| ᠳᠤᠮᠳᠠᠳᠤ ᠤᠯᠤᠰ ᠤᠨ ᠡᠪ ᠬᠠᠮᠲᠤ ᠨᠠᠮ ᠤᠨ ᠵᠡᠭᠦᠨᠭᠠᠷ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠬᠤᠷᠢᠶ᠎ᠠ ᠶᠢᠨ ᠨᠠᠢᠮᠠᠳᠤᠭᠠᠷ ᠪᠥᠬᠦᠳᠡ ᠬᠤᠷᠠᠯ | ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ 2025 ᠣᠨ ᠤ 1 ᠰᠠᠷ᠎ᠠ ᠶᠢᠨ 9 ᠤ ᠡᠳᠦᠷ ᠳ᠋ᠠ ᠯᠤ᠋ ᠪᠠᠯᠭᠠᠰᠤᠨ ᠳᠤ ᠬᠤᠷᠠᠯᠳᠤᠪᠠ ᠃ | ᠪᠦᠬᠦᠳᠡ ᠬᠤᠷᠠᠯ ᠳᠤ ᠂ ᠬᠤᠰᠢᠭᠤᠨ ᠤ ᠨᠠᠮ ᠤᠨ ᠬᠤᠷᠢᠶᠠᠨ ᠤ ᠭᠡᠰᠢᠭᠦᠨ 25 ᠬᠥᠮᠥᠨ ᠂ ᠣᠷᠣᠯᠠᠭᠴᠢ ᠭᠡᠰᠢᠭᠦᠨ 4 ᠬᠥᠮᠥᠨ ᠤᠷᠤᠯᠴᠠᠪᠠ ᠃ ᠬᠤᠰᠢᠭᠤᠨ ᠤ | ᠬᠤᠯᠪᠤᠬᠳᠠᠯ ᠪᠦᠬᠦᠢ ᠤᠳᠤᠷᠢᠳᠬᠤ ᠨᠥᠬᠦᠳ ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠬᠢᠨᠠᠨ ᠪᠠᠶᠢᠴᠠᠭᠠᠬᠤ ᠵᠥᠪᠯᠡᠯ ᠤᠨ ᠭᠡᠰᠢᠭᠦᠨ | ᠪᠠ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠲᠠᠨ ᠨᠦᠬᠦᠳ ᠂ ᠵᠠᠷᠢᠮ ᠭᠤᠣᠯᠳᠠᠯᠭ᠎ᠠ ᠲᠠᠢ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ | ᠬᠠᠷᠢᠭᠤᠴᠠᠯᠭᠠᠲᠠᠨ ᠨᠦᠬᠦᠳ ᠂ ᠨᠠᠮ ᠤᠨ ᠬᠤᠷᠢᠳᠤᠭᠠᠷ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠂ ᠥᠪᠡᠷᠲᠡᠭᠡᠨ ᠵᠠᠰᠠᠬᠤ ᠣᠷᠣᠨ ᠤ ᠠᠷᠪᠠᠨ | ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠪᠠ ᠬᠤᠲᠠ ᠶᠢᠨ ᠲᠠᠪᠤᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠠᠷᠢᠮ ᠦᠨᠳᠦᠰᠦᠨ ᠱᠠᠲᠤᠨ ᠤ ᠲᠥᠯᠥᠭᠡᠯᠡᠭᠴᠢ ᠂ ᠬᠤᠰᠢᠭᠤᠨ ᠤ ᠠᠷᠪᠠᠨ ᠵᠢᠷᠭᠤᠳᠤᠭᠠᠷ | ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠨᠳᠦᠰᠦᠨ ᠱᠠᠲᠤᠨ ᠤ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠪᠠ ᠃ | | | | ᠪᠥᠬᠦᠳᠡ ᠬᠤᠷᠠᠯ ᠢ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠡᠷᠬᠢᠯᠡᠪᠡ ᠃ ᠬᠤᠰᠢᠭᠤᠨ ᠤ ᠨᠠᠮ ᠤᠨ ᠬᠤᠷᠢᠶᠠᠨ ᠤ ᠱᠦᠵᠢ ᠸᠠᠩ | ᠭᠦᠸᠧ ᠴᠢᠤᠸᠠᠨ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠣ ᠱᠤᠸᠠᠨ ᠲᠣᠰ | ᠲᠣᠰ ᠶᠠᠷᠢᠶ᠎ᠠ ᠲᠠᠯᠪᠢᠪᠠ ᠃ ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠤᠨ | ᠮᠡᠳᠡᠭᠦᠯᠦᠯᠲᠡ ᠶᠢ ᠰᠣᠨᠣᠰᠤᠨ ᠶᠠᠷᠢᠯᠴᠠᠵᠤ ᠂ 2025 ᠣᠨ ᠤ ᠭᠤᠣᠯᠳᠠᠯᠭ᠎ᠠ ᠲᠠᠢ ᠠᠵᠢᠯ ᠢ ᠪᠠᠶᠢᠷᠢᠯᠠᠭᠤᠯᠵᠠᠢ ᠃ | | | | ᠪᠥᠬᠦᠳᠡ ᠬᠤᠷᠠᠯ ᠠᠴᠠ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶᠠᠨ ᠤ 2024 ᠣᠨ ᠤ ᠠᠵᠢᠯ ᠢ ᠭᠦᠢᠴᠡᠳ ᠨᠤᠲᠠᠯᠠᠵᠠᠢ ᠃ | ᠥᠩᠭᠡᠷᠡᠭᠰᠡᠨ ᠨᠢᠭᠡ ᠵᠢᠯ ᠳᠤ ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠠ ᠨᠢ ᠨᠠᠮ ᠤᠨ ᠲᠥᠪ ᠬᠤᠷᠢᠶ᠎ᠠ ᠪᠣᠯᠣᠨ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ ᠂ | ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠬᠤᠶᠠᠷ ᠶᠡᠭᠡ ᠶᠠᠪᠤᠳᠠᠯ ᠢ ᠪᠦᠭᠦ | ᠬᠦᠴᠦᠨ ᠢᠶᠠᠷ ᠢᠶᠠᠨ ᠰᠠᠶᠢᠲᠤᠷ ᠬᠢᠵᠦ ᠂ ︽ ᠵᠢᠷᠭᠤᠭᠠᠨ ᠢᠨᠵᠧᠨᠧᠷᠢᠩ ︾ ᠪᠣᠯᠣᠨ ︽ ᠭᠤᠷᠪᠠᠨ ᠳᠥᠷᠪᠡ ︾ ᠶᠢᠨ ᠠᠵᠢᠯ ᠤᠨ ᠡᠭᠦᠷᠭᠡ ᠶᠢ ᠨᠠᠶᠢᠳᠠᠪᠤᠷᠢᠵᠢᠭᠤᠯᠤᠨ ᠂ | ᠣᠳᠣᠬᠢᠴᠢᠯᠠᠭᠰᠠᠨ ᠵᠡᠭᠦᠨᠭᠠᠷ ᠤᠨ ᠪᠦᠳᠤᠭᠡᠨ ᠪᠠᠶᠢᠭᠤᠯᠤᠯᠲᠠ ᠰᠢᠨ᠎ᠡ ᠠᠯᠬᠤᠮ ᠢ ᠠᠯᠬᠤᠵᠤ ᠂ ᠰᠢᠨ᠎ᠡ ᠦᠷ᠎ᠡ ᠪᠦᠲᠦᠮᠵᠢ ᠣᠯᠵᠠᠢ ᠭᠡᠵᠦ ᠰᠠᠨᠠᠯ ᠨᠢᠭᠡᠲᠡᠢ | ᠦᠵᠡᠵᠡᠭᠡᠭᠰᠡᠨ ᠪᠠᠶᠢᠨ᠎ᠠ ᠃ | ᠪᠥᠬᠦᠳᠡ ᠬᠤᠷᠠᠯ ᠠᠴᠠ ᠵᠢᠭᠠᠵᠤ ᠭᠠᠷᠭᠠᠬᠤ ᠳᠠᠭᠠᠨ᠂ ᠡᠨᠡ ᠵᠢᠯ ᠤᠨ ᠠᠵᠢᠯ ᠢ ᠰᠠᠶᠢᠲᠤᠷ ᠬᠢᠬᠦ ᠳᠤ ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠬᠤ ᠶᠢ ᠪᠠᠷᠢᠮᠲᠠᠯᠠᠵᠤ ᠂ ᠨᠠᠮ ᠤᠨ ᠬᠤᠷᠢᠳᠤᠭᠠᠷ ᠶᠡᠭᠡ ᠬᠤᠷᠠᠯ | ᠪᠣᠯᠣᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠂ ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠳᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ | ᠭᠦᠨᠵᠡᠭᠡᠢ ᠳᠤᠭᠤᠰᠢᠯᠠᠭᠤᠯᠤᠨ ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠨ ᠨᠢᠭᠡᠳᠦᠭᠡᠷ | ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠣᠷᠣᠨ ᠤ ᠠᠵᠤ ᠠᠬᠤᠢ ᠶᠢᠨ ᠠᠵᠢᠯ ᠤᠨ ᠬᠤᠷᠠᠯ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ | ᠲᠠᠪᠤᠳᠤᠭᠠᠷ ᠬᠤᠭᠤᠴᠠᠭᠠᠨ ᠤ ᠶᠢᠰᠦᠳᠦᠭᠡᠷ ᠪᠥᠬᠦᠳᠡ ᠬᠤᠷᠠᠯ ᠵᠢᠴᠢ ᠪᠦᠬᠦ ᠬᠤᠲᠠ ᠶᠢᠨ ᠠᠵᠤ ᠠᠬᠤᠢ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ | ᠬᠢᠨᠠᠮᠠᠭᠠᠢ ᠳᠤᠭᠤᠰᠢᠯᠠᠭᠤᠯᠵᠤ ᠂ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠂ | ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠶᠢ ᠪᠠᠷᠢᠮᠲᠠᠯᠠᠵᠤ ᠂ ᠲᠥᠪ ᠶᠤᠰᠤ ᠶᠢ ᠰᠠᠬᠢᠨ ᠰᠢᠨ᠎ᠡ ᠶᠢ ᠡᠭᠦᠳᠴᠦ ᠂ ᠦᠨᠡᠨᠬᠦ ᠠᠳᠬᠤᠨ ᠪᠣᠳᠠᠲᠠᠢ ᠠᠵᠢᠯᠯᠠᠵᠤ ᠂ | ᠬᠥᠭᠵᠢᠯᠲᠡ ᠪᠣᠯᠣᠨ ᠠᠮᠤᠷ ᠲᠦᠪᠰᠢᠨ ᠢ ᠨᠡᠩ ᠰᠠᠶᠢᠲᠤᠷ ᠨᠢᠭᠡᠳᠦᠯᠲᠡᠢ ᠲᠥᠯᠥᠪᠵᠢᠭᠦᠯᠵᠦ ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠢ ᠪᠠᠳᠤ ᠴᠤᠬᠴᠠᠯᠠᠬᠤ ᠪᠠᠷ ᠭᠤᠣᠯ ᠰᠢᠵᠢᠮ ᠪᠣᠯᠭᠠᠵᠤ ᠂ ᠬᠤᠶᠠᠷ ᠶᠡᠭᠡ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠵᠦ᠂ ︽ᠵᠢᠷᠭᠤᠭᠠᠨ | ᠢᠨᠵᠧᠨᠧᠷᠢᠩ︾ ᠢ ᠦᠷᠭᠦᠯᠵᠢᠯᠡᠨ ᠬᠡᠷᠡᠭᠵᠢᠭᠦᠯᠵᠦ ᠂ ︽ᠵᠢᠷᠭᠤᠭᠠᠨ ᠠᠵᠢᠯᠯᠠᠭ᠎ᠠ︾ ᠶᠢ ᠯᠠᠪᠳᠠᠭᠤᠨ ᠪᠠᠲᠤᠲᠠᠢ ᠥᠷᠨᠢᠭᠦᠯᠵᠦ ᠂ ︽ᠭᠤᠷᠪᠠᠨ ᠳᠥᠷᠪᠡ︾ ᠶᠢᠨ ᠠᠵᠢᠯ ᠤᠨ | ᠡᠭᠦᠷᠭᠡ ᠶᠢ ᠨᠠᠶᠢᠳᠠᠪᠤᠷᠢᠵᠢᠭᠤᠯᠤᠨ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠠᠷᠠᠯᠲᠠ ᠡᠭᠦᠷᠭᠡ ᠶᠢ ᠴᠢᠨᠠᠷ ᠰᠠᠶᠢᠲᠠᠢ ᠪᠡᠶᠡᠯᠡᠭᠦᠯᠵᠦ ᠂ | ︽ᠠᠷᠪᠠᠨ ᠲᠠᠪᠤᠳᠤᠭᠠᠷ ᠲᠠᠪᠤᠨ ᠵᠢᠯ︾ ᠤᠨ ᠤᠬᠢ ᠰᠠᠶᠢᠨ ᠡᠬᠢᠯᠡᠯᠲᠡ ᠶᠢ ᠪᠡᠶᠡᠯᠡᠭᠦᠯᠬᠦ ᠳᠤ ᠰᠠᠭᠤᠷᠢ ᠶᠢ ᠪᠠᠲᠤᠳᠬᠠᠬᠤ ᠬᠡᠷᠡᠭᠲᠡᠢ ᠭᠡᠪᠡ ᠃ | ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ 2025 ᠣᠨ ᠤ ᠠᠵᠤ ᠠᠬᠤᠢ ᠶᠢ ︽ ᠲᠡᠮᠡᠴᠡᠨ ᠢᠯᠠᠯᠳᠠ ᠤᠯᠬᠤ ︾ ᠳᠤ ᠡᠷᠬᠡᠪᠰᠢ ᠠᠰᠢᠭᠲᠠᠢ ᠪᠠᠶᠢᠳᠠᠯ ᠢ | ᠵᠠᠪᠳᠤᠨ ᠠᠳᠬᠤᠵᠤ᠂ ᠬᠦᠴᠦᠨ ᠢ ᠠᠰᠢᠭᠯᠠᠨ ᠲᠦᠷᠭᠡᠨ ᠤᠷᠤᠬᠰᠢᠯᠠᠵᠤ ᠂ ᠳᠠᠷᠤᠯᠲᠠ ᠶᠢ ᠳᠤᠯᠤᠨ ᠂ ᠪᠦᠰᠡᠯᠡᠯᠲᠡ ᠶᠢ ᠰᠢᠪᠲᠤᠯᠵᠤ ᠂ ᠲᠠᠯᠳᠠ ᠬᠦᠴᠦᠨ ᠢ ᠭᠦᠨᠵᠡᠭᠡᠢ | ᠠᠭᠤᠳᠠᠯᠠᠨ ᠂ ᠳᠠᠪᠠᠭᠤᠯᠢᠭ ᠢᠶᠠᠨ ᠬᠤᠪᠢᠷᠠᠭᠤᠯᠵᠤ ᠂ ᠠᠷᠭ᠎ᠠ ᠵᠠᠮ ᠢᠶᠠᠨ ᠲᠣᠬᠢᠷᠠᠭᠤᠯᠤᠨ ᠂ ᠬᠡᠯᠪᠡᠷᠢ ᠪᠠᠨ ᠬᠤᠪᠢᠷᠠᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ | ᠪᠦᠬᠦ ᠤᠯᠤᠰ ᠤᠨ ᠡᠬᠢ ᠪᠠᠶᠠᠯᠢᠭ ᠤᠨ ᠬᠡᠯᠪᠡᠷᠢ ᠶᠢᠨ ᠭᠠᠵᠠᠷ ᠣᠷᠣᠨ ᠤ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠤ ᠬᠥᠭᠵᠢᠯᠲᠡ ᠶᠢᠨ ᠵᠢᠱᠢᠶ᠎ᠡ | ᠦᠵᠡᠭᠦᠯᠬᠦ ᠣᠷᠣᠨ ᠢ ᠪᠠᠶᠢᠭᠤᠯᠬᠤ ᠳᠤᠭᠤᠷᠢᠨ ᠳᠤ ᠂ ︽518︾ ᠠᠵᠤ ᠦᠢᠯᠡᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠰᠠᠶᠢᠲᠤᠷ ᠬᠡᠷᠡᠭᠵᠢᠭᠦᠯᠵᠦ ᠂ ᠤᠯᠠᠨ | ᠱᠠᠲᠤ ᠪᠠᠷ ᠲᠤᠯᠭᠠᠭᠤᠷᠢᠯᠠᠭᠰᠠᠨ᠂ ᠤᠯᠠᠨ ᠡᠰᠢᠴᠢᠯᠡᠨ ᠬᠥᠭᠵᠢᠭᠰᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠬᠤ ᠬᠡᠷᠡᠭᠲᠡᠢ ᠃ | ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠳᠤ ᠬᠦᠨᠳᠦ ᠡᠭᠦᠷᠭᠡ ᠶᠢ ᠡᠭᠦᠷᠭᠡᠯᠡᠨ ᠂ ᠬᠦᠨᠳᠦ ᠬᠠᠷᠢᠭᠤᠴᠠᠯᠭ᠎ᠠ ᠶᠢ ᠡᠭᠦᠷᠭᠡᠯᠡᠵᠦ ᠂ | ᠬᠤᠪᠢ ᠨᠡᠮᠡᠷᠢ ᠦᠵᠡᠭᠦᠯᠤᠨ ᠂ ᠠᠵᠤ ᠠᠬᠤᠢ ᠶᠢᠨ ᠶᠡᠷᠦᠩᠬᠡᠢ ᠬᠡᠮᠵᠢᠶ᠎ᠡ ᠶᠢ ᠪᠤᠵᠠᠭᠠᠶᠢᠷᠠᠭᠤᠯᠬᠤ ᠲᠠᠯ᠎ᠠ ᠪᠠᠷ ᠳᠤᠮᠤ ᠡᠭᠦᠷᠭᠡ ᠶᠢ ᠡᠭᠦᠷᠭᠡᠯᠡᠵᠦ ᠂ ᠴᠢᠬᠤᠯᠠ ᠶᠡᠭᠡ | ᠲᠦᠷᠦᠯ ᠵᠦᠢᠯ ᠢ ᠲᠥᠯᠥᠪᠵᠢᠭᠦᠯᠬᠦ ᠲᠠᠯ᠎ᠠ ᠪᠠᠷ ᠬᠦᠨᠳᠦ ᠬᠠᠷᠢᠭᠤᠴᠠᠯᠭ᠎ᠠ ᠶᠢ ᠡᠭᠦᠷᠭᠡᠯᠡᠵᠦ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠬᠤ ᠶᠢ ᠠᠬᠢᠭᠤᠯᠬᠤ | ᠲᠠᠯ᠎ᠠ ᠪᠠᠷ ᠬᠡᠪ ᠳᠠᠭᠤᠷᠢᠶᠠᠯ ᠦᠵᠡᠭᠦᠯᠵᠦ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠠᠯ᠎ᠠ ᠪᠠᠷ ᠵᠢᠱᠢᠶ᠎ᠡ ᠦᠵᠡᠭᠦᠯᠵᠦ ᠂ ᠤᠳᠤᠷᠢᠳᠬᠤ ᠪᠠᠭ ᠤᠨ | ᠪᠠᠶᠢᠭᠤᠯᠤᠯᠲᠠ ᠶᠢᠨ ᠲᠠᠯ᠎ᠠ ᠪᠠᠷ ᠰᠢᠨ᠎ᠡ ᠳᠦᠷᠬᠦ ᠪᠠᠶᠢᠳᠠᠯ ᠢ ᠬᠠᠷᠠᠭᠤᠯᠤᠨ ᠂ ᠠᠵᠤ ᠠᠬᠤᠢ ᠶᠢᠨ ᠲᠣᠮᠣ ᠬᠤᠰᠢᠭᠤᠨ ᠤ ᠰᠢᠨ᠎ᠡ ᠳᠦᠷᠢ ᠲᠥᠷᠬᠦ ᠂ ᠰᠢᠨ᠎ᠡ ᠳᠦᠷᠰᠦ | ᠪᠠᠶᠢᠳᠠᠯ ᠢ ᠪᠦᠬᠦ ᠲᠠᠯ᠎ᠠ ᠪᠠᠷ ᠢᠯᠡᠷᠡᠭᠦᠯᠬᠦ ᠬᠡᠷᠡᠭᠲᠡᠢ ᠭᠡᠪᠡ᠃ | ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠬᠤᠰᠢᠭᠤ ᠳᠠᠶᠠᠭᠠᠷ ᠢᠶᠠᠨ ︽ ᠢᠨᠵᠧᠨᠧᠷ ︾ ᠤᠨ ᠰᠡᠳᠬᠢᠬᠦᠢ ᠪᠠᠷ ᠠᠵᠢᠯ ᠢᠶᠠᠨ ᠲᠥᠯᠥᠪᠵᠢᠭᠦᠯᠵᠦ ᠂ | ᠢᠨᠵᠧᠨᠧᠷᠢᠩ ᠤᠨ ᠡᠷᠴᠢᠮ ᠢ ᠠᠳᠬᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠪᠠᠲᠤᠯᠠᠵᠤ ᠂ ︽ ᠠᠷᠪᠠᠨ ᠶᠡᠭᠡ ᠢᠨᠵᠧᠨᠧᠷᠢᠩ ︾ ᠢ ᠬᠡᠷᠡᠭᠵᠢᠭᠦᠯᠬᠦ ᠪᠠᠷ ᠭᠠᠷᠳᠠᠴᠠ | ᠪᠣᠯᠭᠠᠵᠤ ᠂ ︽ ᠵᠢᠷᠭᠤᠭᠠᠨ ᠠᠵᠢᠯᠯᠠᠭ᠎ᠠ ︾ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ ᠬᠡᠷᠡᠭᠲᠡᠢ ᠃ | ᠨᠢᠭᠡ ᠳᠤ ᠂ ︽ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠵᠤ ᠂ ᠢᠯᠡ ᠪᠠᠷ ᠲᠠᠲᠠᠪᠤᠷᠢᠯᠠᠵᠤ ᠨᠤᠷᠠᠭᠠᠬᠤ ︾ ᠢᠨᠵᠧᠨᠧᠷᠢᠩ ᠢ ᠬᠡᠷᠡᠭᠵᠢᠭᠦᠯᠵᠦ ᠂ | ᠬᠥᠭᠵᠢᠯᠲᠡ ᠳᠤ ᠪᠥᠬᠦ ᠲᠠᠯ᠎ᠠ ᠪᠠᠷ ᠴᠢᠳᠠᠪᠤᠷᠢ ᠶᠢ ᠣᠯᠭᠤᠬᠤ ᠭᠡᠷᠡᠭᠳᠡᠢ ᠃ ︽ᠲᠡᠷᠢᠭᠦᠨ ᠵᠡᠷᠭᠡ ᠶᠢᠨ ᠡᠷᠴᠢᠮ︾ ᠢᠶᠠᠷ ︽ᠲᠡᠷᠢᠭᠦᠨ ᠵᠡᠷᠭᠡ ᠶᠢᠨ ᠢᠨᠵᠧᠨᠧᠷᠢᠩ︾ ᠢ | ᠦᠨᠡᠨᠬᠦ ᠰᠢᠪᠲᠤᠯᠵᠤ᠂ ︽ᠬᠠᠮᠤᠭ ᠤᠨ ᠴᠢᠩᠭ᠎ᠠ ᠱᠠᠯᠠᠪᠳᠠᠭᠤᠯᠤᠨ ᠰᠢᠯᠭᠠᠬᠤ︾ ᠪᠠᠷ ︽ᠬᠠᠮᠤᠭ ᠤᠨ ᠶᠡᠭᠡ ᠪᠣᠳᠠᠲᠤ ᠦᠷ᠎ᠡ ᠪᠦᠲᠦᠮᠵᠢ︾ ᠤᠯᠬᠤ ᠶᠢ ᠪᠠᠲᠤᠯᠠᠨ᠂ ︽ᠡᠷᠬᠡ | ᠲᠡᠭᠰᠢ ᠲᠥᠪ ᠭᠤᠣᠯᠴᠢ︾ ᠪᠠᠷ ︽ᠤᠯᠠᠨ ᠲᠦᠮᠡᠨ ᠤ ᠢᠲᠡᠭᠡᠯ︾ ᠢ ᠣᠯᠵᠤ᠂ ︽ ᠨᠢᠭᠡᠳᠤᠯᠳᠡᠢ ᠪᠠᠷᠢᠮᠵᠢᠶ᠎ᠠ ᠪᠠᠷ ᠬᠡᠮᠵᠢᠬᠦ ᠂ ᠡᠷᠬᠡ ᠲᠡᠭᠰᠢ ᠪᠠᠶᠢᠯᠭᠠᠬᠤ︾ ᠶᠢ ᠪᠠᠷᠢᠮᠲᠠᠯᠠᠨ᠂ | ᠭᠠᠵᠠᠷ ᠰᠢᠷᠣᠢ ᠶᠢ ᠲᠠᠲᠠᠪᠤᠷᠢᠯᠠᠵᠤ ᠲᠥᠪᠬᠢᠨᠡᠭᠦᠯᠬᠦ ᠠᠵᠢᠯ ᠢ ᠵᠢᠷᠤᠮᠵᠢᠭᠤᠯᠬᠤ ᠳᠦᠷᠢᠮᠵᠢᠭᠦᠯᠬᠦ ᠬᠠᠤᠯᠢ ᠪᠠᠷ ᠵᠠᠰᠠᠬᠤ ᠵᠠᠮ ᠳᠤ ᠣᠷᠣᠭᠤᠯᠬᠤ ᠶᠢ ᠠᠬᠢᠭᠤᠯᠬᠤ ᠭᠡᠷᠡᠭᠳᠡᠢ ᠃ | ᠬᠤᠶᠠᠷ ᠲᠤ ︽ ᠰᠢᠨ᠎ᠡ ᠶᠢ ᠡᠭᠦᠳᠬᠦ ᠪᠠᠷ ᠬᠥᠲᠥᠯᠥᠨ ᠳᠠᠭᠠᠭᠤᠯᠵᠤ ᠂ ᠬᠡᠯᠪᠡᠷᠢ ᠪᠠᠨ ᠬᠤᠪᠢᠷᠠᠭᠤᠯᠤᠨ ᠬᠥᠭᠵᠢᠭᠦᠯᠬᠦ ︾ ᠢᠨᠵᠧᠨᠧᠷᠢᠩ ᠢ ᠬᠡᠷᠡᠭᠵᠢᠭᠦᠯᠵᠦ ᠂ | ᠪᠣᠳᠠᠲᠤ ᠬᠦᠴᠦᠨ ᠢ ᠪᠦᠬᠦ ᠲᠠᠯ᠎ᠠ ᠪᠠᠷ ᠴᠢᠩᠭᠠᠳᠬᠠᠬᠤ ᠬᠡᠷᠡᠭᠲᠡᠢ ᠃ ᠦᠵᠡᠯ ᠰᠠᠨᠠᠭᠠᠨ ᠤ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠬᠤ ᠶᠢ ᠬᠥᠲᠥᠯᠥᠨ | ᠳᠠᠭᠠᠭᠤᠯᠬᠤ ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠪᠠᠷ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠂ ᠳᠦᠷᠢᠮ ᠤᠨ ᠰᠢᠨ᠎ᠡ ᠶᠢ ᠡᠭᠦᠳᠬᠦ ᠪᠠᠷ | ᠬᠡᠯᠪᠡᠷᠢ ᠪᠠᠨ ᠬᠤᠪᠢᠷᠠᠭᠤᠯᠬᠤ ᠶᠢ ᠪᠠᠲᠤᠯᠠᠬᠤ ᠂ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠢᠶᠠᠷ ᠬᠡᠯᠪᠡᠷᠢ ᠪᠠᠨ ᠬᠤᠪᠢᠷᠠᠭᠤᠯᠬᠤ ᠶᠢ ᠲᠤᠯᠭᠠᠭᠤᠷᠢᠯᠠᠬᠤ ᠶᠢ | ᠪᠠᠷᠢᠮᠲᠠᠯᠠᠵᠤ ᠂ ︽ ᠳᠦᠷᠤᠯ ᠵᠤᠶᠢᠯ ᠤᠨ ᠭᠠᠵᠠᠷ ᠬᠡᠷᠡᠭᠯᠡᠬᠦ ᠬᠦᠴᠤᠨ ᠵᠤᠶᠢᠯ ᠢ ᠰᠢᠯᠢᠳᠡᠭᠵᠢᠭᠦᠯᠬᠦ ᠪᠠᠲᠤᠯᠠᠭ᠎ᠠ ᠶᠢᠨ ᠲᠥᠰᠥᠯ︾ ᠢ ᠪᠦᠲᠦᠭᠡᠯᠴᠢ ᠪᠠᠷ ᠰᠠᠶᠢᠲᠤᠷ | ᠬᠡᠷᠡᠭᠵᠢᠭᠦᠯᠵᠦ ᠂ ︽ ᠵᠢᠵᠢᠭ ᠠᠪᠤᠷᠭᠤ ︾ ᠶᠢᠨ ᠠᠵᠤ ᠦᠢᠯᠡᠰ ᠤᠨ ᠬᠦᠷᠢᠶᠡᠯᠡᠩ ᠂ ᠰᠢᠨ᠎ᠡ ᠵᠠᠪᠰᠠᠷ ᠲᠤᠷᠰᠢᠯᠲᠠ ᠶᠢᠨ ᠠᠵᠤ ᠦᠢᠯᠡᠰ ᠤᠨ ᠬᠥᠭᠵᠢᠯᠲᠡ ᠶᠢᠨ ᠵᠢᠱᠢᠶ᠎ᠡ | ᠦᠵᠡᠭᠦᠯᠬᠦ ᠰᠠᠭᠤᠷᠢᠨ ᠭᠠᠵᠠᠷ ᠢ ᠬᠦᠴᠦᠯᠡᠨ ᠪᠠᠶᠢᠭᠤᠯᠵᠤ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠠᠵᠤ ᠦᠢᠯᠡᠰ ᠭᠡᠬᠦ ᠡᠨᠡ ᠬᠦ ᠭᠤᠣᠯ ᠠᠵᠤ ᠦᠢᠯᠡᠰ ᠢ | ᠲᠦᠷᠭᠡᠨ ᠪᠣᠶᠢᠵᠢᠭᠤᠯᠬᠤ ᠭᠡᠷᠡᠭᠳᠡᠢ ᠃ | ᠭᠤᠷᠪᠠ ᠳᠤ ︽ᠬᠡᠯᠪᠡᠷᠢ ᠶᠢ ᠬᠤᠪᠢᠷᠠᠭᠤᠯᠬᠤ ᠪᠠᠷ ᠬᠥᠲᠥᠯᠥᠨ ᠳᠠᠭᠠᠭᠤᠯᠵᠤ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ︾ ᠶᠢᠨ ᠢᠨᠵᠧᠨᠧᠷᠢᠩ ᠢ | ᠬᠡᠷᠡᠭᠵᠢᠭᠦᠯᠵᠦ᠂ ᠰᠠᠭᠤᠷᠢ ᠶᠢ ᠪᠦᠬᠦ ᠲᠠᠯ᠎ᠠ ᠪᠠᠷ ᠪᠠᠲᠤᠳᠬᠠᠬᠤ ᠬᠡᠷᠡᠭᠲᠡᠢ᠃ ︽ ᠴᠢᠬᠤᠯᠠ ᠶᠡᠭᠡ ᠲᠥᠷᠥᠯ ᠵᠦᠢᠯ ᠢ ᠲᠥᠰᠥᠪᠯᠡᠬᠦ ᠠᠵᠢᠯᠯᠠᠭ᠎ᠠ ︾ ᠶᠢᠨ | ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠵᠤ ᠂ ᠤᠯᠠᠮᠵᠢᠯᠠᠯᠲᠤ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ ᠂ | ᠭᠤᠤᠯᠯᠠᠬᠴᠢ ᠠᠵᠤ ᠦᠢᠯᠡᠰ ᠢ ᠰᠢᠯᠢᠳᠡᠭᠵᠢᠭᠦᠯᠦᠨ ᠰᠤᠳᠤᠨᠵᠢᠭᠤᠯᠵᠤ ᠂ ᠢᠷᠡᠭᠡᠳᠦᠢ ᠶᠢᠨ ᠠᠵᠤ ᠦᠢᠯᠡᠰ ᠢ ᠰᠠᠶᠢᠲᠤᠷ ᠰᠣᠩᠭᠤᠵᠤ ᠂ ᠨᠡᠭᠦᠷᠡᠰᠦ ᠪᠠᠷ ᠰᠠᠭᠤᠷᠢ | ᠪᠣᠯᠭᠠᠭᠰᠠᠨ᠂ ᠦᠨᠡᠰᠤ ᠪᠠᠷ ᠰᠠᠭᠤᠷᠢ ᠪᠣᠯᠭᠠᠭᠰᠠᠨ᠂ ᠰᠢᠷᠣᠢ ᠪᠠᠷ ᠰᠠᠭᠤᠷᠢ ᠪᠣᠯᠭᠠᠭᠰᠠᠨ᠂ ᠴᠠᠬᠢᠭᠤᠷ ᠢᠶᠠᠷ ᠰᠠᠭᠤᠷᠢ ᠪᠣᠯᠭᠠᠭᠰᠠᠨ᠂ ᠪᠤᠬᠢᠷᠳᠤᠯ ᠦᠭᠡᠢ ᠪᠠᠷ ᠰᠠᠭᠤᠷᠢ | ᠪᠣᠯᠭᠠᠭᠰᠠᠨ︽ᠲᠠᠪᠤᠨ ᠰᠠᠭᠤᠷᠢ︾ ᠶᠢᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠢ ᠶᠡᠬᠡᠪᠡᠷ ᠬᠥᠭᠵᠢᠭᠦᠯᠵᠦ ᠂ ᠮᠢᠩᠭᠠᠨ ᠲᠦᠮᠡᠨ ᠲᠣᠨ ᠤ ᠳᠡᠰ ᠤᠨ᠂ ᠮᠢᠩᠭᠠᠨ | ᠳ᠋ᠦᠩᠰᠢᠭᠤᠷ ᠤᠨ ᠦᠢᠯᠡᠳᠬᠦᠨ ᠤ ᠦᠷᠲᠡᠭ ᠲᠠᠢ ᠤᠳᠤ ᠦᠶ᠎ᠡ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠰᠦᠷᠦᠭᠵᠢᠯ ᠢ ᠬᠦᠴᠦᠯᠡᠨ | ᠪᠠᠶᠢᠭᠤᠯᠵᠤ ᠂ ᠳᠤᠮᠳᠠᠳᠤ ᠤᠯᠤᠰ ᠤᠨ ᠤᠮᠠᠷᠠᠲᠤ ᠶᠢᠨ︽ᠬᠦᠩᠭᠡᠨᠴᠠᠭᠠᠨ ᠤ ᠬᠤᠳᠠ︾᠂ ︽ᠱᠠᠭᠠᠵᠠᠩ ᠤᠨ ᠬᠤᠳᠠ︾ ᠪᠣᠯᠣᠨ ᠤᠮᠠᠷᠠᠲᠤ ᠶᠢᠨ ᠴᠢᠬᠤᠯᠠ ︽ ᠰᠠᠯᠬᠢᠨ | ᠬᠦᠴᠤᠨ ᠤ ᠴᠠᠬᠢᠯᠭᠠᠨ ᠭᠡᠷᠡᠯ ᠴᠡᠨᠡᠭ ᠤᠰᠤᠲᠥ᠋ᠷᠥᠭᠴᠢ ᠰᠢᠪᠲᠦᠷ ᠠᠯᠺᠣᠣᠯ︾ ᠤᠨ ᠠᠵᠤ ᠦᠢᠯᠡᠰ ᠤᠨ ᠠᠷᠠᠯ ᠢ ᠪᠦᠬᠦ ᠬᠤᠷᠳᠤᠴᠠ ᠪᠠᠷ ᠴᠣᠭᠴᠠᠯᠠᠨ ᠪᠠᠶᠢᠭᠤᠯᠵᠤ ᠂ | ᠬᠥᠭᠵᠢᠯᠲᠡ ᠶᠢᠨ ᠰᠠᠭᠤᠷᠢ ᠶᠢ ᠪᠦᠬᠦ ᠲᠠᠯ᠎ᠠ ᠪᠠᠷ ᠪᠠᠬᠢᠵᠢᠭᠦᠯᠵᠦ ᠂ ᠬᠥᠭᠵᠢᠯᠲᠡ ᠶᠢᠨ ᠬᠥᠳᠡᠯᠭᠡᠬᠦ ᠬᠦᠴᠦᠨ ᠢ ᠭᠦᠨᠵᠡᠭᠡᠢ ᠬᠤᠷᠠᠮᠳᠤᠭᠤᠯᠬᠤ ᠭᠡᠷᠡᠭᠳᠡᠢ ᠃ | ᠳᠥᠷᠪᠡ ᠳᠤ ︽ ᠬᠡᠷᠡᠭᠴᠡᠭᠡ ᠪᠠᠷ ᠬᠥᠲᠥᠯᠥᠨ ᠳᠠᠭᠠᠭᠤᠯᠵᠤ᠂ ᠠᠵᠤ ᠠᠬᠤᠶᠢᠯᠠᠯ ᠳᠤ ᠦᠢᠯᠡᠴᠢᠯᠡᠬᠦ︾ ᠢᠨᠵᠧᠨᠧᠷᠢᠩ ᠢ ᠬᠡᠷᠡᠭᠵᠢᠭᠦᠯᠵᠦ ᠂ ᠣᠷᠴᠢᠨ ᠠᠬᠤᠢ ᠶᠢ ᠪᠦᠬᠦ | ᠲᠠᠯ᠎ᠠ ᠪᠠᠷ ᠰᠢᠯᠢᠳᠡᠭᠵᠢᠭᠦᠯᠬᠦ ᠬᠡᠷᠡᠭᠲᠡᠢ᠃ ︽ ᠠᠵᠤ ᠠᠬᠤᠶᠢᠯᠠᠯ ᠳᠤ ᠦᠢᠯᠡᠴᠢᠯᠡᠬᠦ ᠪᠣᠯ ᠳᠠᠷᠤᠢ ᠬᠥᠭᠵᠢᠯᠲᠡ ᠳᠤ ᠦᠢᠯᠡᠴᠢᠯᠡᠨ ᠂ ᠠᠷᠠᠳ ᠲᠦᠮᠡᠨ ᠳᠤ ᠦᠢᠯᠡᠴᠢᠯᠡᠵᠤ | ᠪᠠᠶᠢᠭ᠎ᠠ ᠶᠠᠪᠤᠳᠠᠯ ᠮᠦᠨ ︾ ᠭᠡᠬᠦ ᠤᠶᠢᠯᠠᠭᠠᠬᠳᠠᠬᠤᠨ ᠢ ᠪᠠᠲᠤ ᠪᠠᠬᠢ ᠪᠣᠶ ᠪᠣᠯᠭᠠᠵᠤ ᠂ ︽ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ︾ ᠶᠢᠨ ᠡᠭᠦᠷᠭᠡ ᠶᠢᠨ | ᠱᠠᠭᠠᠷᠳᠠᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ ᠂ ᠵᠠᠰᠠᠭ ᠤᠨ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠴᠢᠨᠠᠷᠵᠢᠯ ᠢ ᠨᠠᠷᠢᠯᠢᠭ ᠣᠨᠣᠴᠠᠲᠠᠢ ᠪᠠᠷ | ᠳᠡᠭᠡᠭᠰᠢᠯᠡᠭᠦᠯᠵᠦ ᠂ ᠬᠦᠴᠦᠨ ᠵᠦᠢᠯ ᠳᠤ ᠠᠩᠬᠠᠷᠤᠯ ᠢᠶᠠᠨ ᠲᠥᠪᠯᠡᠷᠡᠭᠦᠯᠵᠦ ᠂ ᠨᠠᠷᠢᠯᠢᠭ ᠣᠨᠣᠴᠠᠲᠠᠢ ᠪᠠᠷ ᠪᠠᠲᠤᠯᠠᠵᠤ ᠂ ᠠᠬᠤᠢ ᠪᠠᠶᠢᠳᠠᠯ ᠳᠤ ᠠᠩᠬᠠᠷᠤᠯ ᠢᠶᠠᠨ | ᠲᠥᠪᠯᠡᠷᠡᠭᠦᠯᠵᠦ ᠂ ᠨᠠᠷᠢᠯᠢᠭ ᠣᠨᠣᠴᠠᠲᠠᠢ ᠪᠠᠷ ᠬᠦᠴᠦ ᠨᠡᠮᠡᠷᠢᠯᠡᠬᠦ ᠭᠡᠷᠡᠭᠳᠡᠢ ᠃ | ᠲᠠᠪᠤ ᠳᠤ ︽ ᠠᠷᠠᠳ ᠤᠨ ᠰᠠᠨᠠᠭ᠎ᠠ ᠪᠠᠷ ᠬᠥᠲᠥᠯᠥᠨ ᠳᠠᠭᠠᠭᠤᠯᠵᠤ ᠂ ᠠᠷᠠᠳ ᠲᠦᠮᠡᠨ ᠳᠤ ᠦᠢᠯᠡᠴᠢᠯᠡᠬᠦ ︾ ᠢᠨᠵᠧᠨᠧᠷᠢᠩ ᠢ ᠬᠡᠷᠡᠭᠵᠢᠭᠦᠯᠵᠦ ᠂ ᠣᠯᠠᠨ | ᠲᠦᠮᠡᠨ ᠳᠤ ᠪᠦᠬᠦ ᠲᠠᠯ᠎ᠠ ᠪᠠᠷ ᠦᠢᠯᠡᠴᠢᠯᠡᠬᠦ ᠬᠡᠷᠡᠭᠲᠡᠢ ᠃ ︽ᠤᠴᠢᠷ ᠶᠠᠪᠤᠳᠠᠯ ᠪᠠᠶᠢᠪᠠᠯ ᠰᠢᠢᠳᠪᠦᠷᠢᠯᠡᠬᠦ ᠬᠡᠷᠡᠭᠲᠡᠢ︾ ᠭᠡᠬᠦ ᠡᠨᠡᠬᠦ ᠵᠠᠩᠭᠢᠯᠠᠭ᠎ᠠ ᠶᠢ ᠠᠳᠬᠤᠵᠤ ᠂ | ᠬᠠᠤᠯᠢᠵᠢᠯ ᠨᠢ ᠠᠷᠠᠳ ᠲᠦᠮᠡᠨ ᠳᠤ ᠦᠢᠯᠡᠴᠢᠯᠡᠬᠦ ᠶᠢ ᠭᠦᠨᠵᠡᠭᠡᠢ ᠥᠷᠨᠢᠭᠦᠯᠵᠦ ᠂ ᠲᠣᠪᠣᠶᠢᠮ᠎ᠠ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠬᠦ ᠬᠡᠷᠡᠭᠲᠡᠢ ︔ | ︽ ᠵᠠᠭᠠᠯᠳᠤᠯᠭ᠎ᠠ ᠶᠢ ᠬᠦᠯᠢᠶᠡᠮᠡᠭᠴᠡ ᠰᠢᠢᠳᠪᠦᠷᠢᠯᠡᠬᠦ︾ᠥᠨᠳᠥᠷ ᠳᠠᠪᠲᠠᠮᠵᠢᠲᠤ ᠬᠡᠷᠡᠭ ᠶᠠᠪᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ ᠂ ᠵᠠᠰᠠᠯᠲᠠ ᠶᠢᠨ ᠡᠷᠴᠢᠮ ᠢᠶᠠᠨ | ᠦᠷᠭᠦᠯᠵᠢᠯᠡᠨ ᠴᠢᠩᠭᠠᠷᠠᠭᠤᠯᠵᠤ ᠂ ᠬᠦᠴᠦᠨ ᠢᠶᠠᠨ ᠲᠥᠪᠯᠡᠷᠡᠭᠦᠯᠦᠨ ᠰᠡᠳᠬᠢᠯ ᠢ ᠳᠤᠯᠠᠭᠠᠴᠠᠭᠤᠯᠬᠤ ᠪᠣᠳᠠᠲᠤ ᠶᠠᠪᠤᠳᠠᠯ ᠢ ᠪᠦᠲᠦᠭᠡᠬᠦ ᠭᠡᠷᠡᠭᠳᠡᠢ ︔ ︽ᠨᠢᠭᠡ ᠴᠥᠮ᠎ᠡ | ᠬᠤᠶᠠᠷ ᠵᠢᠭᠦᠷ ᠲᠤᠯᠤᠭᠠᠨ ᠤᠳᠤ︾ ᠶᠢᠨ ᠬᠤᠳᠠ ᠶᠢᠨ ᠴᠢᠳᠠᠮᠵᠢ ᠶᠢᠨ ᠪᠠᠶᠢᠷᠢᠰᠢᠯ ᠲᠠᠢ ᠨᠢᠭᠲᠠ ᠤᠶᠠᠯᠳᠤᠭᠤᠯᠤᠨ᠂ ︽ ᠠᠰᠠᠭᠤᠳᠠᠯ ᠦᠭᠡᠢ ᠪᠣᠯ ᠢᠨᠵᠧᠨᠧᠷᠢᠩ ᠢ | ᠦᠯᠦ ᠪᠠᠶᠢᠭᠤᠯᠬᠤ︾ ᠵᠠᠷᠴᠢᠮ ᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠳᠦᠷᠤᠯ ᠵᠤᠶᠢᠯ ᠢ ᠬᠦᠴᠦ ᠪᠠᠨ ᠲᠥᠪᠯᠡᠷᠡᠭᠦᠯᠦᠨ ᠪᠦᠲᠦᠭᠡᠨ ᠪᠠᠶᠢᠭᠤᠯᠵᠤ ᠂ ᠠᠷᠠᠳ | ᠲᠦᠮᠡᠨ ᠳᠤ ᠦᠢᠯᠡᠴᠢᠯᠡᠬᠦ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠦ ᠂ ᠠᠷᠠᠳ ᠲᠦᠮᠡᠨ ᠳᠤ ᠦᠢᠯᠡᠴᠢᠯᠡᠬᠦ ᠠᠵᠢᠯ ᠢ ᠰᠠᠶᠢᠲᠤᠷ ᠬᠢᠬᠦ ᠭᠡᠷᠡᠭᠳᠡᠢ ᠃ | ᠵᠢᠷᠭᠤᠭ᠎ᠠ ᠳᠤ ︽ ᠪᠣᠬᠢᠷᠲᠤᠯ ᠦᠭᠡᠢ ᠪᠠᠷ ᠬᠥᠲᠥᠯᠥᠨ ᠳᠠᠭᠠᠭᠤᠯᠵᠤ ᠂ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠬᠢᠬᠦ ︾ ᠢᠨᠵᠧᠨᠧᠷᠢᠩ ᠢ ᠬᠡᠷᠡᠭᠵᠢᠭᠦᠯᠵᠦ ᠂ | ᠠᠮᠢ ᠠᠬᠤᠢ ᠶᠢ ᠪᠥᠬᠦ ᠲᠠᠯ᠎ᠠ ᠪᠠᠷ ᠰᠠᠶᠢᠵᠢᠷᠠᠭᠤᠯᠬᠤ ᠬᠡᠷᠡᠭᠲᠡᠢ ᠃ ᠠᠵᠤ ᠠᠬᠤᠢ ᠶᠢᠨ ᠬᠥᠭᠵᠢᠯᠲᠡ ᠬᠢᠭᠡᠳ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢᠨ | ᠬᠠᠷᠢᠴᠠᠭ᠎ᠠ ᠶᠢ ᠵᠥᠪ ᠢᠶᠠᠷ ᠰᠠᠶᠢᠲᠤᠷ ᠰᠢᠢᠳᠪᠦᠷᠢᠯᠡᠵᠦ ᠂ ᠪᠥᠬᠦ ᠣᠷᠣᠨ ᠪᠦᠰᠡ ᠶᠢᠨ ᠣᠷᠴᠢᠨ ᠲᠣᠭᠤᠷᠢᠨ ᠤ ᠵᠠᠰᠠᠯᠲᠠ ᠪᠠ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠤᠨ ︽ ᠦᠨᠳᠤᠰᠤᠨ ᠵᠤᠶᠢᠯ ᠠᠴᠠ ᠨᠢ ᠡᠬᠢᠯᠡᠵᠤ ᠪᠦᠬᠦ ᠲᠠᠯ᠎ᠠ ᠠᠴᠠ ᠨᠢ ᠢᠯᠭᠠᠷᠠᠭᠤᠯᠬᠤ ︾ ᠬᠤᠶᠠᠷ ᠳᠤᠰᠬᠠᠢ | ᠠᠵᠢᠯᠯᠠᠭ᠎ᠠ ᠶᠢ ᠦᠷᠭᠦᠯᠵᠢᠯᠡᠨ ᠰᠠᠶᠢᠲᠤᠷ ᠥᠷᠨᠢᠭᠦᠯᠵᠦ ᠂ ᠪᠣᠬᠢᠷᠲᠤᠯ ᠢ ᠰᠡᠷᠭᠡᠶᠢᠯᠡᠨ ᠵᠠᠰᠠᠬᠤ ᠂ ︽ ᠤᠮᠠᠷᠠᠲᠤ ᠶᠢᠨ ᠭᠤᠷᠪᠠᠨ ᠣᠷᠣᠨ ︾ ᠤ ᠢᠨᠵᠧᠨᠧᠷᠢᠩ ᠂ | ᠠᠭᠤᠷᠬᠠᠢ ᠶᠢᠨ ᠣᠷᠣᠨ ᠤ ᠠᠮᠢ ᠠᠬᠤᠢ ᠶᠢᠨ ᠵᠠᠰᠠᠯᠲᠠ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠢ ᠡᠷᠡᠰ ᠰᠠᠶᠢᠲᠤᠷ ᠬᠢᠵᠦ ᠂ ᠠᠮᠢ ᠠᠬᠤᠢ ᠶᠢᠨ ᠵᠠᠰᠠᠯᠲᠠ ᠶᠢᠨ | ᠪᠠᠶᠢᠷᠢᠰᠢᠯ ᠢ ᠪᠥᠬᠦ ᠲᠠᠯ᠎ᠠ ᠪᠠᠷ ᠳᠠᠬᠢᠨ ᠪᠣᠶ ᠪᠣᠯᠭᠠᠬᠤ ᠭᠡᠷᠡᠭᠳᠡᠢ᠃ | ᠲᠤᠯᠤᠭ᠎ᠠ ᠳᠤ ︽ ᠠᠰᠠᠭᠤᠳᠠᠯ ᠢᠶᠠᠷ ᠬᠥᠲᠥᠯᠥᠨ ᠳᠠᠭᠠᠭᠤᠯᠵᠤ ᠂ ᠳᠤᠲᠠᠭᠤᠳᠠᠯ ᠢ ᠨᠥᠬᠦᠪᠦᠷᠢᠯᠡᠨ ᠪᠠᠭᠤᠷᠠᠢ ᠪᠠᠨ ᠬᠦᠴᠦᠷᠭᠡᠭᠵᠢᠬᠦᠯᠬᠦ ︾ᠢᠨᠵᠧᠨᠧᠷᠢᠩ ᠢ | ᠬᠡᠷᠡᠭᠵᠢᠭᠦᠯᠵᠦ᠂ ᠳᠤᠲᠠᠭᠤᠳᠠᠯ ᠢ ᠪᠦᠬᠦ ᠲᠠᠯ᠎ᠠ ᠪᠠᠷ ᠨᠥᠬᠦᠪᠦᠷᠢᠯᠡᠬᠦ ᠬᠡᠷᠡᠭᠲᠡᠢ᠃ ︽ ᠬᠠᠮᠲᠤ ᠶᠢᠨ ᠠᠵᠤ ᠠᠬᠤᠢ ᠪᠠᠭᠤᠷᠠᠢ᠂ ᠲᠠᠷᠢᠶᠠᠴᠢᠳ ᠤᠨ ᠣᠷᠣᠯᠭ᠎ᠠ ᠳᠣᠣᠷ᠎ᠠ︾ | ᠪᠠᠶᠢᠬᠤ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ ᠂ ︽ᠬᠠᠮᠲᠤᠪᠠᠷ ᠪᠠᠶᠠᠵᠢᠬᠤ ᠰᠠᠭᠤᠷᠢ ᠮᠥᠩᠭᠦ ︾ ᠶᠢ ᠪᠠᠶᠢᠭᠤᠯᠵᠤ ᠂ ︽ᠬᠠᠮᠲᠤᠪᠠᠷ ᠪᠠᠶᠠᠵᠢᠬᠤ | ᠠᠵᠤ ᠦᠢᠯᠡᠰ︾ ᠢ ᠬᠥᠭᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠲᠠᠭᠤᠳᠠᠯ ᠢ ᠨᠥᠬᠦᠪᠦᠷᠢᠯᠡᠬᠦ ᠭᠡᠷᠡᠭᠳᠡᠢ ︔ ︽ ᠠᠵᠤ ᠦᠢᠯᠡᠰ ᠤᠨ | ᠬᠡᠯᠬᠢᠶ᠎ᠡ ᠣᠬᠤᠷ ᠂ ᠰᠦᠷᠦᠭᠵᠢᠯ ᠤᠨ ᠦᠢᠯᠡᠳᠦᠯ ᠳᠣᠣᠷ᠎ᠠ ︾ ᠪᠠᠶᠢᠬᠤ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ ᠂ ︽ ᠲᠣᠮᠣ ᠲᠥᠷᠥᠯ ᠵᠦᠢᠯ | ᠳᠤᠯᠠᠭᠤᠷᠢᠯᠠᠨ ᠂ ᠪᠠᠭ᠎ᠠ ᠲᠥᠷᠥᠯ ᠵᠦᠢᠯ ᠭᠠᠵᠠᠷ ᠪᠤᠯᠭᠠᠨ ᠢ ᠪᠦᠷᠬᠦᠭᠰᠡᠨ ︾ ᠠᠵᠤ ᠦᠢᠯᠡᠰ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠵᠤ ᠂ ᠠᠵᠤ | ᠦᠢᠯᠡᠳᠪᠦᠷᠢ ᠶᠢᠨ ᠠᠵᠤ ᠠᠬᠤᠢ ᠶᠢᠨ ᠳᠤᠲᠠᠭᠤᠳᠠᠯ ᠢ ᠨᠥᠬᠦᠪᠦᠷᠢᠯᠡᠬᠦ ᠭᠡᠷᠡᠭᠳᠡᠢ ︔ ︽ ᠡᠵᠡᠩᠨᠡᠯᠲᠡ ᠶᠢᠨ ᠬᠡᠯᠪᠡᠷᠢ ᠪᠠᠶᠢᠳᠠᠯ ᠢ ᠨᠥᠬᠦᠪᠦᠷᠢᠯᠡᠬᠦ ᠨᠢ ᠤᠳᠠᠭᠠᠨ ᠂ | ᠬᠡᠷᠡᠭᠯᠡᠭᠡᠨ ᠤ ᠴᠢᠳᠠᠪᠤᠷᠢ ᠶᠢᠨ ᠲᠠᠰ ᠨᠢ ᠳᠣᠣᠷ᠎ᠠ ︾ ᠪᠠᠶᠢᠬᠤ ᠠᠰᠠᠭᠤᠳᠠᠯ ᠢ ᠬᠦᠴᠦ ᠪᠠᠨ ᠲᠥᠪᠯᠡᠷᠡᠭᠦᠯᠦᠨ ᠰᠢᠢᠳᠪᠦᠷᠢᠯᠡᠵᠦ ᠂ ᠴᠢᠨᠠᠷ ᠰᠠᠶᠢᠲᠠᠢ ᠬᠡᠷᠡᠭᠯᠡᠭᠡᠨ ᠤ ᠠᠬᠤᠢ | ᠪᠠᠶᠢᠳᠠᠯ ᠤᠨ ᠲᠥᠪᠯᠡᠷᠡᠯ ᠤᠨ ᠣᠷᠣᠨ ᠢ ᠪᠣᠶ ᠪᠣᠯᠭᠠᠵᠤ ᠂ ᠦᠢᠯᠡᠴᠢᠯᠡᠭᠡᠨ ᠤ ᠠᠵᠤ ᠠᠬᠤᠢ ᠶᠢᠨ ᠳᠤᠲᠠᠭᠤᠳᠠᠯ ᠢ ᠨᠥᠬᠦᠪᠦᠷᠢᠯᠡᠬᠦ ᠭᠡᠷᠡᠭᠳᠡᠢ ᠃ | ᠨᠠᠢᠮᠠ ᠳᠤ ︽ ᠴᠢᠨᠠᠷᠵᠢᠯ ᠦᠷ᠎ᠡ ᠠᠰᠢᠭ ᠢᠶᠠᠷ ᠬᠥᠲᠥᠯᠥᠨ ᠳᠠᠭᠠᠭᠤᠯᠵᠤ ᠂ ᠠᠷᠠᠳ ᠤᠨ ᠠᠮᠢᠳᠤᠷᠠᠯ ᠤᠨ ᠴᠢᠨᠠᠷᠵᠢᠯ ᠢ ᠳᠡᠭᠡᠭᠰᠢᠯᠡᠭᠦᠯᠬᠦ︾ᠢᠨᠵᠧᠨᠧᠷᠢᠩ ᠢ | ᠬᠡᠷᠡᠭᠵᠢᠭᠦᠯᠵᠦ᠂ ᠪᠤᠶᠠᠨ ᠭᠡᠰᠢᠭ ᠢ ᠪᠦᠬᠦ ᠲᠠᠯ᠎ᠠ ᠪᠠᠷ ᠨᠡᠮᠡᠭᠳᠡᠭᠦᠯᠬᠦ ᠬᠡᠷᠡᠭᠲᠡᠢ᠃ ᠤᠯᠠᠨ ᠠᠷᠭ᠎ᠠ ᠶᠢ ᠵᠡᠷᠭᠡ ᠪᠠᠷ ᠬᠡᠷᠡᠭᠯᠡᠨ ᠭᠦᠢᠴᠡᠳ ᠠᠵᠢᠯ ᠣᠯᠭᠤᠯᠲᠠ ᠶᠢ ᠠᠬᠢᠭᠤᠯᠵᠤ ᠂ | ᠴᠢᠨᠠᠷ ᠳᠡᠰ ᠤᠨ ᠬᠥᠮᠦᠵᠢᠯ ᠢ ᠰᠡᠳᠬᠢᠯ ᠲᠠᠯᠪᠢᠨ ᠬᠦᠴᠤ ᠤᠷᠤᠭᠤᠯᠵᠤ ᠰᠠᠶᠢᠲᠤᠷ ᠡᠷᠬᠢᠯᠡᠵᠦ ᠂ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠵᠦ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ ᠂ ᠦᠨᠳᠦᠰᠦᠨ ᠵᠦᠢᠯ ᠢ ᠪᠠᠲᠤᠯᠠᠬᠤ ᠪᠠᠲᠤᠯᠠᠭ᠎ᠠ ᠶᠢ | ᠯᠠᠪᠳᠠᠭᠤᠨ ᠪᠠᠲᠤᠲᠠᠢ ᠡᠷᠴᠢᠮᠲᠡᠢ ᠰᠠᠶᠢᠲᠤᠷ ᠬᠢᠵᠦ᠂ ᠴᠢᠨᠠᠷ ᠰᠠᠶᠢᠲᠠᠢ ᠬᠥᠭᠵᠢᠯᠲᠡ ᠪᠠᠷ ᠥᠨᠳᠥᠷ ᠲᠦᠪᠰᠢᠨ ᠪᠦᠬᠦᠢ ᠠᠷᠠᠳ ᠤᠨ ᠠᠮᠢᠳᠤᠷᠠᠯ ᠢ ᠡᠷᠡᠰ ᠪᠠᠲᠤᠯᠠᠬᠤ | ᠭᠡᠷᠡᠭᠳᠡᠢ ᠃ | ᠶᠢᠰᠦ ᠳᠤ ︽ ᠬᠠᠷᠠᠯᠲᠠ ᠪᠠᠷ ᠬᠥᠲᠥᠯᠥᠨ ᠳᠠᠭᠠᠭᠤᠯᠵᠤ ᠂ ᠠᠵᠢᠯ ᠢᠶᠠᠨ ᠳᠡᠭᠡᠭᠰᠢᠯᠡᠭᠦᠯᠬᠦ ︾ ᠢᠨᠵᠧᠨᠧᠷᠢᠩ ᠢ ᠬᠡᠷᠡᠭᠵᠢᠭᠦᠯᠵᠦ ᠂ ᠡᠭᠦᠷᠭᠡ ᠪᠠᠨ ᠪᠥᠬᠦ ᠲᠠᠯ᠎ᠠ ᠪᠠᠷ | ᠪᠡᠶᠡᠯᠡᠭᠦᠯᠬᠦ ᠬᠡᠷᠡᠭᠲᠡᠢ ᠃ ︽ ᠪᠡᠯᠡ ᠣᠷᠣᠭᠤᠯᠤᠯᠲᠠ ᠪᠠᠷ ᠭᠤᠣᠯᠳᠠᠯᠭ᠎ᠠ ᠪᠣᠯᠭᠠᠨ ᠂ ᠲᠥᠷᠥᠯ ᠵᠦᠢᠯ ᠢᠶᠠᠷ ᠭᠤᠣᠯ ᠪᠣᠯᠭᠠᠵᠤ ᠂ ᠨᠤᠳᠤᠬᠰᠢᠭᠤᠯᠬᠤ ᠪᠠᠷ ᠬᠠᠷᠠᠯᠳᠠ | ᠪᠣᠯᠭᠠᠬᠤ ︾ ᠤᠶᠢᠯᠠᠭᠠᠬᠳᠠᠬᠤᠨ ᠢ ᠪᠠᠲᠤ ᠪᠣᠶ ᠪᠣᠯᠭᠠᠵᠤ ᠂ ᠬᠠᠷᠠᠯᠲᠠ ᠶᠢ ᠴᠢᠩᠭ᠎ᠠ ᠬᠠᠷᠠᠭᠠᠯᠠᠨ ᠦᠢᠯᠡᠳᠬᠦᠨ ᠤ ᠥᠷᠲᠡᠭ ᠢ ᠠᠳᠬᠤᠵᠤ ᠂ ᠬᠠᠷᠠᠯᠲᠠ ᠶᠢ ᠴᠢᠩᠭ᠎ᠠ | ᠬᠠᠷᠠᠭᠠᠯᠠᠨ ᠪᠡᠯᠡ ᠣᠷᠣᠭᠤᠯᠤᠯᠲᠠ ᠶᠢ ᠠᠳᠬᠤᠵᠤ ᠂ ᠬᠠᠷᠠᠯᠲᠠ ᠶᠢ ᠴᠢᠩᠭ᠎ᠠ ᠬᠠᠷᠠᠭᠠᠯᠠᠨ ᠲᠣᠬᠢᠷᠠᠭᠤᠯᠤᠯᠲᠠ ᠶᠢ ᠠᠳᠬᠤᠵᠤ ᠂ ᠪᠥᠬᠦ ᠵᠢᠯ ᠤᠨ ᠠᠵᠤ ᠠᠬᠤᠢ | ᠨᠡᠶᠢᠭᠡᠮ ᠤᠨ ᠬᠥᠭᠵᠢᠯᠲᠡ ᠶᠢᠨ ᠬᠠᠷᠠᠯᠲᠠ ᠶᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠃ | ᠠᠷᠪᠠ ᠳᠤ᠂︽ᠤᠳᠤᠷᠢᠳᠤᠮᠵᠢ ᠪᠠᠷ ᠬᠥᠲᠥᠯᠥᠨ ᠳᠠᠭᠠᠭᠤᠯᠵᠤ᠂ ᠰᠤᠷᠲᠠᠯ ᠢ ᠰᠠᠶᠢᠵᠢᠷᠠᠭᠤᠯᠬᠤ︾ᠢᠨᠵᠧᠨᠧᠷᠢᠩ ᠢ ᠬᠡᠷᠡᠭᠵᠢᠭᠦᠯᠵᠦ ᠂ ᠳᠦᠷᠢ ᠲᠥᠷᠬᠦ ᠶᠢ ᠪᠦᠬᠦ | ᠲᠠᠯ᠎ᠠ ᠪᠠᠷ ᠬᠤᠪᠢᠷᠠᠭᠤᠯᠬᠤ ᠬᠡᠷᠡᠭᠲᠡᠢ᠃ ᠪᠣᠳᠠᠲᠠᠢ ᠠᠵᠢᠯᠯᠠᠬᠤ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ᠂ ᠲᠡᠷᠢᠭᠦᠨ ᠤ ᠬᠢ | ᠪᠤᠯᠬᠤ ᠪᠠᠷ ᠤᠳᠤᠷᠢᠳᠤᠮᠵᠢ ᠪᠣᠯᠭᠠᠬᠤ ᠶᠢ ᠪᠠᠲᠤ ᠪᠠᠬᠢ ᠪᠤᠢ ᠪᠣᠯᠭᠠᠵᠤ ᠂ ︽ ᠬᠦᠯᠢᠶᠡᠬᠦ ᠦᠭᠡᠢ ᠲᠦᠰᠢᠭᠯᠡᠬᠦ ᠦᠭᠡᠢ ᠂ ᠳᠠᠷᠤᠶᠢᠬᠠᠨ ᠭᠦᠢᠴᠡᠳᠬᠡᠬᠦ︾ ᠪᠣᠳᠠᠲᠤ | ᠬᠦᠴᠦᠨ᠂ ︽ᠴᠢᠯᠠᠭᠤᠨ ᠳᠡᠭᠡᠷ᠎ᠡ ᠭᠢᠰᠬᠢᠪᠡᠯ ᠮᠥᠷ ᠲᠠᠢ ᠂ ᠲᠡᠮᠦᠷ ᠢ ᠠᠳᠬᠤᠪᠠᠯ ᠤᠷᠤᠮ ᠲᠠᠢ︾ ᠬᠠᠳᠠᠨ ᠵᠣᠷᠢᠭ ᠂ ︽ᠤᠴᠢᠷ ᠶᠠᠪᠤᠳᠠᠯ ᠢ ᠲᠡᠷᠢᠭᠦᠨ ᠳᠤ ᠲᠠᠯᠪᠢᠬᠤ ᠪᠠᠷ | ᠴᠢᠷᠮᠠᠶᠢᠵᠤ ᠂ ᠢᠯᠠᠯᠳᠠ ᠶᠢ ᠲᠡᠮᠡᠴᠡᠨ ᠣᠯᠬᠤ ᠪᠠᠷ ᠮᠡᠷᠠᠶᠢᠬᠤ︾ ᠡᠷᠴᠢ ᠵᠣᠷᠢᠭ ᠢ ᠶᠡᠬᠡᠪᠡᠷ ᠪᠠᠳᠠᠷᠠᠭᠤᠯᠵᠤ ᠂ ᠴᠤᠭ ᠵᠤᠯᠢ ᠪᠠᠳᠠᠷᠠᠩᠭᠤᠢ ᠂ ᠣᠷᠭᠢᠯᠤᠮ᠎ᠠ ᠬᠠᠯᠠᠭᠤᠨ | ᠰᠡᠳᠬᠢᠯᠭᠡ ᠲᠠᠢ ᠪᠠᠷ ᠂ ᠡᠷᠡᠯᠬᠡᠭᠯᠡᠨ ᠤᠷᠤᠭᠰᠢᠯᠠᠬᠤ ᠳᠦᠷᠬᠦ ᠪᠠᠶᠢᠳᠠᠯ ᠢᠶᠠᠷ ᠴᠠᠭ ᠦᠶ᠎ᠡ ᠶᠢᠨ ᠬᠥᠭᠵᠢᠯᠲᠡ ᠶᠢᠨ︽ᠳᠠᠭᠠᠭᠤᠯᠤᠭᠴᠢ︾ ᠪᠣᠯᠬᠤ ᠪᠠᠷ ᠴᠢᠷᠮᠠᠶᠢᠬᠤ ᠬᠡᠷᠡᠭᠲᠡᠢ | ᠭᠡᠪᠡ ᠃ | ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ ᠂ ᠬᠤᠰᠢᠭᠤ ᠲᠠᠶᠠᠭᠠᠷ ᠢᠶᠠᠨ ᠪᠤᠳᠠᠳᠠᠢ ᠠᠵᠢᠯᠯᠠᠬᠤ ᠶᠢ ᠲᠡᠷᠢᠭᠦᠨ ᠳᠤ ᠲᠠᠯᠪᠢᠵᠤ ᠂ ᠢᠮᠠᠭᠲᠠ ᠭᠤᠣᠯᠯᠠᠭᠴᠢ ᠶᠢ | ᠴᠢᠩᠭ᠎ᠠ ᠳᠠᠭᠠᠵᠤ ᠦᠨᠡᠨᠴᠢ ᠰᠢᠳᠤᠷᠭᠤ ᠪᠠᠷ ᠠᠵᠢᠯᠯᠠᠵᠤ ᠂ ᠥᠷᠯᠥᠭᠡ ᠦᠳᠡᠰᠢ ᠶᠢ ᠲᠡᠮᠡᠴᠡᠨ ᠱᠠᠯᠠᠪᠳᠠᠨ ᠠᠵᠢᠯᠯᠠᠵᠤ ᠂ ᠦᠵᠡᠯ ᠰᠠᠨᠠᠭ᠎ᠠ ᠪᠠᠨ ᠴᠢᠯᠦᠭᠡᠯᠡᠨ | ᠤᠷᠢᠳᠴᠢᠯᠠᠨ ᠠᠵᠢᠯᠯᠠᠵᠤ ᠂ ᠬᠦᠴᠢᠷ ᠢ ᠲᠤᠭᠤᠯᠤᠨ ᠡᠷᠡᠯᠬᠡᠭᠯᠡᠨ ᠲᠡᠮᠡᠴᠡᠵᠦ ᠂ ᠯᠠᠪᠳᠠᠭᠤᠨ ᠪᠠᠲᠤᠲᠠᠢ ᠬᠢᠨᠠᠮᠠᠭᠠᠢ ᠠᠵᠢᠯᠯᠠᠵᠤ ᠂ ᠡᠴᠦᠰ ᠲᠤᠨᠢ ᠲᠤᠯᠲᠠᠯ᠎ᠠ | ᠦᠷᠭᠦᠯᠵᠢᠯᠡᠨ ᠠᠵᠢᠯᠯᠠᠵᠤ ᠂ ᠰᠤᠷᠲᠠᠯ ᠴᠢᠬᠡᠴᠢ ᠣᠪᠣᠷ ᠲᠥᠪ ᠠᠷᠢᠭᠤᠨ ᠴᠢᠬᠡᠴᠢ ᠪᠠᠷ ᠠᠵᠢᠯᠯᠠᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠰᠡᠳᠬᠢᠯ ᠨᠢᠭᠡᠳᠦᠨ | ᠪᠦᠯᠬᠦᠮᠳᠡᠨ ᠠᠵᠢᠯᠯᠠᠵᠤ ᠂ ᠡᠳᠦᠷ ᠰᠥᠨᠢ ᠦᠭᠡᠢ ᠤᠷᠤᠭᠰᠢᠯᠠᠨ ᠂ ᠰᠠᠯᠬᠢ ᠪᠣᠷᠣᠭᠠᠨ ᠳᠤ ᠰᠠᠭᠠᠳ ᠦᠭᠡᠢ ᠤᠷᠤᠭᠰᠢᠯᠠᠬᠤ ᠳᠦᠷᠬᠦ ᠪᠠᠶᠢᠳᠠᠯ ᠢᠶᠠᠷ ᠴᠢᠨᠠᠷ ᠰᠠᠶᠢᠲᠠᠢ | ᠬᠥᠭᠵᠢᠯᠲᠡ ᠶᠢᠨ ᠴᠤ᠋ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ ᠭᠡᠪᠡ ᠃ | ᠪᠥᠬᠦᠳᠡ ᠬᠤᠷᠠᠯ ᠠᠴᠠ ᠴᠢᠬᠤᠯᠠᠴᠢᠯᠠᠬᠤ ᠳᠠᠭᠠᠨ᠂ ᠬᠥᠭᠵᠢᠯᠲᠡ ᠶᠢᠨ ᠬᠠᠷᠠᠯᠲᠠ ᠪᠠᠨ ᠬᠠᠷᠠᠭᠠᠯᠠᠵᠤ ᠂ ᠵᠣᠷᠢᠭᠲᠠᠢ ᠪᠠᠷ ᠡᠭᠦᠷᠭᠡᠯᠡᠨ᠂ ᠦᠯᠢᠭᠡᠷ ᠵᠢᠱᠢᠶ᠎ᠡ ᠦᠵᠡᠭᠦᠯᠵᠦ ᠂ | ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠠᠶᠢᠨ ᠳᠠᠭᠠᠭᠤᠯᠤᠭᠴᠢ ᠪᠣᠯᠬᠤ ᠬᠡᠷᠡᠭᠲᠡᠢ᠃ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠰᠤᠷᠲᠠᠯ ᠢ | ᠬᠤᠪᠢᠷᠠᠭᠤᠯᠬᠤ᠂ ᠨᠠᠶᠢᠳᠠᠪᠤᠷᠢᠵᠢᠭᠤᠯᠬᠤ ᠶᠢ ᠠᠳᠬᠤᠬᠤ ᠶᠢ ᠴᠢᠩᠭᠠᠳᠬᠠᠵᠤ ᠂ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠡᠯ᠎ᠡ ᠬᠦᠷᠢᠶ᠎ᠠ ᠴᠠᠷᠠᠭᠠᠨ ᠳᠤ ᠬᠦᠷᠲᠡᠯ᠎ᠡ | ᠳᠤᠭᠤᠰᠢᠯᠠᠭᠤᠯᠬᠤ ᠬᠡᠷᠡᠭᠲᠡᠢ ᠃ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠬᠡᠪᠴᠢᠶ᠎ᠡ ᠶᠢ ᠥᠷᠭᠡᠳᠬᠡᠨ᠂ ᠴᠢᠨᠠᠷᠵᠢᠯ ᠦᠷ᠎ᠡ ᠠᠰᠢᠭ ᠢ | ᠳᠡᠭᠡᠭᠰᠢᠯᠡᠭᠦᠯᠵᠦ ᠂ ᠠᠵᠤ ᠠᠬᠤᠢ ᠶᠢᠨ ᠴᠢᠨᠠᠷ ᠰᠠᠶᠢᠲᠠᠢ ᠬᠦᠭᠵᠢᠯᠳᠡ ᠶᠢᠨ ᠪᠠᠲᠤ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠵᠢᠯ ᠤᠨ ᠡᠴᠦᠰ ᠤᠨ ᠤ ᠡᠬᠢᠨ ᠳᠤ | ᠠᠷᠠᠳ ᠤᠨ ᠠᠮᠢᠳᠤᠷᠠᠯ ᠤᠨ ᠪᠠᠲᠤᠯᠠᠭ᠎ᠠ ᠪᠠ ᠠᠮᠤᠷ ᠲᠦᠪᠰᠢᠨ ᠲᠣᠭᠲᠠᠭᠤᠨ ᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠤᠯᠠᠨ | ᠲᠦᠮᠡᠨ ᠢ ᠪᠠᠶᠠᠷ ᠬᠦᠷ ᠲᠠᠢ ᠪᠠᠷ ᠰᠢᠨᠡᠯᠡᠭᠦᠯᠬᠦ ᠬᠡᠷᠡᠭᠲᠡᠢ ᠭᠡᠪᠡ᠃ | ᠪᠥᠬᠦᠳᠡ ᠬᠤᠷᠠᠯ ᠠᠴᠠ ᠤᠷᠢᠶᠠᠯᠠᠬᠤ ᠳᠠᠭᠠᠨ ᠂ ᠪᠥᠬᠦ ᠬᠤᠰᠢᠭᠤᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠣᠯᠣᠨ ᠥᠷᠭᠡᠨ ᠣᠯᠠᠨ ᠨᠠᠮ ᠤᠨ | ᠭᠡᠰᠢᠭᠦᠨ ᠺᠠᠳ᠋ᠷᠴᠤᠳ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ ᠂ ᠢᠲᠡᠭᠡᠯ | ᠵᠣᠷᠢᠭ ᠢᠶᠠᠨ ᠪᠠᠲᠤᠳᠬᠠᠨ ᠂ ᠨᠢᠭᠡ ᠰᠡᠳᠬᠢᠯ ᠨᠡᠶᠢᠲᠡ ᠶᠢᠨ ᠵᠣᠷᠢᠭ ᠢᠶᠠᠷ ᠰᠢᠷᠭᠠᠭᠤ ᠠᠵᠢᠯᠯᠠᠵᠤ ᠂ ᠡᠷᠡᠯᠬᠡᠭᠯᠡᠨ ᠤᠷᠤᠭᠰᠢᠯᠠᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢ ᠪᠥᠬᠦ ᠲᠠᠯ᠎ᠠ ᠪᠠᠷ ᠠᠬᠢᠭᠤᠯᠬᠤ ᠰᠢᠨ᠎ᠡ ᠠᠶᠠᠨ ᠳᠤ ᠵᠡᠭᠦᠨᠭᠠᠷ ᠤᠨ ᠵᠢᠳᠬᠦᠯ ᠴᠢᠷᠮᠠᠶᠢᠯᠭ᠎ᠠ ᠶᠢ ᠬᠠᠷᠠᠭᠤᠯᠵᠤ ᠂ ᠵᠡᠭᠦᠨᠭᠠᠷ ᠤᠨ ᠬᠤᠪᠢ ᠨᠡᠮᠡᠷᠢ ᠶᠢ | ᠦᠵᠡᠭᠦᠯᠤᠨ ᠂ ᠵᠡᠭᠦᠨᠭᠠᠷ ᠤᠨ ᠡᠬᠦᠷᠭᠡᠯᠡᠯ ᠢ ᠭᠦᠢᠴᠡᠳ ᠢᠯᠡᠷᠡᠭᠦᠯᠬᠦ ᠬᠡᠷᠡᠭᠲᠡᠢ ᠭᠡᠪᠡ ᠃ | | | | | | | |