| ᠲᠦᠷᠦᠭᠦᠬᠡᠨ ᠂ ᠵᠡᠭᠦᠨᠭᠠᠷ ᠬᠤᠰᠢᠭᠤᠨ ᠤ ᠳ᠋ᠠ ᠯᠦ ᠪᠠᠯᠭᠠᠰᠤᠨ ᠤ ᠬᠥᠪᠴᠢ ᠶᠢᠨ ᠡᠯᠡᠰᠦᠨ ᠴᠦᠯ ᠤᠨ ᠰᠠᠭᠤᠷᠢᠨ ᠭᠠᠵᠠᠷ ᠲᠤ ᠪᠠᠶᠢᠷᠢᠯᠠᠵᠤ ᠪᠠᠶᠢᠭ᠎ᠠ ᠣᠷᠳᠣᠰ ᠤᠨ | ᠰᠢᠨ᠎ᠡ ᠡᠨᠧᠷᠭᠢ ᠶᠢᠨ 110 ᠲᠦᠮᠡᠨ ᠺᠢᠯᠣᠸᠠᠲ ᠤᠨ ᠬᠡᠷᠡᠯ ᠴᠡᠨᠡᠭ ᠤᠨ ᠲᠥᠷᠥᠯ ᠵᠦᠢᠯ ᠤᠨ ᠨᠢᠭᠡᠳᠦᠭᠡᠷ ᠪᠠᠷᠢᠮᠵᠢᠶᠠᠲᠤ ᠬᠡᠰᠡᠭ ᠤᠨ ᠢᠨᠵᠧᠨᠧᠷᠢᠩ ᠨᠢ ᠴᠢᠬᠤᠯᠠ | ᠵᠠᠩᠭᠢᠯᠠᠭ᠎ᠠ ᠶᠢᠨ ᠭᠡᠰᠡᠭ ︱ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠦᠨᠳᠦᠰᠦᠨ ᠳᠡᠭᠡᠨ ᠬᠢᠵᠤ ᠳᠠᠭᠤᠰᠬᠠᠪᠠ ᠃ | | ᠵᠢᠷᠤᠭ ᠄ ᠠᠵᠢᠯᠴᠢᠨ ᠣᠳᠣ ᠶᠠᠭ ᠴᠠᠬᠢᠯᠭᠠᠨ ᠤᠲᠠᠰᠤᠨ ᠤ ᠤᠲᠠᠰᠤ ᠶᠢ ᠤᠭᠰᠠᠷᠠᠵᠤ ᠪᠠᠶᠢᠭ᠎ᠠ ᠨᠢ ᠃ ᠾᠧ ᠷᠦᠨ ᠰᠡᠭᠦᠳᠡᠷᠯᠡᠪᠡ | | ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠤᠢ ᠲᠠᠯᠠᠪᠠᠢ ᠳᠤ ᠬᠦᠷᠬᠦ ᠳᠤ ᠂ ᠮᠥᠷ ᠮᠥᠷ ᠪᠤᠯᠠᠭᠠᠷᠢ ᠶᠢᠨ ᠰᠠᠭᠤᠷᠢ ᠪᠣᠯᠣᠨ ᠲᠤᠯᠭᠠᠭᠤᠷᠢ ᠨᠢ | ᠡᠯᠡᠰᠦᠨ ᠴᠦᠯ ᠳᠤ ᠲᠡᠷᠢ ᠲᠡᠭᠰᠢ ᠵᠢᠭᠰᠠᠬᠳᠠᠨ ᠂ ᠠᠵᠢᠯᠴᠢᠳ ᠶᠠᠭ ᠪᠠᠴᠢᠮ ᠶᠠᠭᠠᠷᠠᠯᠲᠠᠢ ᠪᠦᠭᠡᠳ ᠡᠮᠬᠢ ᠳᠢᠭᠯᠢᠮ ᠲᠠᠢ ᠪᠠᠷ ᠴᠠᠬᠢᠯᠭᠠᠨ ᠤᠲᠠᠰᠤᠨ ᠤ ᠬᠡᠯᠬᠢᠶ᠎ᠡ ᠶᠢ | ᠤᠭᠰᠠᠷᠠᠵᠤ ᠂ ᠲᠦᠷᠦᠯ ᠵᠦᠢᠯ ᠤᠨ ᠳᠠᠷᠠᠭᠠᠴᠢ ᠶᠢᠨ ᠠᠵᠢᠯ ᠳᠤ ᠰᠠᠭᠤᠷᠢ ᠲᠠᠯᠪᠢᠵᠤ ᠥᠭᠬᠦᠨ᠎ᠠ ᠃ | ᠲᠣᠰ ᠲᠥᠷᠥᠯ ᠵᠦᠢᠯ ᠨᠢ ᠤᠯᠤᠰ ᠤᠨ ᠬᠤᠶᠠᠳᠤᠭᠠᠷ ᠪᠦᠯᠦᠭ ᠡᠯᠡᠰᠤᠨ ᠴᠦᠯ ᠂ ᠭᠤᠪᠢ ᠂ ᠴᠦᠯᠡᠷᠭᠡᠭ ᠭᠠᠵᠠᠷ ᠣᠷᠣᠨ ᠤ ᠭᠤᠣᠯᠳᠠᠯᠭ᠎ᠠ ᠲᠠᠢ ᠲᠣᠮᠣ | ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠬᠡᠷᠡᠯ ᠴᠡᠨᠡᠭ ᠤᠨ ᠰᠠᠭᠤᠷᠢᠨ ᠭᠠᠵᠠᠷ ᠤᠨ ᠲᠥᠷᠥᠯ ᠵᠦᠢᠯ ᠪᠣᠯᠤᠭᠰᠠᠨ ᠤ ᠬᠤᠪᠢ ᠳᠤ ᠂ ᠶᠡᠷᠦᠩᠬᠡᠢ ᠪᠡᠯᠡ | ᠣᠷᠣᠭᠤᠯᠤᠯᠲᠠ ᠨᠢ ᠪᠠᠷᠤᠭ 55 ᠳ᠋ᠦᠩᠰᠢᠭᠤᠷ ᠲᠥᠭᠦᠷᠢᠭ ᠪᠠᠶᠢᠵᠤ ᠂ ᠡᠵᠡᠯᠡᠬᠦ ᠲᠠᠯᠠᠪᠠᠶ ᠨᠢ 2.9 ᠲᠦᠮᠡᠨ ᠮᠦ ᠳᠤ ᠬᠦᠷᠴᠡᠢ ᠃ 2023 ᠣᠨ ᠤ 9 ᠰᠠᠷ᠎ᠠ ᠳᠤ | ᠠᠵᠢᠯ ᠡᠬᠢᠯᠡᠭᠦᠯᠦᠭᠰᠡᠨ ᠠᠴᠠ ᠨᠠᠭᠠᠰᠢ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠲᠦᠷᠭᠡᠨ ᠪᠤᠯᠵᠤ ᠂ ᠨᠢᠭᠡᠳᠦᠭᠡᠷ ᠪᠠᠷᠢᠮᠵᠢᠶᠠᠲᠤ ᠬᠡᠰᠡᠭ ᠤᠨ | 60 ᠲᠦᠮᠡᠨ ᠺᠢᠯᠣᠸᠠᠲ ᠤᠨ ᠬᠡᠷᠡᠯ ᠴᠡᠨᠡᠭ ᠤᠨ ᠪᠠᠷᠢᠯᠭ᠎ᠠ ᠶᠢᠨ ᠠᠵᠢᠯ ᠦᠨᠳᠦᠰᠦᠨ ᠳᠡᠭᠡᠨ ᠳᠠᠭᠤᠰᠪᠠ ᠃ | | ᠵᠢᠷᠤᠭ ᠄ ᠣᠷᠳᠣᠰ ᠤᠨ ᠰᠢᠨ᠎ᠡ ᠡᠨᠧᠷᠭᠢ ᠶᠢᠨ 110 ᠲᠦᠮᠡᠨ ᠺᠢᠯᠣᠸᠠᠲ ᠤᠨ ᠭᠡᠷᠡᠯ ᠴᠡᠨᠡᠭ ᠤᠨ ᠲᠦᠷᠦᠯ ᠵᠦᠢᠯ ᠤᠨ ᠠᠬᠤᠢ ᠲᠠᠯᠠᠪᠠᠢ ᠪᠤᠯᠤᠨ᠎ᠠ ᠃ ᠾᠧ ᠷᠦᠨ | ᠰᠡᠭᠦᠳᠡᠷᠯᠡᠪᠡ | | ᠲᠦᠷᠦᠯ ᠵᠦᠢᠯ ᠢ ᠠᠬᠢᠭᠤᠯᠬᠤ ᠶᠢᠨ ᠬᠠᠮᠲᠤ ᠪᠠᠰᠠ ᠠᠮᠢ ᠠᠬᠤᠢ ᠶᠢᠨ ᠵᠠᠰᠠᠯᠲᠠ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠨᠢᠭᠡᠨᠲᠡ 7000 ᠮᠦ | ᠡᠪᠡᠰᠤ ᠂ 5000 ᠭᠠᠷᠤᠢ ᠮᠦ ᠪᠤᠷᠭᠠᠰᠤ ᠳᠠᠷᠢᠵᠤ ᠂ 5000 ᠮᠦ ᠬᠥᠷᠥᠰᠥ ᠰᠢᠷᠣᠢ ᠶᠢ ᠰᠠᠶᠢᠵᠢᠷᠠᠭᠤᠯᠵᠤ ᠂ ᠠᠵᠤ ᠠᠬᠤᠢ ᠶᠢᠨ ᠦᠷ᠎ᠡ ᠠᠰᠢᠭ ᠪᠣᠯᠣᠨ ᠠᠮᠢ | ᠠᠬᠤᠢ ᠶᠢᠨ ᠦᠷ᠎ᠡ ᠠᠰᠢᠭ ᠤᠨ ᠬᠤᠣᠰ ᠠᠮᠵᠢᠯᠲᠠ ᠶᠢ ᠪᠡᠶᠡᠯᠡᠭᠦᠯᠵᠡᠢ ᠃ | ᠥᠪᠥᠷ ᠮᠣᠩᠭᠤᠯ ᠤᠨ ᠯᠢᠦᠢ ᠱᠧᠩ ᠰᠢᠨ᠎ᠡ ᠡᠨᠧᠷᠭᠢ ᠶᠢᠨ ᠬᠢᠵᠠᠭᠠᠷᠲᠤ ᠺᠣᠮᠫᠠᠨᠢ ᠶᠢᠨ ᠳᠡᠳ᠋ ᠳᠠᠭᠠᠭᠠᠮᠠᠯ ᠬᠠᠢ ᠲᠢᠶᠧ ᠴᠧᠩ ᠤᠨ ᠲᠠᠨᠢᠯᠴᠠᠭᠤᠯᠬᠤ ᠪᠠᠷ ᠂ ᠲᠣᠰ | ᠲᠥᠷᠥᠯ ᠵᠦᠢᠯ ᠤᠨ ᠮᠠᠰᠢᠨ ᠴᠣᠭᠴᠠᠯᠠᠪᠤᠷᠢ ᠶᠢᠨ ᠶᠡᠷᠦᠩᠬᠡᠢ ᠪᠠᠭᠲᠠᠭᠠᠮᠵᠢ ᠨᠢ 1100MW ᠳᠤ ᠬᠦᠷᠦᠭᠰᠡᠨ ᠪᠥᠭᠡᠳ 220KV ᠤᠨ ᠬᠦᠴᠦᠳᠡᠯ | ᠳᠡᠭᠡᠭᠰᠢᠯᠡᠭᠦᠯᠬᠦ ᠥᠷᠲᠡᠭᠡ ᠶᠢ ᠢᠵᠢ ᠪᠦᠷᠢᠳᠦᠭᠦᠯᠦᠨ 2 ᠪᠠᠶᠢᠭᠤᠯᠵᠤ ᠂ ᠪᠥᠬᠦ ᠣᠷᠳᠣ ᠨᠢ 14 ᠺᠢᠯᠣᠮᠧᠲᠷ ᠂ ᠥᠷᠭᠡᠨ ᠨᠢ 2 ᠺᠢᠯᠣᠮᠧᠲᠷ ᠲᠤ ᠬᠦᠷᠴᠡᠢ ᠭᠡᠪᠡ ᠃ | ᠲᠥᠷᠥᠯ ᠵᠦᠢᠯ ᠪᠠᠶᠢᠭᠤᠯᠤᠭᠳᠠᠭᠰᠠᠨ ᠤ ᠳᠠᠷᠠᠭ᠎ᠠ ᠂ ᠵᠢᠯ ᠪᠦᠷᠢ ᠪᠡᠭᠡᠵᠢᠩ ᠲᠢᠶᠠᠨᠵᠢᠨ ᠾᠧᠪᠧᠢ ᠣᠷᠣᠨ ᠳᠤ 22 ᠳ᠋ᠦᠩᠰᠢᠭᠤᠷ ᠺᠢᠯᠣᠸᠠᠲ ᠴᠠᠭ ᠤᠨ ᠪᠤᠬᠢᠷᠳᠤᠯ | ᠦᠭᠡᠢ ᠴᠠᠬᠢᠯᠭᠠᠨ ᠬᠦᠷᠭᠡᠵᠦ ᠂ ᠪᠠᠷᠢᠮᠵᠢᠶᠠᠲᠤ ᠨᠡᠭᠦᠷᠡᠰᠦ ᠬᠡᠷᠡᠭᠯᠡᠬᠦ ᠬᠡᠮᠵᠢᠶ᠎ᠡ ᠶᠢ 80 ᠲᠦᠮᠡᠨ ᠲᠣᠨ ᠪᠦᠲᠦᠮᠵᠢᠲᠡᠶ ᠪᠠᠭᠠᠰᠬᠠᠵᠤ ᠂ ᠬᠦᠬᠦᠷ ᠤᠨ ᠳᠠᠪᠬᠤᠷ ᠢᠰᠦᠯ ᠂ | ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠵᠡᠷᠭᠡ ᠶᠢᠨ ᠭᠠᠳᠠᠭᠰᠢᠯᠠᠭᠤᠯᠬᠤ ᠬᠡᠮᠵᠢᠶ᠎ᠡ ᠶᠢ 410 ᠭᠠᠷᠤᠢ ᠲᠦᠮᠡᠨ ᠲᠣᠨ ᠪᠠᠭᠤᠷᠠᠭᠤᠯᠤᠨ᠎ᠠ ᠃ 2024 ᠣᠨ ᠤ | ᠵᠢᠯ ᠤᠨ ᠡᠴᠦᠰ ᠪᠣᠯᠲᠠᠯ᠎ᠠ ᠂ ᠲᠦᠷᠦᠯ ᠵᠦᠢᠯ ᠤᠨ ᠪᠠᠷᠢᠯᠭ᠎ᠠ ᠶᠢᠨ ᠲᠠᠯᠠᠪᠠᠢ ᠨᠢ 15000 ᠭᠠᠷᠤᠢ ᠮᠦ ᠳᠤ ᠬᠦᠷᠴᠤ ᠂ ᠪᠦᠬᠦ ᠲᠠᠯᠠᠪᠠᠢ ᠶᠢᠨ 60% ᠣᠷᠴᠢᠮ ᠢ | ᠡᠵᠡᠯᠡᠪᠡ᠃ | ᠬᠠᠢ ᠲᠢᠶᠧ ᠴᠧᠩ ᠢᠯᠡᠷᠬᠡᠶᠢᠯᠡᠬᠦ ᠳᠡᠭᠡᠨ ᠂ ᠲᠥᠷᠥᠯ ᠵᠦᠢᠯ ᠤᠨ ᠪᠦᠯᠬᠦᠮ ᠨᠡᠶᠢᠲᠡ 2025 ᠣᠨ ᠤ ᠵᠢᠯ ᠤᠨ ᠡᠴᠦᠰ ᠠᠴᠠ ᠡᠮᠦᠨ᠎ᠡ ᠪᠦᠬᠦ᠋ᠢᠯᠡ 110 | ᠲᠦᠮᠡᠨ ᠺᠢᠯᠣᠸᠠᠲ ᠤᠨ ᠲᠥᠷᠥᠯ ᠵᠦᠢᠯ ᠤᠨ ᠲᠣᠣᠷ ᠲᠤ ᠨᠡᠶᠢᠯᠡᠭᠦᠯᠦᠨ ᠴᠠᠬᠢᠯᠭᠠᠨ ᠭᠠᠷᠭᠠᠬᠤ ᠶᠢ ᠪᠡᠶᠡᠯᠡᠭᠦᠯᠵᠦ ᠂ ᠣᠷᠣᠨ ᠪᠦᠰᠡ ᠶᠢᠨ ᠪᠣᠬᠢᠷᠲᠤᠯ ᠦᠭᠡᠢ | ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠬᠦ ᠪᠠᠷ ᠲᠥᠯᠥᠪᠯᠡᠵᠦ ᠪᠠᠶᠢᠨ᠎ᠠ ᠭᠡᠵᠡᠢ ᠃ | | | |