᠦᠵᠦ ᠂ 2600 ᠲᠡᠭᠰᠢ ᠳᠦᠷᠪᠡᠯᠵᠢᠨ ᠮᠧᠳ᠋ᠷ ᠤᠨ ᠬᠤᠭᠤᠯᠠᠨ ᠲᠢᠩᠬᠢᠮ ᠵᠢᠴᠢ | 7000 ᠲᠡᠭᠰᠢ ᠲᠥᠷᠪᠡᠯᠵᠢᠨ ᠮᠧᠳ᠋ᠷ ᠤᠨ ᠬᠤᠨᠣᠭᠯᠠᠬᠤ ᠣᠷᠣᠨ ᠲᠣᠭᠤᠷᠢᠭ ᠢ ᠢᠵᠢ ᠪᠦᠷᠢᠳᠦᠭᠦᠯᠦᠭᠡᠳ ᠡᠳᠤᠷ ᠪᠦᠷᠢ 1000 ᠭᠠᠷᠤᠢ ᠬᠦᠮᠤᠨ ᠢ ᠣᠭᠲᠤᠨ | ᠵᠣᠴᠢᠯᠠᠬᠤ ᠪᠠᠭᠲᠠᠭᠠᠮᠵᠢ ᠲᠠᠢ ᠃ ᠣᠷᠳᠤᠰ ᠬᠤᠲᠠ ᠶᠢᠨ ᠮᠥᠴᠠ ᠶᠢᠨ ᠣᠷᠣᠨ ᠵᠠᠢ ᠶᠢᠨ ᠰᠤᠳᠤᠯᠭᠠᠨ ᠤ ᠰᠠᠭᠤᠷᠢᠨ ᠭᠠᠵᠠᠷ ᠢ ᠳ᠋ᠦᠩᠱᠧᠩ ᠲᠣᠭᠤᠷᠢᠭ ᠤᠨ ᠰᠣᠶᠣᠯ | ᠵᠢᠭᠤᠯᠴᠢᠯᠡᠯ ᠤᠨ ᠪᠦᠯᠤᠭ᠍ᠯᠡᠯ ᠪᠣᠯᠣᠨ ᠥᠪᠣᠷ ᠮᠤᠩᠭᠤᠯ ᠤᠨ ᠫᠦ᠋ ᠰᠧᠨ ᠰᠤᠳᠤᠯᠤᠨ ᠰᠤᠷᠤᠯᠴᠠᠬᠤ ᠰᠢᠨᠵᠢᠯᠡᠬᠦ ᠤᠬᠠᠭᠠᠨ ᠰᠤᠷᠭᠠᠨ ᠬᠦᠮᠣᠵᠢᠯ ᠰᠣᠶᠣᠯ ᠤᠨ | ᠬᠢᠵᠠᠭᠠᠷᠲᠤ ᠺᠣᠮᠫᠠᠨᠢ ᠬᠠᠮᠲᠤᠪᠠᠷ ᠪᠡᠯᠡ ᠣᠷᠣᠭᠤᠯᠤᠨ ᠂ ᠳ᠋ᠦᠩᠱᠧᠩ ᠲᠣᠭᠤᠷᠢᠭ ᠤᠨ ᠪᠥᠬᠦ ᠠᠷᠠᠳ ᠤᠨ ᠪᠡᠶ᠎ᠡ ᠴᠢᠬᠢᠷᠠᠭᠵᠢᠭᠤᠯᠬᠤ ᠬᠥᠳᠡᠯᠭᠡᠭᠡᠨ ᠤ ᠲᠥᠪ ᠤᠨ | ᠰᠤᠯᠠ ᠪᠠᠶᠢᠭ᠎ᠠ ᠭᠡᠷ ᠪᠠᠶᠢᠰᠢᠩ ᠢ ᠥᠭᠡᠷᠡᠴᠢᠯᠠᠨ ᠵᠠᠰᠠᠵᠤ ᠪᠦᠲᠦᠭᠡᠨ ᠪᠠᠶᠢᠭᠤᠯᠵᠠᠢ ᠃ ᠪᠠᠷᠢᠯᠭ᠎ᠠ ᠶᠢᠨ ᠶᠡᠷᠦᠩᠬᠡᠢ ᠲᠠᠯᠠᠪᠠᠢ ᠨᠢ 19 ᠲᠦᠮᠡᠨ ᠲᠡᠭᠰᠢ ᠲᠦᠷᠪᠡᠯᠵᠢᠨ | ᠮᠧᠳ᠋ᠷ ᠪᠠᠶᠢᠵᠤ ᠂ ᠥᠷᠭᠡᠨ ᠤᠯᠠᠨ ᠵᠠᠯᠠᠭᠤᠴᠤᠳ ᠪᠠᠭᠠᠴᠤᠳ ᠲᠤ ᠰᠢᠨᠵᠢᠯᠡᠬᠦ ᠤᠬᠠᠭᠠᠨ ᠤ ᠷᠢᠳᠢ ᠰᠢᠳᠢ ᠶᠢ ᠣᠶᠢᠷ᠎ᠠ ᠵᠠᠢ ᠠᠴᠠ ᠦᠢᠯᠠᠭᠠᠬᠤ ᠂ ᠰᠢᠨᠵᠢᠯᠡᠬᠦ ᠤᠬᠠᠭᠠᠨ | ᠮᠡᠷᠭᠡᠵᠢᠯ ᠤᠨ ᠬᠦᠴᠦᠨ ᠢ ᠣᠶᠢᠯᠠᠭᠠᠬᠤ ᠴᠤᠩᠬᠤᠪᠴᠢ ᠬᠠᠩᠭᠠᠬᠤ ᠶᠢᠨ ᠬᠠᠮᠲᠤ ᠤᠯᠠᠨ ᠡᠰᠢᠴᠢᠯᠡᠭᠰᠡᠨ ᠂ ᠰᠣᠨᠢᠷᠬᠠᠯ ᠲᠠᠢ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ | ᠠᠵᠢᠯᠯᠠᠭ᠎ᠠ ᠦᠷᠨᠢᠭᠦᠯᠬᠦ ᠂ ᠲᠤᠷᠰᠢᠯᠲᠠ ᠬᠢᠬᠦ ᠂ ᠰᠤᠳᠤᠯᠤᠨ ᠰᠤᠷᠤᠯᠴᠠᠬᠤ ᠰᠣᠯᠢᠯᠴᠠᠭ᠎ᠠ ᠬᠢᠬᠦ ᠪᠠᠷ ᠳᠠᠮᠵᠢᠭᠤᠯᠤᠨ ᠵᠠᠯᠠᠭᠤᠴᠤᠳ ᠪᠠᠭᠠᠴᠤᠳ ᠤᠨ ᠰᠢᠨ᠎ᠡ ᠶᠢ | ᠡᠭᠦᠳᠬᠦ ᠰᠡᠳᠭᠢᠭᠦᠢ ᠵᠢᠴᠢ ᠰᠢᠨᠵᠢᠯᠡᠬᠦ ᠤᠬᠠᠭᠠᠨ ᠢ ᠰᠤᠷᠴᠤ ᠡᠵᠡᠮᠰᠢᠬᠦ ᠤᠷᠮ᠎ᠠ ᠪᠠᠬ᠎ᠠ ᠶᠢ ᠤᠯᠠᠮ ᠨᠢᠭᠡ ᠠᠯᠬᠤᠮ ᠬᠥᠭᠵᠢᠭᠡᠨ᠎ᠡ ᠃ ᠲᠣᠰ ᠰᠠᠭᠤᠷᠢᠨ ᠭᠠᠵᠠᠷ ᠢ | ᠡᠬᠢᠯᠡᠭᠦᠯᠦᠭᠰᠡᠨ ᠨᠢ ᠰᠢᠨᠵᠢᠯᠡᠬᠦ ᠤᠬᠠᠭᠠᠨᠴᠢ ᠰᠤᠷᠭᠠᠨ ᠬᠥᠮᠥᠵᠢᠯ ᠤᠨ ᠬᠡᠪ ᠵᠠᠬᠠᠪᠤᠷ ᠤᠨ ᠲᠤᠬᠠᠢ ᠰᠢᠨ᠎ᠡ ᠰᠦᠪᠡᠭᠴᠢᠯᠡᠯᠲᠠ ᠪᠣᠯᠬᠤ ᠪᠠᠷ ᠪᠠᠷᠠᠬᠤ ᠦᠭᠡᠢ ᠨᠡᠩ ᠴᠦ | ᠳ᠋ᠦᠩᠱᠧᠩ ᠲᠣᠭᠤᠷᠢᠭ ᠤᠨ ᠰᠢᠨᠵᠢᠯᠡᠬᠦ ᠤᠬᠠᠭᠠᠨ ᠤ ᠬᠦᠷᠢᠶᠡᠨ ᠳᠠᠬᠢ ᠰᠤᠳᠤᠯᠤᠨ ᠰᠣᠷᠤᠯᠴᠠᠬᠤ ᠰᠠᠭᠤᠷᠢᠨ ᠭᠠᠵᠠᠷ ᠤᠨ ᠬᠤᠭᠤᠰᠤᠨ ᠢ ᠨᠥᠭᠦᠪᠥᠷᠢᠯᠡᠭᠰᠡᠨ ᠪᠠᠶᠢᠨ᠎ᠠ ᠃ | | | | | |