| ︽ ᠤᠳᠠᠯ ᠦᠭᠡᠢ ᠴᠠᠭᠠᠨ ᠰᠠᠷ᠎ᠠ ᠬᠦᠷᠴᠤ ᠢᠷᠡᠬᠦ ᠪᠤᠯᠤᠯ᠎ᠠ ᠂ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠢᠶᠠᠷ ᠴᠠᠭᠠᠨ ᠰᠠᠷ᠎ᠠ ᠶᠢᠨ ᠪᠠᠷᠠᠭ᠎ᠠ | ᠬᠤᠳᠠᠯᠳᠤᠨ ᠠᠪᠴᠤ ᠂ ᠭᠡᠷᠡᠭᠯᠡᠭᠡᠨ ᠤ ᠳᠡᠮᠳᠡᠭᠳᠤ ᠪᠠᠷ 1000 ᠳᠦᠬᠦᠷᠢᠭ ᠤᠨ ᠶᠠᠭᠤᠮ᠎ᠠ ᠬᠡᠤᠮ᠎ᠠ ᠬᠤᠳᠠᠯᠳᠤᠨ ᠠᠪᠤᠭᠠᠳ ᠵᠦᠪᠭᠡᠨ 700 ᠳᠦᠬᠦᠷᠢᠭ ᠵᠠᠷᠤᠯ᠎ᠠ ᠂ | ᠨᠡᠭᠡᠷᠡᠨ ᠠᠰᠢᠭ ᠲᠠᠢ ᠪᠠᠶᠢᠨ᠎ᠠ ᠃ ᠴᠠᠭᠠᠨ ᠰᠠᠷ᠎ᠠ ᠠᠴᠠ ᠡᠮᠦᠨ᠎ᠡ ᠵᠠᠰᠠᠭ ᠤᠨ ᠣᠷᠳᠣᠨ ᠠᠴᠠ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠶᠢ ᠴᠠᠭ | ᠲᠤᠬᠠᠢ ᠳᠤᠨᠢ ᠲᠠᠷᠬᠠᠭᠠᠵᠤ ᠂ ᠴᠥᠮ ᠵᠡᠭᠦᠨᠭᠠᠷ ᠬᠤᠰᠢᠭᠤᠨ ᠤ ᠡᠯ᠎ᠡ ᠵᠦᠢᠯ ᠤᠨ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠴᠤ ᠂ ᠭᠠᠳᠠᠷ ᠣᠷᠣᠨ ᠤ | ᠲᠥᠷᠥᠯ ᠰᠠᠳᠤᠨ ᠨᠠᠶᠢᠵᠠ ᠨᠥᠬᠦᠳ ᠲᠡᠭᠡᠨ ᠬᠦᠷᠭᠡᠬᠦ ᠪᠠᠷ ᠪᠡᠯᠡᠳᠬᠡᠵᠦ ᠪᠠᠶᠢᠨ᠎ᠠ ︾ ᠃ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤᠨ ᠤ ᠵᠢᠢ ᠰᠢᠶᠠᠩ ᠡᠯᠧᠺᠲᠷᠣᠨ | ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠬᠡᠲᠦ ᠳᠡᠯᠭᠡᠭᠦᠷ ᠤᠨ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠳᠡᠭᠡᠷ᠎ᠠ ᠂ ᠰᠠᠭᠤᠭᠠᠯᠢ ᠠᠷᠠᠳ ᠶᠠᠩ | ᠵᠢᠶᠠ ᠭᠠᠨᠵᠤᠭ᠎ᠠ ᠳᠦᠬᠦᠷᠡᠩ ᠮᠠᠶᠢᠮᠠᠶᠢᠯᠠᠬᠰᠠᠨ ᠪᠠᠶᠢᠨ᠎ᠠ ᠂ ᠳᠡᠷᠡ ᠪᠠᠶᠠᠰᠤᠯᠳᠤ ᠬᠤᠳᠠᠯᠳᠤᠭ᠎ᠠ ᠵᠡᠬᠦᠠᠭᠠᠷ ᠤᠨ ᠭᠡᠷᠡᠭᠯᠡᠭᠡᠨ ᠤ ᠲᠡᠮᠳᠡᠭᠲᠦ ᠶᠢ ᠭᠡᠷᠡᠭᠯᠡᠵᠤ ᠂ ᠡᠨᠡ ᠤᠯᠠᠨ | ᠪᠠᠷᠠᠭ᠎ᠠ ᠲᠠᠸᠠᠷ ᠢ ᠬᠤᠳᠠᠯᠳᠤᠨ ᠠᠪᠬᠤ ᠳᠤ ᠰᠢᠭᠤᠳ 300 ᠲᠥᠭᠦᠷᠢᠭ ᠬᠠᠰᠤᠵᠤ ᠬᠡᠯᠲᠦᠷᠢᠭᠦᠯᠪᠡ ᠂ ᠦᠨᠡᠨ ᠪᠣᠳᠠᠲᠠᠢ ︽ ᠠᠰᠢᠭ ︾ ᠨᠢ ᠲᠡᠭᠦᠨ ᠳᠤ ᠵᠠᠰᠠᠭ ᠤᠨ | ᠣᠷᠳᠣᠨ ᠤ ᠦᠨᠡᠨᠴᠢ ᠰᠡᠳᠬᠢᠯ ᠢ ᠮᠡᠳᠡᠷᠡᠭᠦᠯᠪᠡ ᠃ | | ᠵᠢᠷᠤᠭ ᠄ ᠱᠠᠬᠳᠠᠷ ᠪᠠᠯᠭᠠᠰᠤᠨ ᠤ ᠵᠢᠢ ᠰᠢᠶᠠᠩ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠳᠡᠭᠡᠷ᠎ᠡ ᠂ ᠡᠯ᠎ᠡ ᠵᠦᠢᠯ ᠤᠨ ᠨᠤᠲᠤᠭ ᠤᠨ | ᠲᠠᠷᠢᠶᠠᠯᠠᠩ ᠤᠨ ᠣᠨᠴᠠ ᠭᠠᠷᠤᠯᠲᠠ ᠡᠯᠪᠡᠭ ᠳᠡᠯᠪᠡᠭ ᠬᠠᠷᠠᠬᠳᠠᠵᠤ ᠪᠠᠶᠢᠯ᠎ᠠ ᠃ ᠸᠠᠩ ᠯᠢ ᠮᠠᠨ ᠰᠡᠭᠦᠳᠡᠷᠯᠡᠪᠡ | | ᠴᠠᠭᠠᠨ ᠰᠠᠷ᠎ᠠ ᠣᠶᠢᠷᠠᠳᠬᠤ ᠶᠢ ᠳᠠᠭᠠᠯᠳᠤᠨ ᠂ ᠡᠯ᠎ᠡ ᠭᠠᠵᠠᠷ ᠤᠨ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠵᠠᠬ᠎ᠠ ᠳᠡᠯᠭᠡᠭᠦᠷ ᠡᠳᠦᠷ ᠢᠷᠡᠬᠦᠶ᠎ᠡ | ᠬᠥᠭᠵᠢᠶᠡᠨ ᠲᠠᠢ ᠪᠣᠯᠪᠠ ᠃ ᠵᠡᠭᠦᠨᠭᠠᠷ ᠬᠤᠰᠢᠭᠤᠨ ᠤ ᠱᠠᠬᠳᠠᠷ ᠪᠠᠯᠭᠠᠰᠤᠨ ᠤ ᠵᠢᠢ ᠰᠢᠶᠠᠩ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠴᠤ ᠪᠣᠯᠵᠤᠭ᠎ᠠ | ᠶᠣᠰᠣᠭᠠᠷ ᠬᠦᠷᠴᠦ ᠢᠷᠡᠯ᠎ᠠ ᠂ ᠬᠥᠮᠥᠰ ᠪᠠᠷᠠᠭ᠎ᠠ ᠬᠤᠳᠠᠯᠳᠤᠨ ᠠᠪᠬᠤ ᠲᠡᠷᠭᠡ ᠪᠠᠨ ᠲᠦᠯᠬᠢᠵᠦ ᠡᠯᠪᠡᠭ ᠳᠡᠯᠪᠡᠭ ᠪᠠᠷᠠᠭᠠᠨ ᠤ ᠳᠤᠮᠳᠠᠭᠤᠷ ᠨᠠᠭᠠᠰᠢ ᠴᠠᠭᠠᠰᠢ | ᠰᠦᠯᠵᠢᠯᠳᠦᠨᠠ ᠃ ᠬᠦᠢᠯᠡᠰᠦᠨ ᠴᠥᠮ᠎ᠡ ᠶᠢᠨ ᠤᠮᠳᠠᠭᠠᠨ ᠂ ᠴᠢᠴᠠᠷᠭᠠᠨ᠎ᠠ ᠶᠢᠨ ᠤᠮᠳᠠᠭᠠᠨ ᠂ ᠬᠠᠢ ᠬᠤᠩ ᠵᠢᠮᠢᠰ ᠤᠨ ᠠᠷᠢᠬᠢ ᠂ ᠡᠯᠳᠡᠪ ᠠᠮᠤ ᠵᠢᠴᠢ ᠡᠯ᠎ᠡ | ᠵᠦᠢᠯ ᠤᠨ ᠰᠢᠨ᠎ᠡ ᠰᠣᠷᠭᠤᠭ ᠵᠢᠮᠢᠰ ᠢᠳᠡᠰᠢᠨ ᠨᠣᠭᠤᠭ᠎ᠠ ᠂ ᠮᠢᠬᠠᠨ ᠢᠳᠡᠭᠡᠨ ᠤ ᠪᠦᠲᠦᠭᠡᠭᠳᠡᠬᠦᠨ᠂ ᠮᠢᠩᠭ᠎ᠠ ᠭᠠᠷᠤᠢ ᠲᠦᠷᠦᠯ ᠤᠨ ᠨᠤᠲᠤᠭ ᠤᠨ ᠲᠠᠷᠢᠶᠠᠯᠠᠩ ᠤᠨ | ᠲᠤᠰᠠᠯᠠᠬᠤ ᠪᠦᠲᠦᠭᠡᠭᠳᠡᠬᠦᠨ ᠢ ᠲᠥᠪᠯᠡᠷᠡᠭᠦᠯᠦᠨ ᠬᠤᠳᠠᠯᠳᠤᠵᠤ ᠂ ᠡᠭᠦᠨ ᠤ ᠳᠡᠭᠡᠷ᠎ᠡ ᠵᠠᠰᠠᠭ ᠤᠨ ᠣᠷᠳᠣᠨ ᠤ 500 ᠲᠦᠮᠡᠨ ᠲᠥᠭᠦᠷᠢᠭ ᠤᠨ ᠲᠠᠷᠢᠶᠠᠯᠠᠩ ᠤᠨ | ᠲᠤᠰᠠᠯᠠᠬᠤ ᠪᠦᠲᠦᠭᠡᠭᠳᠡᠬᠦᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠨᠢ ᠶᠡᠭᠡ ᠬᠡᠮᠵᠢᠶᠡᠨ ᠤ ᠰᠠᠭᠤᠭᠠᠯᠢ ᠠᠷᠠᠳ ᠤᠨ ᠠᠩᠬᠠᠷᠤᠯ ᠢ ᠲᠠᠲᠠᠵᠤ | ᠬᠤᠳᠠᠯᠳᠤᠨ ᠠᠪᠤᠭᠤᠯᠤᠨ᠎ᠠ ᠃ | ︽ ᠪᠠᠶᠠᠰᠤᠯᠳᠤ ᠬᠤᠳᠠᠯᠳᠤᠭ᠎ᠠ ᠵᠡᠭᠦᠨᠭᠠᠷ ᠤᠨ ᠳᠠᠷᠢᠶᠠᠯᠠᠩ ᠢ ᠲᠤᠰᠠᠯᠠᠬᠤ ᠬᠡᠷᠡᠭᠯᠡᠭᠡᠨ ᠤ ᠠᠵᠢᠯᠯᠠᠭ᠎ᠠ ᠳᠤ ᠲᠦᠰᠢᠭᠯᠡᠨ᠂ ᠪᠢᠳᠡ ᠵᠢᠢ ᠰᠢᠶᠠᠩ ᠴᠠᠭᠠᠨ ᠰᠠᠷ᠎ᠠ ᠶᠢᠨ | ᠪᠠᠷᠠᠭ᠎ᠠ ᠬᠤᠳᠠᠯᠳᠤᠨ ᠠᠪᠬᠤ ᠪᠠᠶᠠᠷ ᠢ ᠪᠡᠯᠡᠳᠬᠡᠵᠦ ᠂ ᠵᠡᠭᠦᠨᠭᠠᠷ ᠬᠤᠰᠢᠭᠤᠨ ᠤ 40 ᠭᠠᠷᠤᠢ ᠠᠵᠤ ᠠᠬᠤᠶᠢᠯᠠᠯ᠂ ᠳᠤᠰᠬᠠᠢ ᠬᠤᠷᠰᠢᠶᠠᠵᠢᠯ ᠠᠴᠠ ᠪᠡᠯᠡᠳᠭᠡᠭᠰᠡᠨ | ᠮᠢᠩᠭ᠎ᠠ ᠭᠠᠷᠤᠢ ᠲᠦᠷᠦᠯ ᠤᠨ ᠲᠠᠷᠢᠶᠠᠯᠠᠩ ᠤᠨ ᠣᠨᠴᠠ ᠭᠠᠷᠤᠯᠲᠠ ᠶᠢ ᠬᠤᠷᠠᠮᠳᠤᠭᠤᠯᠵᠤ ᠂ ᠨᠢᠭᠡ ᠲᠠᠯ᠎ᠠ ᠪᠠᠷ ᠬᠡᠷᠡᠭᠯᠡᠭᠡ ᠶᠢ ᠲᠠᠶᠢᠴᠢᠯᠠᠨ ᠂ ᠠᠷᠠᠳ ᠤᠨ | ᠠᠮᠢᠳᠤᠷᠠᠯ ᠳᠤ ᠠᠰᠢᠭ ᠬᠦᠷᠲᠡᠭᠡᠵᠦ ᠂ ᠨᠦᠬᠦᠭᠡ ᠲᠠᠯ᠎ᠠ ᠪᠠᠷ ᠪᠠᠰᠠ ᠮᠠᠨ ᠤ ᠲᠤᠰ ᠭᠠᠵᠠᠷ ᠣᠷᠣᠨ ᠤ ᠠᠵᠤ ᠠᠬᠤᠶᠢᠯᠠᠯ ᠤᠨ ᠬᠥᠭᠵᠢᠯᠲᠡ ᠶᠢ ᠲᠠᠶᠢᠴᠢᠯᠠᠬᠤ ᠪᠤᠯᠤᠨ᠎ᠠ ︾ | ᠭᠡᠵᠦ ᠱᠠᠬᠳᠠᠷ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤ ᠠᠵᠤ ᠠᠬᠤᠢ ᠪᠠ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠠᠯᠪᠠᠨ ᠭᠡᠷ ᠤᠨ ᠡᠷᠬᠢᠯᠡᠭᠴᠢ | ᠶᠠᠩ ᠸᠧᠢ ᠰᠢᠶᠦ᠋ᠩ ᠶᠠᠷᠢᠨ᠎ᠠ ᠃ | | ᠵᠢᠷᠤᠭ ᠄ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠨᠢ ᠰᠠᠭᠤᠭᠠᠯᠢ ᠠᠷᠠᠳ ᠢ ᠳᠠᠳᠠᠵᠤ ᠲᠤᠰ ᠭᠠᠵᠠᠷ ᠣᠷᠣᠨ ᠤ ᠲᠠᠷᠢᠶᠠᠯᠠᠩ ᠤᠨ ᠣᠨᠴᠠ | ᠭᠠᠷᠤᠯᠲᠠ ᠶᠢ ᠬᠤᠳᠠᠯᠳᠤᠨ ᠠᠪᠤᠭᠤᠯᠵᠠᠢ ᠃ ᠸᠠᠩ ᠯᠢ ᠮᠠᠨ ᠰᠡᠭᠦᠳᠡᠷᠯᠡᠪᠡ | | ᠬᠡᠷᠡᠭᠯᠡᠭᠡ ᠪᠣᠯ ᠠᠵᠤ ᠠᠬᠤᠢ ᠶᠢᠨ ᠲᠣᠭᠲᠠᠭᠤᠨ ᠡᠷᠬᠢᠯᠳᠡ ᠶᠢᠨ ᠰᠠᠭᠤᠷᠢ ᠮᠥᠨ ᠃ ᠬᠡᠷᠡᠭᠯᠡᠭᠡ ᠳᠤ ᠤᠯᠠᠮ ᠨᠢᠭᠡ ᠠᠯᠬᠤᠮ ᠰᠡᠳᠡᠯᠲᠡ ᠥᠭᠴᠦ ᠂ ᠲᠣᠰ ᠭᠠᠵᠠᠷ | ᠣᠷᠣᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢ ᠳᠠᠶᠢᠴᠢᠯᠠᠬᠤ ᠶᠢᠨ ᠲᠥᠯᠥᠭᠡ ᠂ ᠴᠠᠭᠠᠨ ᠰᠠᠷ᠎ᠠ ᠠᠴᠠ ᠡᠮᠦᠨᠡᠬᠡᠨ ᠂ ᠵᠡᠭᠦᠨᠭᠠᠷ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠠᠴᠠ ᠵᠠᠯᠭᠠᠭ᠎ᠠ ᠪᠠᠷ 500 ᠲᠦᠮᠡᠨ ᠲᠥᠭᠦᠷᠢᠭ ᠤᠨ | ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠵᠤ ᠂ ᠲᠡᠮᠳᠡᠭᠲᠦ ᠣᠯᠣᠭᠰᠠᠨ ᠰᠠᠭᠤᠭᠠᠯᠢ | ᠠᠷᠠᠳ ᠲᠣᠭᠲᠠᠭᠰᠠᠨ ᠬᠡᠲᠦ ᠳᠡᠯᠭᠡᠭᠦᠷ ᠠᠴᠠ ᠲᠣᠰ ᠭᠠᠵᠠᠷ ᠣᠷᠣᠨ ᠤ ᠲᠠᠷᠢᠶᠠᠯᠠᠩ ᠤᠨ ᠣᠨᠴᠠ ᠭᠠᠷᠤᠯᠲᠠ ᠶᠢ ᠬᠤᠳᠠᠯᠳᠤᠨ ᠠᠪᠬᠤ ᠳᠤ 50 ᠠᠴᠠ 15 ᠶᠢ ᠨᠢ | ᠬᠠᠰᠤᠨ 500 ᠠᠴᠠ 140 ᠲᠥᠭᠦᠷᠢᠭ ᠬᠠᠰᠤᠬᠤ ᠵᠡᠷᠭᠡ ᠠᠳᠠᠯᠢ ᠪᠤᠰᠤ ᠬᠡᠮᠵᠢᠶᠡᠨ ᠤ ᠬᠠᠷᠠᠭᠠᠯᠵᠠᠯ ᠭᠥᠷᠳᠡᠵᠦ ᠪᠣᠯᠣᠨ᠎ᠠ ᠃ ᠲᠣᠰ ᠤᠳᠠᠭᠠᠨ ᠤ ᠬᠡᠷᠡᠭᠯᠡᠭᠡᠨ ᠤ | ᠲᠡᠮᠳᠡᠭᠲᠦ ᠶᠢᠨ ᠠᠵᠢᠯᠯᠠᠭ᠎ᠠ ᠳᠤ ᠣᠷᠣᠯᠴᠠᠭᠰᠠᠨ ᠱᠠᠬᠳᠠᠷ ᠪᠠᠯᠭᠠᠰᠤᠨ ᠤ ᠵᠢᠢ ᠰᠢᠶᠠᠩ ᠲᠠᠷᠢᠶᠠᠯᠠᠩ ᠮᠠᠯ ᠠᠵᠤ ᠠᠬᠤᠢ ᠶᠢᠨ ᠨᠡᠭᠡᠭᠡᠨ ᠬᠥᠭᠵᠢᠭᠦᠯᠬᠦ ᠬᠢᠵᠠᠭᠠᠷᠲᠤ | ᠬᠠᠷᠢᠭᠤᠴᠠᠯᠭᠠᠲᠤ ᠺᠣᠮᠫᠠᠨᠢ ᠪᠣᠯ ᠲᠣᠰ ᠭᠠᠵᠠᠷ ᠣᠷᠣᠨ ᠤ ᠪᠠᠨ ᠣᠨᠴᠠᠯᠢᠭᠲᠤ ᠲᠠᠷᠢᠶᠠᠯᠠᠩ ᠤᠨ ᠲᠤᠰᠠᠯᠠᠬᠤ ᠪᠦᠲᠦᠭᠡᠭᠳᠡᠬᠦᠨ ᠢ ᠡᠵᠡᠩᠨᠡᠨ ᠪᠣᠶᠢᠵᠢᠭᠤᠯᠵᠤ ᠪᠠᠶᠢᠭ᠎ᠠ | ᠪᠠᠯᠭᠠᠰᠤᠨ ᠤ ᠬᠠᠷᠢᠶ᠎ᠠ ᠠᠵᠤ ᠠᠬᠤᠶᠢᠯᠠᠯ ᠪᠣᠯᠣᠨ᠎ᠠ ᠃ 2021 ᠣᠨ ᠳᠤ ᠪᠠᠶᠢᠭᠤᠯᠤᠭᠳᠠᠭᠰᠠᠨ ᠠᠴᠠ ᠨᠠᠭᠠᠰᠢ ᠂ ᠺᠣᠮᠫᠠᠨᠢ ᠨᠢ ︽ ᠠᠵᠤ ᠠᠬᠤᠶᠢᠯᠠᠯ + ᠨᠠᠮ ᠤᠨ | ᠡᠭᠦᠷ + ᠳᠤᠰᠬᠠᠢ ᠬᠤᠷᠰᠢᠶᠠᠵᠢᠯ + ᠲᠠᠷᠢᠶᠠᠴᠢᠨ ᠡᠷᠦᠬᠡ ︾ ᠶᠢᠨ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢᠶᠠᠷ ᠂ ᠵᠢᠢ ᠰᠢᠶᠠᠩ ᠥᠨᠳᠦᠷᠯᠢᠭ ᠤᠨ ᠡᠯᠳᠡᠪ | ᠠᠮᠤ ᠂ ᠱᠠᠭᠳᠠᠷ ᠤᠨ ︽ ᠭᠠᠭ᠋ᠠᠢ ︾ ᠂ ︽ ᠦᠬᠡᠷ ︾᠂ ︽ ᠬᠤᠨᠢ ︾ ᠶᠢᠨ ᠮᠢᠬ᠎ᠠ ᠵᠡᠷᠭᠡ ᠣᠨᠴᠠᠯᠢᠭᠲᠤ ᠳᠦᠷᠤᠯ ᠲᠡᠮᠳᠡᠭᠲᠦ ᠶᠢ ᠡᠭᠦᠳᠴᠦ ᠂ 6 ᠲᠣᠰᠬᠤᠨ ᠤ | ᠬᠠᠮᠲᠤ ᠶᠢᠨ ᠠᠵᠤ ᠠᠬᠤᠢ ᠶᠢᠨ ᠡᠵᠡᠩᠨᠡᠯᠲᠡ ᠶᠢᠨ ᠴᠢᠨᠠᠷᠲᠠᠢ ᠣᠷᠣᠯᠭ᠎ᠠ ᠶᠢ 700 ᠲᠦᠮᠡᠨ ᠲᠥᠭᠦᠷᠢᠭ ᠲᠤ ᠬᠦᠷᠭᠡᠵᠦ ᠂ ᠤᠶᠢᠷ᠎ᠠ ᠬᠠᠪᠢ ᠶᠢᠨ 1600 ᠭᠠᠷᠤᠢ | ᠲᠠᠷᠢᠶᠠᠴᠢᠨ ᠡᠷᠦᠬᠡ ᠶᠢ ᠠᠰᠢᠭ ᠲᠤᠰᠠ ᠪᠠᠷ ᠬᠤᠯᠪᠣᠯᠳᠤᠭᠤᠯᠵᠠᠢ ᠃ ᠲᠣᠰ ᠤᠳᠠᠭᠠᠨ ᠤ ᠵᠡᠭᠦᠨᠭᠠᠷ ᠬᠤᠰᠢᠭᠤᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ | ᠲᠡᠮᠳᠡᠭᠲᠦ ᠲᠠᠷᠬᠠᠭᠠᠬᠤ ᠠᠵᠢᠯᠯᠠᠭ᠎ᠠ ᠶᠢ ᠠᠰᠢᠭᠯᠠᠨ ᠂ ᠺᠣᠮᠫᠠᠨᠢ ᠨᠢ ᠵᠡᠭᠦᠨᠭᠠᠷ ᠬᠤᠰᠢᠭᠤᠨ ᠤ ᠣᠯᠠᠨ ᠲᠠᠷᠢᠶᠠᠯᠠᠩ ᠮᠠᠯ ᠠᠵᠤ ᠠᠬᠤᠢ ᠶᠢᠨ ᠠᠵᠤ ᠠᠬᠤᠶᠢᠯᠠᠯ ᠂ | ᠳᠤᠰᠬᠠᠢ ᠬᠤᠷᠰᠢᠶᠠᠵᠢᠯ ᠲᠠᠢ ᠬᠤᠯᠪᠤᠭᠠᠯᠠᠨ ᠂ ᠵᠢᠢ ᠰᠢᠶᠠᠩ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠬᠡᠲᠦ ᠳᠡᠯᠭᠡᠭᠦᠷ ᠢᠶᠠᠷ ᠲᠠᠪᠴᠠᠩ | ᠪᠣᠯᠭᠠᠵᠤ ᠂ ᠣᠨᠴᠠᠯᠢᠭᠲᠤ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠢ ᠨᠡᠭᠡᠭᠡᠨ ᠡᠷᠭᠢᠯᠡᠵᠦ ᠂ ᠲᠠᠷᠢᠶᠠᠴᠢᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢ ᠤᠯᠠᠮ ᠨᠢᠭᠡ ᠠᠯᠬᠤᠮ ᠬᠦᠨᠵᠡᠭᠡᠶᠢᠷᠡᠬᠦᠯᠪᠡ ᠃ ︽ ᠪᠢᠳᠡ ᠴᠠᠭᠠᠨ ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠲᠤ ᠭᠦᠢᠯᠡᠰᠦᠨ ᠴᠥᠮ᠎ᠡ ᠶᠢᠨ | ᠤᠮᠳᠠᠭᠠᠨ ᠤ ᠰᠢᠷᠢᠰ ᠦᠢᠯᠡᠳᠬᠦᠨ ᠢ ᠶᠡᠭᠡ ᠬᠡᠮᠵᠢᠶ᠎ᠡ ᠪᠠᠷ ᠣᠷᠣᠭᠤᠯᠵᠤ ᠂ ᠦᠨᠳᠦᠰᠦᠨ ᠳᠡᠭᠡᠨ ᠡᠳᠦᠷ ᠪᠦᠷᠢ ᠬᠡᠳᠦᠢ ᠣᠷᠣᠭᠤᠯᠪᠠᠯ ᠲᠡᠳᠦᠢ ᠬᠤᠳᠠᠯᠳᠤᠵᠤ ᠂ ᠵᠠᠷᠢᠮ | ᠦᠶ᠎ᠡ ᠳᠤ ᠴᠢᠨᠠᠭᠰᠢᠯᠠᠭᠠᠳ ᠪᠠᠷᠠᠭ᠎ᠠ ᠨᠥᠬᠦᠵᠦ ᠠᠮᠵᠢᠬᠤ ᠦᠭᠡᠢ ᠪᠠᠶᠢᠨ᠎ᠠ ᠂ ᠬᠡᠷᠡᠭᠯᠡᠭᠡᠨ ᠤ ᠲᠡᠮᠳᠡᠭᠲᠦ ᠶᠢᠨ ᠳᠤᠰᠠᠯᠠᠮᠵᠢ ᠪᠠᠷ ᠂ ᠰᠠᠭᠤᠭᠠᠯᠢ ᠠᠷᠠᠳ ᠤᠨ | ᠬᠤᠳᠠᠯᠳᠤᠨ ᠠᠪᠬᠤ ᠬᠠᠯᠠᠭᠤᠨ ᠰᠡᠳᠬᠢᠯᠭᠡ ᠤᠷᠢᠳ ᠭᠠᠷᠤᠭ᠎ᠠ ᠦᠭᠡᠢ ᠦᠨᠳᠤᠷ ᠪᠤᠯᠵᠤ ᠂ ᠪᠢᠳᠡ ᠴᠦ ᠴᠠᠭᠠᠨ ᠰᠠᠷ᠎ᠠ ᠠᠴᠠ ᠡᠮᠦᠨ᠎ᠡ ᠪᠣᠷᠤᠯᠠᠭᠤᠯᠭ᠎ᠠ ᠶᠢᠨ | ᠬᠡᠮᠵᠢᠶ᠎ᠡ ᠪᠠᠨ ᠳᠡᠭᠡᠭᠰᠢᠯᠡᠭᠦᠯᠵᠦ ᠴᠢᠳᠠᠬᠤ ᠪᠣᠯᠣᠨ᠎ᠠ ︾ ᠭᠡᠵᠦ ᠥᠪᠥᠷ ᠮᠣᠩᠭᠤᠯ ᠤᠨ ᠭᠤᠤ ᠶᠤᠸᠠᠨ ᠬᠦᠢᠯᠡᠰᠦᠨ ᠴᠥᠮ᠎ᠡ ᠶᠢᠨ ᠤᠮᠳᠠᠭᠠᠨ ᠤ ᠬᠢᠵᠠᠭᠠᠷᠲᠤ | ᠺᠣᠮᠫᠠᠨᠢ ᠶᠢᠨ ᠳᠡᠳ᠋ ᠶᠡᠷᠦᠩᠬᠡᠢ ᠳᠠᠭᠠᠭᠠᠮᠠᠯ ᠵᠠᠩ ᡁᠢ ᠬᠤᠸᠠ ᠶᠠᠷᠢᠨ᠎ᠠ᠃ | | ᠵᠢᠷᠤᠭ ᠄ ᠴᠠᠭᠠᠨ ᠰᠠᠷ᠎ᠠ ᠶᠢᠨ ᠪᠠᠷᠠᠭᠠᠨ ᠤ ᠵᠠᠬ᠎ᠠ ᠳᠡᠯᠭᠡᠭᠦᠷ ᠨᠢ ᠰᠠᠭᠤᠭᠠᠯᠢ ᠠᠷᠠᠳ ᠤᠨ ᠠᠩᠬᠠᠷᠤᠯ ᠢ ᠳᠠᠳᠠᠵᠤ ᠪᠠᠷᠠᠭ᠎ᠠ ᠬᠤᠳᠠᠯᠳᠤᠨ ᠠᠪᠤᠭᠤᠯᠤᠨ᠎ᠠ ᠃ ᠸᠠᠩ ᠯᠢ | ᠮᠠᠨ ᠰᠡᠭᠦᠳᠡᠷᠯᠡᠪᠡ | | ᠵᠢᠯ ᠴᠠᠭᠠᠨ ᠰᠠᠷ᠎ᠠ ᠭᠡᠵᠤ ᠬᠡᠷᠡᠭᠯᠡᠭᠡᠨ ᠤ ᠤᠷᠬᠢᠯ ᠤᠨ ᠦᠶ᠎ᠡ ᠪᠤᠯᠤᠨ᠎ᠠ ᠂ ᠵᠡᠭᠦᠨᠭᠠᠷ ᠬᠤᠰᠢᠭᠤ ᠬᠡᠷᠡᠭᠯᠡᠭᠡᠨ ᠤ ᠬᠠᠯᠠᠭᠤᠨ ᠥᠷᠨᠢᠯᠲᠡ ᠶᠢ ᠳᠠᠭᠠᠵᠤ ᠂ ᠴᠠᠭᠠᠨ | ᠰᠠᠷ᠎ᠠ ᠶᠢᠨ ᠪᠠᠷᠠᠭ᠎ᠠ ᠬᠤᠳᠠᠯᠳᠤᠨ ᠠᠪᠬᠤ ᠪᠠᠶᠠᠷ ᠢ ᠡᠷᠭᠢᠯᠡᠨ ᠂ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠲᠠᠷᠬᠠᠭᠠᠵᠤ ᠂ ᠬᠡᠷᠡᠭᠯᠡᠭᠡ ᠶᠢ | ᠳᠠᠶᠢᠴᠢᠯᠠᠬᠤ ᠶᠢᠨ ᠬᠠᠮᠲᠤ ᠲᠣᠰ ᠭᠠᠵᠠᠷ ᠣᠷᠣᠨ ᠤ ᠪᠠᠨ ᠠᠵᠤ ᠠᠬᠤᠶᠢᠯᠠᠯ ᠳᠤ ᠲᠠᠪᠴᠠᠩ ᠪᠠᠶᠢᠭᠤᠯᠵᠤ ᠥᠭᠭᠦᠭᠰᠡᠨ ᠨᠢ ᠨᠢᠭᠡ ᠯᠡ ᠳᠡᠭᠡᠷ᠎ᠡ ᠣᠯᠠᠨ ᠵᠦᠢᠯ ᠢ | ᠪᠦᠲᠦᠭᠡᠵᠦ ᠪᠠᠶᠢᠭ᠎ᠠ ᠶᠠᠪᠤᠳᠠᠯ ᠪᠤᠯᠤᠬᠰᠠᠨ ᠪᠠᠶᠢᠨ᠎ᠠ ᠃ ᠵᠠᠰᠠᠭ ᠤᠨ ᠣᠷᠳᠣᠨ ᠤ ᠠᠷᠠᠳ ᠲᠤ ᠠᠰᠢᠭ ᠬᠦᠷᠲᠡᠭᠡᠬᠦ ᠬᠡᠷᠡᠭᠯᠡᠭᠡᠨ ᠤ ᠲᠡᠮᠳᠡᠭᠲᠦ ᠨᠢ ᠡᠮᠦᠰᠬᠦ ᠂ ᠢᠳᠡᠬᠦ ᠂ | ᠰᠠᠭᠤᠬᠤ ᠂ ᠶᠠᠪᠤᠬᠤ ᠵᠡᠷᠭᠡ ᠣᠯᠠᠨ ᠲᠠᠯ᠎ᠠ ᠳᠤ ᠬᠤᠯᠪᠣᠭᠳᠠᠵᠤ ᠂ ︽ ᠵᠢᠩᠬᠢᠨᠢ ᠠᠰᠢᠭ ︾ ᠤᠨ ᠨᠥᠬᠦᠪᠦᠷᠢ ᠨᠢ ᠠᠵᠤ ᠠᠬᠤᠢ ᠶᠢᠨ ᠬᠥᠭᠵᠢᠯᠲᠡ ᠶᠢ ᠳᠠᠶᠢᠴᠢᠯᠠᠵᠤ | ᠴᠢᠳᠠᠬᠰᠠᠨ ᠪᠠᠶᠢᠨ᠎ᠠ ᠃ | | | | |