| | 1 ᠰᠠᠷ᠎ᠠ ᠶᠢᠨ 2 ᠠᠴᠠ 4 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ | ᠳᠠᠷᠤᠭ᠎ᠠ ᠵᠣᠣ ᠱᠤᠸᠠᠨ ᠪᠦᠯᠬᠦᠮ ᠳᠠᠭᠠᠭᠤᠯᠤᠨ ᠵᠧᠵᠢᠶᠠᠩ ᠤᠨ ᠷᠦᠩ ᠱᠧᠩ ᠬᠤᠪᠢ ᠡᠵᠡᠮᠳᠡᠯ ᠤᠨ ᠪᠦᠯᠦᠭᠯᠡᠯ ᠳᠤ ᠬᠦᠷᠴᠦ ᠲᠥᠷᠥᠯ ᠵᠦᠢᠯ ᠤᠨ ᠪᠦᠲᠦᠭᠡᠨ | ᠪᠠᠶᠢᠭᠤᠯᠤᠯᠲᠠ ᠶᠢᠨ ᠤᠴᠢᠷ ᠶᠠᠪᠤᠳᠠᠯ ᠢ ᠵᠣᠯᠭᠠᠭᠤᠯᠪᠠ ᠃ | | ᠵᠢᠷᠤᠭ ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠣ ᠱᠤᠸᠠᠨ ᠷᠦᠩ ᠱᠧᠩ | ᠬᠤᠪᠢ ᠡᠵᠡᠮᠳᠡᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ ᠷᠦᠩ ᠲᠠᠢ ᠰᠠᠭᠤᠨ ᠶᠠᠷᠢᠯᠴᠠᠪᠠ ᠃ | ᠵᠤᠤ ᠱᠤᠸᠠᠨ ᠨᠠᠷ ᠷᠦᠩ ᠱᠧᠩ ᠬᠤᠪᠢ ᠡᠵᠡᠮᠳᠡᠯ ᠤᠨ ᠪᠦᠯᠦᠭᠯᠡᠯ ᠤᠨ ᠨᠠᠮ ᠤᠨ ᠬᠤᠷᠢᠶ᠎ᠠ ᠶᠢᠨ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠯᠢ ᠱᠦᠢ | ᠷᠦᠩ ᠲᠠᠢ ᠶᠠᠷᠢᠯᠴᠠᠵᠤ ᠂ ᠬᠤᠶᠠᠷ ᠲᠠᠯ᠎ᠠ ᠪᠠᠷ ᠢᠶᠠᠨ ᠷᠦᠩ ᠱᠧᠩ ᠪᠣᠬᠢᠷᠲᠤᠯ ᠦᠭᠡᠢ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ ᠨᠢᠭᠡ ᠴᠣᠭᠴᠠᠵᠢᠭᠤᠯᠬᠤ | ᠲᠦᠷᠦᠯ ᠵᠦᠢᠯ ᠤᠨ ᠠᠵᠢᠯ ᠡᠬᠢᠯᠡᠭᠦᠯᠬᠦ ᠶᠢ ᠲᠦᠷᠭᠡᠨ ᠠᠬᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠭᠦᠨᠵᠡᠭᠡᠢ ᠰᠠᠨᠠᠯ ᠢᠶᠠᠨ ᠰᠣᠯᠢᠯᠴᠠᠵᠠᠢ᠃ ᠬᠤᠶᠠᠷ | ᠲᠠᠯ᠎ᠠ ᠪᠠᠷ ᠢᠶᠠᠨ᠂ ᠨᠡᠭᠦᠷᠡᠰᠦ ᠪᠠᠷ ᠰᠢᠲᠠᠮᠠᠬᠠᠢ ᠬᠡᠢ ᠤᠶᠢᠯᠡᠳᠪᠤᠷᠢᠯᠡᠬᠦ ᠂ ᠨᠡᠭᠦᠷᠡᠰᠦ ᠪᠠᠷ ᠲᠣᠰᠣ ᠤᠶᠢᠯᠡᠳᠪᠤᠷᠢᠯᠡᠬᠦ ᠪᠠ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢ | ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠵᠢᠴᠢ ᠨᠡᠭᠦᠷᠡᠰᠦᠨ ᠠᠭᠤᠷᠬᠠᠢ ᠶᠢᠨ ᠠᠭᠤᠷᠬᠠᠢ ᠬᠠᠶᠢᠬᠤ ᠡᠷᠬᠡ ᠶᠢ | ᠠᠭᠤᠷᠬᠠᠢ ᠮᠠᠯᠲᠠᠬᠤ ᠡᠷᠬᠡ ᠪᠣᠯᠭᠠᠨ ᠬᠤᠪᠢᠷᠠᠭᠤᠯᠬᠤ ᠵᠡᠷᠭᠡ ᠬᠤᠯᠪᠣᠭᠳᠠᠯ ᠪᠦᠬᠦᠢ ᠠᠵᠢᠯ ᠢ ᠲᠦᠷᠭᠡᠨ ᠡᠬᠢᠯᠡᠭᠦᠯᠵᠦ ᠂ ᠲᠦᠭᠵᠢᠷᠡᠯ ᠬᠦᠴᠢᠷ ᠠᠰᠠᠭᠤᠳᠠᠯ ᠢ | ᠬᠠᠮᠲᠤᠪᠠᠷ ᠰᠢᠢᠳᠪᠦᠷᠢᠯᠡᠵᠦ ᠂ ᠨᠢᠭᠡᠨᠲᠡ ᠲᠣᠭᠲᠠᠭᠠᠭᠰᠠᠨ ᠲᠦᠷᠦᠯ ᠵᠦᠢᠯ ᠢ ᠲᠦᠷᠭᠡᠨ ᠡᠬᠢᠯᠡᠬᠦᠯᠤᠨ ᠪᠦᠲᠦᠭᠡᠨ ᠪᠠᠶᠢᠭᠤᠯᠬᠤ ᠶᠢ ᠠᠬᠢᠭᠤᠯᠬᠤ ᠬᠡᠷᠡᠭᠲᠡᠢ ᠪᠠᠶᠢᠨ᠎ᠠ | ᠭᠡᠵᠦ ᠰᠠᠨᠠᠯ ᠨᠢᠭᠡᠲᠡᠢ ᠦᠵᠡᠵᠡᠭᠡᠭᠰᠡᠨ ᠪᠠᠶᠢᠨ᠎ᠠ᠃ | | ᠵᠢᠷᠤᠭ ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠣ ᠱᠤᠸᠠᠨ ᠷᠦᠩ ᠱᠧᠩ | ᠬᠤᠪᠢ ᠡᠵᠡᠮᠳᠡᠯ ᠤᠨ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠵᠧᠩ ᠭᠦᠸᠧ ᠳ᠋ᠦᠩ ᠲᠠᠢ ᠰᠠᠭᠤᠨ ᠶᠠᠷᠢᠯᠴᠠᠪᠠ ᠃ | ᠳᠠᠷᠠᠭ᠎ᠠ ᠨᠢ ᠂ ᠵᠤᠤ ᠱᠤᠸᠠᠨ ᠷᠦᠩ ᠱᠧᠩ ᠬᠤᠪᠢ ᠡᠵᠡᠮᠳᠡᠯ ᠤᠨ ᠪᠦᠯᠦᠭᠯᠡᠯ ᠤᠨ ᠨᠠᠮ ᠤᠨ ᠬᠤᠷᠢᠶᠠᠨ ᠤ ᠳᠡᠳ᠋ ᠱᠦᠵᠢ᠂ ᠳᠡᠳ᠋ ᠶᠡᠷᠦᠩᠬᠡᠢ ᠵᠠᠬᠢᠷᠤᠯ ᠢᠦᠢ | ᠴᠤᠸᠠᠨ ᠺᠦᠨ ᠲᠠᠢ ᠲᠦᠷᠦᠯ ᠵᠦᠢᠯ ᠤᠨ ᠣᠳᠣᠬᠠᠨ ᠳᠤ ᠪᠠᠴᠢᠮ ᠠᠬᠢᠭᠤᠯᠬᠤ ᠴᠢᠬᠤᠯᠠᠲᠠᠢ ᠪᠠᠶᠢᠭ᠎ᠠ ᠨᠡᠭᠦᠷᠡᠰᠦ ᠪᠠᠷ ᠰᠢᠲᠠᠮᠠᠬᠠᠢ ᠬᠡᠢ ᠤᠶᠢᠯᠡᠳᠪᠤᠷᠢᠯᠡᠬᠦ ᠂ | ᠨᠡᠭᠦᠷᠡᠰᠦ ᠪᠠᠷ ᠲᠣᠰᠣ ᠤᠶᠢᠯᠡᠳᠪᠤᠷᠢᠯᠡᠬᠦ ᠂ ᠨᠡᠭᠦᠷᠡᠰᠦ ᠪᠠᠷ ᠠᠯᠺᠧᠨ ᠤᠶᠢᠯᠡᠳᠪᠤᠷᠢᠯᠡᠬᠦ ᠶᠢ ᠳᠦᠯᠦᠪᠵᠢᠬᠦᠯᠭᠡ ᠳᠤ ᠤᠷᠤᠭᠤᠯᠬᠤ ᠂ ᠪᠣᠯᠣᠮᠵᠢ ᠶᠢᠨ ᠰᠤᠳᠤᠯᠭᠠᠨ | ᠵᠡᠷᠭᠡ ᠬᠠᠮᠢᠶ᠎ᠠ ᠪᠦᠬᠦᠢ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠂ ᠲᠦᠷᠦᠯ ᠵᠦᠢᠯ ᠤᠨ ᠬᠦᠴᠤᠨ ᠵᠤᠶᠢᠯ ᠢ ᠪᠠᠲᠤᠯᠠᠬᠤ ᠵᠡᠷᠭᠡ ᠠᠵᠢᠯ ᠤᠨ ᠲᠤᠬᠠᠢ ᠭᠦᠨᠵᠡᠭᠡᠢ | ᠰᠠᠨᠠᠯ ᠢᠶᠠᠨ ᠰᠣᠯᠢᠯᠴᠠᠵᠠᠢ᠃ ᠵᠤᠤ ᠱᠤᠸᠠᠨ ᠠᠵᠤ ᠠᠬᠤᠶᠢᠯᠠᠯ ᠤᠨ ᠬᠢᠨ ᠴᠠᠭ ᠬᠤᠭᠤᠴᠠᠭᠠᠨ ᠤ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ ᠂ ᠬᠤᠯᠪᠣᠭᠳᠠᠯ | ᠪᠦᠬᠦᠢ ᠲᠤᠰᠬᠠᠢ ᠲᠦᠷᠦᠯ ᠤᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠶᠢ ᠲᠦᠷᠭᠡᠳᠬᠡᠨ ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠠᠴᠠ ᠲᠦᠷᠦᠯ | ᠵᠦᠢᠯ ᠤᠨ ᠭᠠᠷ ᠬᠦᠢᠴᠡᠳᠭᠡᠯ ᠢ ᠮᠡᠳᠡᠭᠦᠯᠦᠨ ᠵᠥᠪᠰᠢᠶᠡᠷᠡᠭᠦᠯᠬᠦ ᠠᠵᠢᠯ ᠢ ᠣᠷᠣᠯᠠᠨ ᠭᠦᠢᠴᠡᠳᠬᠡᠵᠦ ᠂ ᠵᠠᠰᠠᠭ ᠠᠵᠤ ᠠᠬᠤᠶᠢᠯᠠᠯ ᠬᠦᠴᠦ ᠪᠠᠨ ᠬᠠᠮᠲᠤᠳᠬᠠᠨ ᠱᠠᠲᠤ | ᠬᠤᠪᠢᠶᠠᠬᠤ ᠂ ᠠᠯᠬᠤᠮ ᠬᠤᠪᠢᠶᠠᠨ ᠶᠠᠪᠤᠬᠤ ᠠᠷᠭ᠎ᠠ ᠬᠡᠯᠪᠡᠷᠢ ᠪᠠᠷ ᠲᠦᠷᠦᠯ ᠵᠦᠢᠯ ᠢ ᠪᠣᠳᠠᠲᠠᠢ ᠠᠬᠢᠴᠠ ᠲᠠᠢ ᠪᠣᠯᠭᠠᠬᠤ ᠶᠢ ᠠᠬᠢᠭᠤᠯᠬᠤ ᠶᠢ ᠬᠦᠰᠡᠪᠡ᠃ | | ᠵᠢᠷᠤᠭ ᠄ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠣᠷᠣᠯᠠᠭᠴᠢ ᠳᠠᠷᠤᠭ᠎ᠠ ᠵᠣᠣ ᠱᠤᠸᠠᠨ ᠵᠧᠦ ᠱᠠᠨ ᠤ | ᠪᠣᠬᠢᠷᠲᠤᠯ ᠦᠭᠡᠢ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ︵ ᠵᠧᠵᠢᠶᠠᠩ ᠤᠨ ᠴᠢᠯᠠᠭᠤᠨ ᠲᠣᠰᠣᠨ ᠤ ᠬᠢᠮᠢ ᠶᠢᠨ ᠠᠵᠤ | ᠦᠢᠯᠡᠳᠪᠦᠷᠢ ︶ ᠤᠨ ᠪᠦᠲᠦᠭᠡᠨ ᠪᠠᠶᠢᠭᠤᠯᠤᠯᠲᠠ ᠶᠢᠨ ᠡᠷᠬᠢᠯᠳᠡ ᠶᠢᠨ ᠪᠠᠶᠢᠳᠠᠯ ᠢ ᠳᠤᠭᠤᠷᠢᠨ ᠪᠠᠶᠢᠴᠠᠭᠠᠪᠠ ᠃ | ᠡᠨᠡ ᠬᠤᠭᠤᠴᠠᠭᠠᠨ ᠳᠤ ᠂ ᠵᠣᠣ ᠱᠤᠸᠠᠨ ᠨᠠᠷ ᠵᠧᠦ ᠱᠠᠨ ᠤ ᠪᠣᠬᠢᠷᠲᠤᠯ ᠦᠭᠡᠢ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ | ︵ ᠵᠧᠵᠢᠶᠠᠩ ᠤᠨ ᠴᠢᠯᠠᠭᠤᠨ ᠲᠣᠰᠣᠨ ᠤ ᠬᠢᠮᠢ ᠶᠢᠨ ᠠᠵᠤ ᠦᠢᠯᠡᠳᠪᠦᠷᠢ ︶ ᠲᠤ ᠬᠦᠷᠴᠦ ᠲᠣᠭᠤᠷᠢᠨ ᠪᠠᠶᠢᠴᠠᠭᠠᠵᠤ ᠂ ᠡᠭᠦᠨ ᠤ ᠬᠠᠮᠲᠤ ᠷᠦᠩ ᠱᠧᠩ ᠬᠤᠪᠢ | ᠡᠵᠡᠮᠳᠡᠯ ᠤᠨ ᠪᠦᠯᠦᠭᠯᠡᠯ ᠤᠨ ᠳᠡᠳ᠋ ᠶᠡᠷᠦᠩᠬᠡᠢ ᠵᠠᠬᠢᠷᠤᠯ ᠵᠧᠩ ᠭᠦᠸᠧ ᠳ᠋ᠦᠩ ᠲᠠᠢ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠂ ᠠᠵᠤ ᠦᠢᠯᠡᠰ ᠤᠨ | ᠪᠠᠶᠢᠷᠢᠰᠢᠯ ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠣᠯᠠᠨ ᠲᠠᠯ᠎ᠠ ᠶᠢᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠂ ᠬᠤᠶᠠᠷ ᠲᠠᠯ᠎ᠠ ᠪᠠᠷ ᠢᠶᠠᠨ ᠰᠠᠨᠠᠯ | ᠨᠢᠭᠡᠳᠴᠦ ᠂ ᠠᠵᠤ ᠠᠬᠤᠶᠢᠯᠠᠯ ᠤᠨ ᠬᠢᠨ ᠠᠯᠢ ᠲᠦᠷᠭᠡᠨ ᠢᠶᠠᠷ ᠲᠤᠰᠬᠠᠢ ᠮᠡᠷᠭᠡᠵᠢᠯ ᠤᠨ ᠪᠦᠯᠬᠦᠮ ᠢ ᠰᠣᠩᠭᠤᠨ ᠲᠣᠮᠢᠯᠠᠵᠤ ᠵᠡᠭᠦᠨᠭᠠᠷ ᠬᠤᠰᠢᠭᠤᠨ ᠳᠤ ᠰᠠᠭᠤᠯᠭᠠᠨ | ᠠᠵᠢᠯ ᠥᠷᠨᠢᠭᠦᠯᠵᠦ ᠂ ᠵᠡᠭᠦᠨᠭᠠᠷ ᠬᠤᠰᠢᠭᠤᠨ ᠤ ᠬᠢᠨ ᠳᠦᠯᠦᠪᠵᠢᠬᠦᠯᠭᠡ ᠳᠤ ᠣᠷᠣᠭᠤᠯᠬᠤ ᠪᠠ ᠬᠢᠨᠠᠨ ᠵᠥᠪᠰᠢᠶᠡᠷᠡᠬᠦ ᠵᠡᠷᠭᠡ ᠠᠵᠢᠯ ᠡᠬᠢᠯᠡᠬᠦ ᠠᠴᠠ ᠡᠮᠦᠨᠡᠬᠢ ᠠᠯᠢᠪᠠ | ᠪᠡᠯᠡᠳᠬᠡᠯ ᠠᠵᠢᠯ ᠢ ᠪᠥᠬᠦ ᠲᠠᠯ᠎ᠠ ᠪᠠᠷ ᠡᠬᠢᠯᠡᠭᠦᠯᠬᠦ ᠶᠢᠨ ᠬᠠᠮᠲᠤ ᠰᠠᠶᠢᠲᠤᠷ ᠬᠢᠵᠦ ᠂ ᠲᠥᠷᠥᠯ ᠵᠦᠢᠯ ᠤᠨ ᠨᠠᠶᠢᠳᠠᠪᠤᠷᠢᠵᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ | ᠭᠡᠵᠡᠢ ᠃ | ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ | ᠴᠢᠶᠣᠤ ᠠᠢ ᠫᠢᠩ ᠂ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ ᠂ ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠳ᠋ᠦ᠋ ᠶᠠᠨ ᠪᠢᠨ | ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | | | |