| ᠪᠢᠴᠢᠯᠭᠡ | ᠴᠠᠭᠠᠨ ᠰᠠᠷ᠎ᠠ ᠶᠢᠨ ᠳᠡᠭᠡᠭᠡᠪᠤᠷᠢ ᠶᠢᠨ ᠠᠵᠢᠯ ᠨᠢ ᠭᠡᠷ ᠨᠤᠳᠤᠭ ᠢᠶᠠᠨ ᠰᠠᠨᠠᠬᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠬᠤᠯᠪᠤᠬᠳᠠᠨ ᠂ ᠲᠦᠭ ᠲᠦᠮᠡᠨ ᠠᠶᠢᠯ | ᠡᠷᠦᠬᠡ ᠶᠢᠨ ᠭᠡᠷ ᠬᠤᠳᠠᠯᠠᠭᠠᠷ ᠢᠶᠠᠨ ᠠᠭᠤᠯᠵᠠᠯᠳᠤᠨ ᠵᠤᠯᠭᠠᠬᠤ ᠬᠦᠰᠡᠯ ᠡᠷᠡᠮᠡᠯᠵᠡᠯ ᠢ ᠠᠴᠢᠶᠠᠯᠠᠨ᠎ᠠ᠃ | | | | ᠴᠠᠭᠠᠨ ᠰᠠᠷ᠎ᠠ ᠶᠢᠨ ᠳᠡᠭᠡᠭᠡᠪᠤᠷᠢ ᠶᠢᠨ ᠬᠥᠰᠢᠭᠡ ᠶᠢ ᠰᠡᠬᠦᠬᠦ ᠶᠢ ᠳᠠᠭᠠᠯᠳᠤᠨ ᠂ 1 ᠰᠠᠷ᠎ᠠ ᠶᠢᠨ 14 ᠤ ᠡᠳᠦᠷ ᠂ ᠵᠡᠭᠦᠨᠭᠠᠷ ᠬᠤᠰᠢᠭᠤᠨ ᠤ ᠨᠠᠮ ᠤᠨ ᠬᠤᠷᠢᠶᠠᠨ ᠤ | ᠤᠬᠠᠭᠤᠯᠬᠤ ᠬᠡᠯᠲᠡᠰ ᠂ ᠬᠤᠰᠢᠭᠤᠨ ᠤ ᠤᠶᠤᠨ ᠰᠠᠨᠠᠭᠠᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠭᠡᠷ ᠂ ᠬᠤᠰᠢᠭᠤᠨ ᠤ ᠰᠢᠨ᠎ᠡ ᠴᠠᠭ ᠦᠶ᠎ᠡ ᠶᠢᠨ | ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠨᠢ ᠵᠡᠭᠦᠨᠭᠠᠷ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠨᠡᠶᠢᠭᠡᠮᠯᠢᠭ ᠂ ᠵᠡᠭᠦᠨᠭᠠᠷ ᠠᠯᠪᠠᠨ | ᠵᠢᠷᠤᠮ ᠤᠨ ᠠᠵᠢᠯ ᠤᠨ ᠨᠡᠶᠢᠭᠡᠮᠯᠢᠭ ᠲᠠᠢ ᠬᠠᠮᠲᠤᠷᠠᠨ ᠰᠢᠦᠸᠠᠢ ᠵᠢᠶᠠ ᠸᠠᠨ ᠮᠠᠰᠢᠨ ᠲᠡᠷᠭᠡᠨ ᠤ ᠥᠷᠲᠡᠭᠡ ᠂ ᠵᠡᠭᠦᠨᠭᠠᠷ ᠬᠥᠳᠡᠯᠭᠡᠬᠦ ᠬᠦᠴᠦᠨ ᠤ ᠳᠡᠷᠭᠡᠨ ᠥᠷᠲᠡᠭᠡ ᠳᠤ | ︽ ᠰᠠᠶᠢᠨ ᠰᠠᠶᠢᠬᠠᠨ ᠵᠡᠬᠦᠠᠭᠠᠷ ᠤᠨ ᠠᠭᠤᠯᠵᠠᠯᠳᠠ ᠰᠡᠳᠬᠢᠯ ᠦᠶᠦᠭ ᠠᠶᠠᠨ ᠵᠠᠮ ︾ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠡᠬᠢᠯᠡᠭᠦᠯᠪᠡ᠃ | ᠠᠶᠠᠨᠴᠢᠳ ᠲᠤ ᠪᠠᠶᠠᠷ ᠤᠨ ᠡᠳᠦᠷ ᠤᠨ ᠵᠥᠩᠨᠡᠯ ᠳᠡᠪᠰᠢᠭᠦᠯᠬᠦ ᠶᠢᠨ ᠬᠠᠮᠲᠤ ᠰᠠᠷᠠᠰᠢᠨᠠᠵᠢᠨ ︽ ᠪᠤᠶᠠᠨ ᠬᠡᠰᠢᠭ︾ ᠬᠦᠷᠭᠡᠬᠦ ᠂ ᠠᠰᠠᠭᠤᠨ ᠯᠠᠪᠯᠠᠯᠭ᠎ᠠ ᠶᠢ ᠵᠢᠯᠤᠭᠤᠳᠬᠤ ᠂ | ᠡᠮᠬᠢ ᠳᠢᠭᠯᠢᠮ ᠢ ᠬᠠᠮᠠᠭᠠᠯᠠᠬᠤ ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠵᠡᠷᠭᠡ ᠠᠵᠢᠯᠯᠠᠭ᠎ᠠ ᠥᠷᠨᠢᠭᠦᠯᠵᠦ ᠂ ᠴᠠᠭᠠᠨ ᠰᠠᠷ᠎ᠠ ᠶᠢᠨ ᠳᠡᠭᠡᠭᠡᠪᠤᠷᠢ ᠳᠤ ᠬᠦᠴᠦᠨ | ᠨᠡᠮᠡᠷᠢᠯᠡᠵᠦ ᠂ ᠠᠶᠠᠨ ᠵᠠᠮ ᠢ ᠳᠤᠯᠠᠭᠠᠴᠠᠭᠤᠯᠤᠨ᠎ᠠ᠃ | | | | ᠠᠵᠢᠯᠯᠠᠭ᠎ᠠ ᠶᠢᠨ ᠠᠬᠤᠢ ᠲᠠᠯᠠᠪᠠᠶ ᠳᠤ ᠂ ︽ ᠨᠤᠲᠤᠭ ᠲᠠᠭᠠᠨ ᠪᠤᠴᠠᠬᠰᠠᠳ ᠲᠤ ᠵᠠᠮᠴᠢᠯᠠᠬᠤ ᠵᠢᠵᠢᠭ ᠥᠷᠲᠡᠭᠡ ︾ ᠂ ︽ ᠪᠠᠴᠢᠮ ᠪᠠᠶᠢᠳᠠᠯ ᠢ ᠠᠷᠭᠠᠴᠠᠭᠠᠬᠤ ᠡᠳ᠋ | ᠪᠣᠳᠠᠰ ᠤᠨ ᠬᠠᠩᠭᠠᠯᠭ᠎ᠠ ᠶᠢᠨ ᠥᠷᠲᠡᠭᠡ ︾ ᠪᠠ ︽ ᠴᠠᠭᠠᠨ ᠰᠠᠷ᠎ᠠ ᠶᠢᠨ ᠳᠡᠭᠡᠭᠡᠪᠤᠷᠢ ᠶᠢᠨ ᠬᠦᠰᠡᠯ ᠤᠨ ᠬᠡᠷᠡᠮ ︾ ᠵᠡᠷᠭᠡ ᠭᠤᠭᠴᠤᠭ᠎ᠠ ᠶᠢᠨ ᠪᠠᠶᠢᠷᠢᠯᠠᠭᠤᠯᠤᠯᠲᠠ ᠨᠢ | ᠠᠶᠠᠨᠴᠢᠳ ᠲᠤ ᠠᠶᠠᠯᠠᠯ ᠤᠨ ᠵᠠᠮᠴᠢᠯᠠᠭ᠎ᠠ ᠂ ᠠᠴᠢᠶᠠᠲ᠋ᠡᠭᠡᠭᠡᠰᠢ ᠶᠢᠨ ᠬᠠᠪᠰᠤᠷᠤᠯᠭ᠎ᠠ ᠂ ᠪᠠᠴᠢᠮ ᠪᠠᠶᠢᠳᠠᠯ ᠢ ᠠᠷᠭᠠᠴᠠᠭᠠᠬᠤ ᠦᠢᠯᠡᠴᠢᠯᠡᠭᠡ ᠂ ᠬᠦᠰᠡᠯ ᠵᠦᠩᠨᠡᠯ ᠵᠡᠷᠭᠡ | ᠪᠥᠬᠦ ᠲᠠᠯ᠎ᠠ ᠶᠢᠨ ᠦᠢᠯᠡᠴᠢᠯᠡᠭᠡ ᠬᠠᠩᠭᠠᠭᠰᠠᠨ ᠢᠶᠠᠷ ᠦᠯᠤ ᠪᠠᠷᠠᠨ ᠂ ᠪᠥᠬᠦ ᠲᠡᠷᠭᠡᠨ ᠥᠷᠲᠡᠭᠡᠨ ᠤ ᠶᠡᠭᠡ ᠲᠢᠩᠬᠢᠮ ᠳᠤ ᠴᠦ ᠪᠠᠶᠠᠷ ᠤᠨ ᠡᠳᠦᠷ ᠤᠨ ᠠᠭᠤᠷ | ᠠᠮᠢᠰᠬᠤᠯ ᠢᠶᠠᠷ ᠳᠦᠭᠦᠷᠡᠩ ᠪᠣᠯᠤᠭᠰᠠᠨ ᠪᠠᠶᠢᠨ᠎ᠠ ᠃ ︽ ᠪᠠᠭ᠎ᠠ ᠬᠡᠯᠪᠡᠷᠢ ᠶᠢᠨ ᠤᠷ᠎ᠠ ᠠᠪᠢᠶᠠᠰ ᠤᠨ ᠦᠵᠡᠭᠦᠯᠭᠡ︾ ᠂ ᠬᠤᠣᠰ ᠤᠶᠠᠩᠭ᠎ᠠ ᠪᠠᠷ ᠵᠦᠩᠨᠡᠯ ᠳᠡᠪᠰᠢᠬᠦᠯᠬᠦ ᠂ | ᠬᠠᠶᠢᠷ᠎ᠠ ᠬᠠᠯᠠᠮᠵᠢ ᠶᠢᠨ ᠬᠠᠶᠢᠴᠢᠯᠠᠮᠠᠯ ᠬᠦᠷᠭᠡᠬᠦ ᠰᠠᠶᠢᠨ ᠳᠤᠷ᠎ᠠ ᠶᠢᠨ ᠦᠢᠯᠡᠴᠢᠯᠡᠭᠡ ᠵᠡᠷᠭᠡ ᠠᠵᠢᠯᠯᠠᠭ᠎ᠠ ᠨᠢ ᠴᠤ ᠴᠥᠭᠡᠨ ᠪᠤᠰᠤ ᠵᠤᠭᠠᠴᠠᠭᠰᠠᠳ ᠤᠨ ᠠᠩᠬᠠᠷᠤᠯ ᠢ | ᠲᠠᠲᠠᠵᠤ ᠂ ᠪᠠᠶᠠᠷ ᠪᠠᠶᠠᠰᠬᠤᠯᠠᠩ ᠲᠠᠢ ᠠᠭᠤᠷ ᠠᠮᠢᠰᠬᠤᠯ ᠢᠶᠠᠷ ᠪᠢᠯᠬᠠᠨ᠎ᠠ᠃ | | | | ︽ ᠰᠠᠷᠠᠰᠢᠨᠠᠵᠢᠨ ᠪᠤᠶᠠᠨ ᠬᠡᠰᠢᠭ ᠬᠦᠷᠭᠡᠬᠦ ︾ ᠵᠠᠩᠭᠢᠯᠠᠭ᠎ᠠ ᠳᠤ ᠂ ︽ ᠦᠯᠵᠡᠢ ᠪᠤᠶᠠᠨ ︾ ᠭᠡᠬᠦ ᠥᠰᠥᠭ ᠲᠠᠢ ᠂ ᠬᠤᠣᠰ ᠤᠶᠠᠩᠭ᠎ᠠ ᠨᠢ ᠢᠷᠦᠭᠡᠯ ᠵᠦᠩᠨᠡᠯ ᠤᠨ | ᠡᠯᠴᠢᠨ ᠪᠤᠯᠵᠤ ᠂ ᠴᠠᠭᠠᠨ ᠰᠠᠷ᠎ᠠ ᠶᠢᠨ ᠠᠭᠤᠷ ᠠᠮᠢᠰᠬᠤᠯ ᠢ ᠲᠦᠭ ᠲᠦᠮᠡᠨ ᠠᠶᠢᠯ ᠡᠷᠦᠬᠡ ᠳᠤ ᠠᠪᠴᠢᠷᠠᠭᠰᠠᠨ ᠢᠶᠠᠷ ᠦᠯᠤ ᠪᠠᠷᠠᠨ ᠂ ᠨᠠᠩ ᠴᠤ ᠵᠡᠭᠦᠨᠭᠠᠷ ᠤᠨ | ᠠᠷᠠᠳ ᠲᠦᠮᠡᠨ ᠤ ᠰᠠᠶᠢᠨ ᠰᠠᠶᠢᠬᠠᠨ ᠢᠷᠦᠭᠡᠯ ᠵᠦᠩᠨᠡᠯ ᠢ ᠠᠶᠠᠨᠴᠢᠳ ᠤᠨ ᠭᠡᠷ ᠲᠤ ᠬᠦᠷᠭᠡᠨ᠎ᠠ ᠃ ︽ ᠪᠢ ᠵᠡᠭᠦᠨᠭᠠᠷ ᠥᠷᠲᠡᠭᠡᠨ ᠳᠤ ᠢᠷᠡᠵᠦ ᠲᠡᠷᠭᠡ ᠰᠤᠯᠢᠬᠰᠠᠨ | ᠶᠤᠮ ᠂ ᠠᠳᠡᠬᠢ ᠰᠠᠷ᠎ᠠ ᠰᠢᠨ᠎ᠡ ᠶᠢᠨ ᠠᠭᠤᠷ ᠠᠮᠢᠰᠬᠤᠯ ᠨᠢ ᠶᠠᠭ ᠯᠠ ᠭᠡᠷ ᠲᠡᠭᠡᠨ ᠬᠠᠷᠢᠭᠰᠠᠨ ᠮᠡᠳᠤ ᠮᠠᠰᠢ ᠳᠤᠳᠤᠨᠤ ᠰᠠᠨᠠᠬᠳᠠᠭᠤᠯᠤᠨ᠎ᠠ ︾ ᠭᠡᠵᠦ ᠠᠶᠠᠨᠴᠢᠨ ᠴᠧᠨ | ᠢᠦᠢ ᠶᠠᠷᠢᠨ᠎ᠠ᠃ | | | | ᠤᠯᠠᠭᠠᠨ ᠬᠠᠨᠵᠢᠶᠠᠷᠢ ᠲᠠᠢ ᠰᠠᠶᠢᠨ ᠳᠤᠷᠠᠴᠤᠤᠯ ᠴᠤᠮᠤ ᠴᠣᠮᠣ ︽ᠰᠡᠳᠬᠢᠯ ᠢ ᠳᠤᠯᠠᠭᠠᠴᠠᠭᠤᠯᠬᠤ ᠴᠠᠢ︾ ᠶᠢ ᠨᠤᠲᠤᠭ ᠲᠠᠭᠠᠨ ᠪᠤᠴᠠᠭᠰᠠᠨ ᠠᠶᠠᠨᠴᠢᠳ ᠲᠤ | ᠬᠦᠷᠭᠡᠨ ᠦᠭᠴᠤ ᠂ ᠭᠡᠷ ᠨᠤᠳᠤᠭ ᠲᠠᠭᠠᠨ ᠪᠤᠴᠠᠬᠰᠠᠳ ᠲᠤ ᠬᠠᠬᠢᠷ ᠡᠪᠦᠯ ᠤᠨ︽ ᠤᠨᠴᠠ︾ ᠶᠢᠨ ᠬᠠᠯᠠᠭᠤᠨ ᠳᠤᠯᠠᠭᠠᠨ ᠢ ᠠᠪᠴᠢᠷᠠᠵᠤ ᠥᠭᠬᠦᠨ᠎ᠠ᠃ ᠡᠭᠦᠨ ᠤ | ᠬᠠᠮᠳᠤ ᠂ ᠰᠠᠶᠢᠨ ᠳᠤᠷᠠᠴᠤᠤᠯ ᠠᠵᠢᠯᠴᠢ ᠠᠷᠪᠢᠴᠢ ᠪᠠᠷ ᠠᠷᠪᠢᠯᠠᠨ ᠭᠠᠮᠨᠠᠬᠤ ᠂ ᠪᠣᠯᠪᠠᠰᠤᠨ ᠵᠠᠮ ᠬᠠᠷᠢᠯᠴᠠᠭ᠎ᠠ ᠂ ᠪᠣᠯᠪᠠᠰᠤᠨ ᠵᠤᠭᠠᠴᠠᠯ ᠵᠡᠷᠭᠡ ᠪᠣᠯᠪᠠᠰᠤᠨ ᠤ | ᠰᠠᠨᠠᠭᠠᠴᠢᠯᠠᠭ᠎ᠠ ᠶᠢᠨ ᠮᠠᠲ᠋ᠧᠷᠢᠶᠠᠯ ᠢ ᠠᠶᠠᠨᠴᠢᠳ ᠲᠤ ᠲᠦᠭᠡᠭᠡᠨ ᠥᠭᠴᠦ ᠂ ᠠᠶᠠᠨᠴᠢᠳ ᠤᠨ ᠪᠣᠯᠪᠠᠰᠤᠨ ᠠᠶᠠᠯᠠᠯ ᠢ ᠬᠥᠲᠥᠯᠥᠨ ᠵᠢᠯᠤᠭᠤᠳᠴᠤ ᠂ ᠪᠣᠯᠪᠠᠰᠤᠨ | ᠪᠥᠭᠡᠳ ᠶᠣᠰᠣᠷᠬᠠᠭ ᠂ ᠡᠶ᠎ᠡ ᠵᠣᠬᠢᠴᠠᠯ ᠲᠠᠢ ᠪᠥᠭᠡᠳ ᠡᠮᠬᠢ ᠳᠢᠭᠯᠢᠮ ᠲᠠᠢ ᠲᠡᠷᠭᠡᠨ ᠳᠤ ᠰᠠᠭᠤᠬᠤ ᠣᠷᠴᠢᠨ ᠨᠥᠬᠦᠴᠡᠯ ᠢ ᠬᠦᠴᠦᠯᠡᠨ ᠪᠤᠶ ᠪᠣᠯᠭᠠᠵᠤ ᠪᠠᠶᠢᠨ᠎ᠠ ᠃ | | | | ᠵᠡᠭᠦᠨᠭᠠᠷ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠶᠡᠭᠡ ᠠᠩᠭᠢ ᠶᠢᠨ ᠬᠢᠨ ᠤᠬᠠᠭᠤᠯᠭ᠎ᠠ ᠶᠢᠨ ᠠᠵᠢᠯᠲᠠᠳ ᠢ ᠵᠣᠬᠢᠶᠠᠨ ᠪᠠᠶᠢᠭᠤᠯᠤᠨ ᠲᠡᠷᠭᠡ | ᠬᠦᠯᠢᠶᠡᠬᠦ ᠲᠢᠩᠬᠢᠮ ᠳᠤ ᠣᠴᠢᠭᠤᠯᠵᠤ ᠂ ᠥᠷᠭᠡᠨ ᠤᠯᠠᠨ ᠠᠶᠠᠨᠴᠢᠳ ᠲᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠵᠤ ᠂ | ᠵᠠᠮ ᠬᠠᠷᠢᠯᠴᠠᠭᠠᠨ ᠤ ᠠᠮᠤᠷ ᠲᠦᠪᠰᠢᠨ ᠤ ᠮᠡᠳᠡᠯᠭᠡ ᠶᠢ ᠲᠠᠶᠢᠯᠪᠤᠷᠢᠯᠠᠨ ᠥᠭᠴᠦ ᠂ ᠤᠯᠠᠨ ᠲᠦᠮᠡᠨ ᠲᠠᠢ ᠵᠠᠮ ᠬᠠᠷᠢᠯᠴᠠᠭ᠎ᠠ ᠶᠢ ᠶᠠᠷᠢᠯᠴᠠᠵᠤ ᠂ ᠠᠮᠤᠷ ᠲᠦᠪᠰᠢᠨ ᠢ | ᠶᠠᠷᠢᠵᠤ ᠂ ᠤᠯᠠᠨ ᠲᠦᠮᠡᠨ ᠤ ᠴᠠᠭᠠᠨ ᠰᠠᠷ᠎ᠠ ᠶᠢᠨ ᠳᠡᠭᠡᠭᠡᠪᠤᠷᠢ ᠶᠢᠨ ᠠᠮᠤᠷ ᠲᠦᠪᠰᠢᠨ ᠤ ᠨᠡᠭᠡᠯᠡᠭᠡᠢ ᠶᠢ ᠴᠢᠩᠭᠠᠯᠠᠨ᠎ᠠ᠃ | ᠣᠯᠠᠨ ᠭᠡᠯᠪᠡᠷᠢ ᠮᠠᠶ᠋ᠢᠭ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠨᠢ ᠠᠶᠠᠨᠴᠢᠳ ᠤᠨ ᠭᠡᠷ ᠲᠡᠭᠡᠨ ᠬᠠᠷᠢᠬᠤ ᠵᠠᠮ ᠢ ᠳᠤᠯᠠᠭᠠᠴᠠᠭᠤᠯᠵᠤ ᠂ ᠠᠮᠤᠷ | ᠲᠦᠪᠰᠢᠨ ᠡᠮᠬᠢ ᠳᠢᠭᠯᠢᠮ ᠲᠠᠢ ᠂ ᠪᠣᠯᠪᠠᠰᠤᠨ ᠡᠶ᠎ᠡ ᠵᠣᠬᠢᠴᠠᠯ ᠲᠠᠢ ᠴᠠᠭᠠᠨ ᠰᠠᠷ᠎ᠠ ᠶᠢᠨ ᠳᠡᠭᠡᠭᠡᠪᠤᠷᠢ ᠶᠢᠨ ᠣᠷᠴᠢᠨ ᠨᠥᠬᠦᠴᠡᠯ ᠢ ᠪᠣᠶ ᠪᠣᠯᠭᠠᠭᠰᠠᠨ ᠢᠶᠠᠷ ᠦᠯᠤ ᠪᠠᠷᠠᠨ ᠂ | ᠭᠤᠶᠠᠴᠢ ᠦᠭᠡᠢ ᠪᠠᠷ ᠵᠢᠳᠬᠦᠬᠦ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠷᠢᠭ ᠰᠠᠨᠠᠭ᠎ᠠ ᠶᠢ ᠴᠤ ᠪᠠᠳᠠᠷᠠᠭᠤᠯᠤᠭᠰᠠᠨ ᠪᠠᠶᠢᠨ᠎ᠠ ᠃ ᠬᠤᠶᠢᠰᠢᠳᠠ ᠶᠢᠨ ᠭᠡᠰᠡᠭ | ᠬᠤᠭᠤᠴᠠᠭᠠᠨ ᠳᠤ ᠂ ᠵᠡᠭᠦᠨᠭᠠᠷ ᠬᠤᠰᠢᠭᠤ ︽ᠠᠮᠤᠷ ᠠᠮᠤᠭᠤᠯᠠᠩ ᠴᠠᠭᠠᠨ ᠰᠠᠷ᠎ᠠ ᠶᠢᠨ ᠳᠡᠭᠡᠭᠡᠪᠤᠷᠢ ᠬᠠᠯᠠᠭᠤᠨ ᠳᠤᠯᠠᠭᠠᠨ ᠴᠠᠭᠠᠨ ᠰᠠᠷ᠎ᠠ ᠶᠢᠨ ᠳᠡᠭᠡᠭᠡᠪᠤᠷᠢ ᠳᠥᠭᠦᠮ | ᠳᠥᠲᠡ ᠴᠠᠭᠠᠨ ᠰᠠᠷ᠎ᠠ ᠶᠢᠨ ᠳᠡᠭᠡᠭᠡᠪᠤᠷᠢ︾ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠦᠷᠭᠦᠯᠵᠢᠯᠡᠨ | ᠭᠦᠨᠵᠡᠭᠡᠶᠢᠷᠡᠭᠦᠯᠤᠨ ᠂ ᠨᠡᠩ ᠤᠯᠠᠨ ᠵᠠᠯᠠᠭᠤ ᠰᠠᠶᠢᠨ ᠳᠤᠷᠠᠴᠤᠤᠯ ᠢ ᠲᠠᠶᠢᠴᠢᠯᠠᠨ ᠰᠠᠨᠠᠭᠠᠴᠢᠯᠠᠭ᠎ᠠ ᠠᠴᠠ ᠪᠠᠨ ᠤᠶᠢᠯᠡᠴᠢᠯᠡᠬᠦᠯᠵᠤ ᠂ ᠨᠡᠩ ᠣᠷᠭᠢᠯᠤᠮ᠎ᠠ ᠬᠠᠯᠠᠭᠤᠨ | ᠰᠡᠳᠬᠢᠯᠭᠡ ᠪᠠᠷ ᠰᠠᠶᠢᠨ ᠳᠤᠷ᠎ᠠ ᠶᠢᠨ ᠦᠢᠯᠡᠴᠢᠯᠡᠭᠡ ᠳᠤ ᠣᠷᠣᠯᠴᠠᠭᠤᠯᠵᠤ ᠂ ᠴᠠᠭᠠᠨ ᠰᠠᠷ᠎ᠠ ᠶᠢᠨ ᠳᠡᠭᠡᠭᠡᠪᠤᠷᠢ ᠶᠢᠨ ᠠᠵᠢᠯ ᠤᠨ ᠲᠡᠭᠦᠰ ᠠᠮᠵᠢᠯᠲᠠ ᠤᠯᠬᠤ ᠳᠤ | ᠥᠪᠡᠷ ᠤᠨ ᠬᠦᠴᠦᠨ ᠴᠢᠳᠠᠯ ᠢᠶᠠᠨ ᠡᠷᠭᠦᠵᠦ ᠂ ᠵᠡᠭᠦᠨᠭᠠᠷ ᠤᠨ ᠬᠠᠶᠢᠷ᠎ᠠ ᠬᠠᠯᠠᠮᠵᠢ ᠶᠢ ᠢᠯᠡᠷᠡᠭᠦᠯᠵᠦ ᠂ ᠴᠠᠭᠠᠨ ᠰᠠᠷ᠎ᠠ ᠶᠢᠨ ᠳᠡᠭᠡᠭᠡᠪᠤᠷᠢ ᠶᠢᠨ ᠵᠠᠮ ᠢ ᠳᠤᠯᠠᠭᠠᠨ | ᠳᠠᠭᠠᠯᠠᠮᠵᠢᠳᠠᠢ ᠪᠣᠯᠭᠠᠨ᠎ᠠ᠃ | | | | |