| 2024 ᠣᠨ ᠳᠤ ᠪᠥᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠢᠨ ᠢᠳᠡᠪᠬᠢᠲᠡᠶ ᠪᠠᠷ ᠪᠦᠲᠦᠮᠵᠢᠲᠡᠶ ᠠᠷᠭ᠎ᠠ ᠬᠡᠮᠵᠢᠶ᠎ᠡ | ᠠᠪᠴᠤ ᠂ ᠡᠳ᠋ ᠤᠨ ᠵᠠᠰᠠᠭ ᠤᠨ ᠣᠷᠣᠯᠭ᠎ᠠ ᠶᠢ ᠪᠥᠬᠦ ᠬᠦᠴᠦᠨ ᠢᠶᠠᠷ ᠢᠶᠠᠨ ᠵᠣᠬᠢᠶᠠᠨ ᠪᠠᠶᠢᠭᠤᠯᠵᠤ ᠂ ᠪᠥᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ | ᠣᠷᠣᠯᠭ᠎ᠠ ᠳᠤ ᠳᠠᠬᠢᠨᠲᠠ ᠰᠢᠨ᠎ᠡ ᠲᠡᠮᠳᠡᠭᠯᠡᠯ ᠢ ᠡᠭᠦᠳᠴᠦ ᠂ 3150.3 ᠳ᠋ᠦᠩᠰᠢᠭᠤᠷ ᠲᠥᠭᠦᠷᠢᠭ ᠢ ᠪᠡᠶᠡᠯᠡᠭᠦᠯᠵᠦ ᠂ ᠵᠢᠯ ᠤᠨ ᠡᠬᠢᠨ ᠤ 3100 ᠳ᠋ᠦᠩᠰᠢᠭᠤᠷ | ᠲᠥᠭᠦᠷᠢᠭ ᠤᠨ ᠲᠥᠰᠦᠪ ᠢᠶᠠᠨ 101.6% ᠪᠠᠷ ᠪᠡᠶᠡᠯᠡᠭᠦᠯᠵᠦ ᠂ ᠣᠨ ᠤ ᠲᠥᠰᠦᠪ ᠤᠨ ᠬᠠᠷᠠᠯᠲᠠ ᠪᠠᠨ ᠲᠡᠭᠦᠰ ᠠᠮᠵᠢᠯᠲᠠ ᠲᠠᠢ ᠪᠡᠶᠡᠯᠡᠭᠦᠯᠪᠡ ᠂ ᠨᠢᠭᠡ ᠯᠡ | ᠤᠳᠠᠭ᠎ᠠ ᠶᠢᠨ ᠴᠢᠨᠠᠷᠲᠠᠶ ᠣᠨᠴᠠᠭᠠᠶ ᠬᠦᠴᠦᠨ ᠵᠦᠢᠯ ᠤᠨ ᠨᠥᠯᠥᠭᠡ ᠶᠢ ᠭᠠᠷᠭᠠᠪᠠᠯ ᠂ ᠠᠳᠠᠯᠢᠳᠬᠠᠬᠤᠢ ᠨᠡᠮᠡᠭᠳᠡᠯ ᠨᠢ 7.2% ᠲᠤ ᠬᠦᠷᠴᠦ ᠂ ᠠᠳᠠᠯᠢ | ᠬᠤᠭᠤᠴᠠᠭᠠᠨ ᠤ ᠬᠢ ᠠᠴᠠ 2.2% ᠢᠶᠠᠷ ᠨᠡᠮᠡᠭᠳᠡᠵᠦ ᠂ 3 ᠵᠢᠯ ᠳᠠᠷᠠᠭᠠᠯᠠᠨ ᠥᠨᠳᠥᠷ ᠨᠡᠮᠡᠭᠳᠡᠯ ᠲᠠᠢ ᠥᠨᠳᠥᠷ ᠰᠠᠭᠤᠷᠢ ᠲᠤᠭ᠎ᠠ ᠶᠢ ᠪᠦᠷᠢᠯᠳᠦᠭᠦᠯᠦᠭᠰᠡᠨ ᠪᠦᠭᠡᠳ | 2024 ᠣᠨ ᠤ ᠲᠦᠷᠦᠭᠦᠤ 10 ᠰᠠᠷ᠎ᠠ ᠶᠢᠨ ᠨᠡᠶᠢᠲᠡ ᠣᠷᠣᠯᠭ᠎ᠠ ᠠᠳᠠᠯᠢ ᠬᠤᠭᠤᠴᠠᠭᠠᠨ ᠤ ᠬᠢ ᠠᠴᠠ ᠪᠠᠭᠤᠷᠠᠭᠰᠠᠨ ᠪᠠᠶᠢᠳᠠᠯ ᠳᠣᠣᠷ᠎ᠠ ᠂ ᠪᠦᠬᠦ ᠵᠢᠯ ᠤᠨ | ᠣᠷᠤᠯᠭ᠎ᠠ ᠪᠠᠨ ᠠᠳᠠᠯᠢ ᠬᠤᠭᠤᠴᠠᠭᠠᠨ ᠤ ᠬᠢ ᠠᠴᠠ ᠡᠶᠡᠷᠭᠦ ᠨᠡᠮᠡᠭᠳᠡᠯ ᠲᠠᠢ ᠪᠣᠯᠬᠤ ᠶᠢ ᠪᠡᠶᠡᠯᠡᠭᠦᠯᠪᠡ ᠃ ᠴᠢᠬᠤᠯᠠ ᠶᠡᠭᠡ ᠵᠠᠷᠤᠯᠭ᠎ᠠ ᠶᠢ ᠬᠦᠴᠦᠲᠡᠢ ᠪᠠᠲᠤᠯᠠᠵᠤ ᠂ ᠪᠥᠬᠦ | ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ 6928 ᠳ᠋ᠦᠩᠰᠢᠭᠤᠷ ᠲᠥᠭᠦᠷᠢᠭ ᠲᠤ ᠬᠦᠷᠴᠦ ᠂ ᠵᠢᠯ ᠤᠨ ᠡᠬᠢᠨ ᠳᠤ ᠵᠢᠱᠢᠭᠰᠡᠨ ᠲᠤᠭ᠎ᠠ | 6900 ᠳ᠋ᠦᠩᠰᠢᠭᠤᠷ ᠲᠥᠭᠦᠷᠢᠭ ᠢᠶᠠᠨ 100.4% ᠪᠠᠷ ᠪᠡᠶᠡᠯᠡᠭᠦᠯᠵᠦ ᠂ ᠠᠳᠠᠯᠢ ᠬᠤᠭᠤᠴᠠᠭᠠᠨ ᠤ ᠬᠢ ᠠᠴᠠ 91.8 ᠳ᠋ᠦᠩᠰᠢᠭᠤᠷ ᠲᠥᠭᠦᠷᠢᠭ ᠨᠡᠮᠡᠭᠳᠡᠭᠦᠯᠵᠦ ᠂ | 1.3% ᠪᠠᠷ ᠨᠡᠮᠡᠭᠳᠡᠪᠡ ᠃ ᠪᠥᠬᠦ ᠣᠷᠣᠨ ᠳᠤ ︽ ᠲᠠᠪᠤᠨ ᠶᠡᠭᠡ ᠡᠭᠦᠷᠭᠡ ︾ ᠶᠢᠨ ᠪᠡᠯᠡ ᠮᠥᠩᠭᠦ ᠶᠢᠨ ᠵᠠᠷᠤᠯᠭ᠎ᠠ ᠶᠢ 2380.8 ᠳ᠋ᠦᠩᠰᠢᠭᠤᠷ ᠲᠥᠭᠦᠷᠢᠭ | ᠨᠢᠭᠡᠳᠦᠯᠲᠡᠢ ᠲᠥᠯᠥᠪᠯᠡᠨ ᠪᠠᠲᠤᠯᠠᠭᠠᠳ ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 34.4% ᠶᠢ ᠡᠵᠡᠯᠡᠪᠡ ᠃ ︵ ᠡᠳ᠋ ᠤᠨ ᠵᠠᠰᠠᠭ ᠤᠨ | ᠲᠢᠩᠬᠢᠮ ︶ | |