| 1 ᠰᠠᠷ᠎ᠠ ᠶᠢᠨ 6 ᠤ ᠡᠳᠦᠷ ᠂ ᠵᠡᠭᠦᠨᠭᠠᠷ ᠬᠤᠰᠢᠭᠤᠨ ᠤ ᠬᠢᠨ ︽ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠰᠠᠬᠢᠨ ᠬᠠᠮᠠᠭᠠᠯᠠᠭᠴᠢ ᠶᠢ ᠬᠠᠯᠠᠮᠵᠢᠯᠠᠬᠤ | ᠲᠥᠯᠥᠪᠯᠡᠭᠡ · ᠯᠡ ᠰᠠᠷ᠎ᠠ ᠶᠢᠨ ᠰᠢᠨ᠎ᠠ ᠶᠢᠨ ᠨᠠᠢᠮᠠᠨ ᠤ ᠪᠠᠶᠠᠷ ᠢᠶᠠᠷ ᠲᠦᠮᠡᠨ ᠬᠡᠷᠡᠭ ᠲᠡᠭᠦᠰ ᠪᠣᠯᠬᠤ ︾ ᠬᠠᠬᠢᠷ ᠡᠪᠦᠯ ᠤᠨ ᠰᠡᠳᠬᠢᠯ ᠢ ᠳᠤᠯᠠᠭᠠᠴᠠᠭᠤᠯᠬᠤ ᠰᠠᠶᠢᠨ | ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ ᠂ ᠪᠥᠬᠦ ᠬᠤᠰᠢᠭᠤᠨ ᠤ 1166 ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠠ | ᠴᠡᠴᠡᠷᠯᠢᠭ ᠤᠨ ᠠᠵᠢᠯᠴᠢᠨ ᠪᠦᠬᠦ ᠥᠷᠲᠡᠭ ᠨᠢ 5 ᠲᠦᠮᠡᠨ ᠲᠥᠭᠦᠷᠢᠭ ᠤᠨ ᠯᠡ ᠰᠠᠷ᠎ᠠ ᠶᠢᠨ ᠰᠢᠨ᠎ᠠ ᠶᠢᠨ ᠨᠠᠢᠮᠠᠨ ᠤ ᠰᠢᠩᠭᠡᠨ ᠪᠤᠳᠠᠭ᠎ᠠ ᠪᠠ ᠴᠢᠩ ᠰᠡᠳᠬᠢᠯ ᠤᠨ | ᠪᠠᠶᠠᠷ ᠤᠨ ᠡᠳᠦᠷ ᠤᠨ ᠵᠥᠩᠨᠡᠯ ᠢ ᠳᠤᠰᠤᠬᠰᠠᠨ ᠪᠠᠶᠢᠨ᠎ᠠ ᠃ | | | | ᠠᠵᠢᠯᠯᠠᠭ᠎ᠠ ᠶᠢᠨ ᠠᠬᠤᠢ ᠲᠠᠯᠠᠪᠠᠢ ᠳᠤ ᠂ ᠠᠭᠤᠷ ᠠᠮᠢᠰᠬᠤᠯ ᠬᠦᠷ ᠬᠥᠭᠵᠢᠶᠡᠨ ᠲᠠᠢ ᠪᠥᠭᠡᠳ ᠦᠶᠦᠭ ᠳᠠᠭᠠᠳᠠᠢ ᠪᠠᠶᠢᠯ᠎ᠠ ᠃ ᠰᠠᠶᠢᠨ ᠳᠤᠷᠠᠴᠤᠤᠯ ᠬᠠᠯᠠᠭᠤᠨ | ᠠᠭᠤᠷ ᠪᠠᠭᠠᠭᠢᠵᠤ ᠂ ᠬᠠᠶᠢᠷ᠎ᠠ ᠬᠠᠯᠠᠮᠵᠢ ᠪᠢᠯᠬᠠᠭᠰᠠᠨ ᠠᠶᠠᠭ᠎ᠠ ᠠᠶᠠᠭ᠎ᠠ ᠯᠠ ᠰᠠᠷ᠎ᠠ ᠶᠢᠨ ᠰᠢᠨ᠎ᠠ ᠶᠢᠨ ᠨᠠᠢᠮᠠᠨ ᠤ ᠰᠢᠩᠭᠡᠨ ᠪᠤᠳᠠᠭ᠎ᠠ ᠶᠢ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠠᠵᠢᠯᠴᠢᠨ ᠪᠣᠯᠣᠨ ᠴᠡᠴᠡᠷᠯᠢᠭ ᠤᠨ ᠠᠵᠢᠯᠴᠢᠨ ᠤ ᠭᠠᠷ ᠲᠤ ᠬᠦᠷᠭᠡᠨ᠎ᠠ ᠃ ᠲᠡᠳᠡ ᠯᠠ ᠰᠠᠷ᠎ᠠ ᠶᠢᠨ ᠰᠢᠨ᠎ᠠ ᠶᠢᠨ ᠨᠠᠢᠮᠠᠨ ᠤ ᠰᠢᠩᠭᠡᠨ | ᠪᠤᠳᠠᠭ᠎ᠠ ᠶᠢ ᠲᠣᠰᠴᠤ ᠠᠪᠤᠭᠠᠳ ᠂ ᠴᠢᠷᠠᠢ ᠳᠤᠨᠢ ᠴᠠᠶᠢᠯᠭᠠᠨ ᠪᠥᠭᠡᠳ ᠬᠠᠨᠤᠮᠵᠢᠲᠠᠶ ᠢᠨᠢᠶᠡᠮᠰᠦᠭᠯᠡᠯ ᠲᠣᠳᠣᠷᠠᠵᠤ ᠪᠠᠶᠢᠯ᠎ᠠ ᠃ ᠡᠨᠡᠬᠦ ᠠᠶᠠᠭ᠎ᠠ ᠰᠢᠩᠭᠡᠨ ᠪᠤᠳᠠᠭ᠎ᠠ ᠨᠢ | ᠤᠯᠠᠮᠵᠢᠯᠠᠯᠲᠤ ᠪᠠᠶᠠᠷ ᠤᠨ ᠡᠳᠦᠷ ᠢ ᠪᠡᠯᠭᠡᠯᠡᠵᠦ ᠪᠠᠶᠢᠬᠤ ᠪᠠᠷ ᠦᠯᠤ ᠪᠠᠷᠠᠨ ᠂ ᠨᠡᠩ ᠴᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ᠂ ᠴᠡᠴᠡᠷᠯᠢᠭ ᠤᠨ | ᠠᠵᠢᠯᠴᠢᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠬᠦᠨᠳᠦᠳᠬᠡᠯ ᠪᠠ ᠲᠠᠯᠠᠷᠬᠠᠯ ᠳᠡᠪᠰᠢᠭᠦᠯᠵᠦ ᠪᠠᠶᠢᠭ᠎ᠠ ᠶᠠᠪᠤᠳᠠᠯ ᠪᠣᠯᠣᠨ᠎ᠠ ᠃ ᠡᠳᠡᠭᠡᠷ ᠬᠤᠳᠠ ᠶᠢᠨ ᠰᠠᠬᠢᠨ | ᠬᠠᠮᠠᠭᠠᠯᠠᠭᠴᠢᠳ ᠬᠠᠬᠢᠷ ᠬᠦᠢᠲᠡᠨ ᠴᠦ ᠲᠡᠷᠡ ᠂ ᠠᠭᠠᠭᠢᠮ᠎ᠠ ᠬᠠᠯᠠᠭᠤᠨ ᠴᠤ ᠲᠡᠷᠡ ᠂ ᠢᠮᠠᠭᠲᠠ ᠠᠵᠢᠯ ᠤᠨ ᠪᠠᠶᠢᠷᠢ ᠪᠠᠨ ᠪᠠᠲᠤ ᠰᠠᠬᠢᠵᠤ ᠂ ᠬᠤᠳᠠ ᠶᠢᠨ ᠴᠡᠪᠡᠷ | ᠴᠡᠮᠴᠡᠭᠡᠷ ᠪᠠ ᠦᠵᠡᠰᠬᠦᠯᠡᠩᠲᠦ ᠰᠠᠶᠢᠬᠠᠨ ᠤ ᠲᠥᠯᠥᠭᠡ ᠦᠭᠡ ᠲᠠᠭᠤᠨ ᠦᠭᠡᠢ ᠵᠢᠳᠬᠦᠭᠰᠡᠭᠡᠷ ᠢᠷᠡᠵᠠᠢ ᠃ | | | | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠯᠢᠶᠠᠩ ᠡᠯ ᠭᠦᠸᠧ ᠄ ︽ ᠥᠨᠥᠳᠥᠷ ᠪᠢᠳᠡᠨ ᠳᠤ ᠯᠡ ᠰᠠᠷ᠎ᠠ ᠶᠢᠨ ᠰᠢᠨ᠎ᠠ ᠶᠢᠨ ᠨᠠᠢᠮᠠᠨ ᠤ ᠰᠢᠩᠭᠡᠨ | ᠪᠤᠳᠠᠭ᠎ᠠ ᠬᠦᠷᠭᠡᠵᠦ ᠥᠭᠭᠦᠭᠰᠡᠨ ᠳᠤ ᠮᠠᠰᠢ ᠰᠡᠳᠬᠢᠯ ᠬᠥᠳᠡᠯᠵᠦ ᠪᠠᠶᠢᠨ᠎ᠠ ᠂ ᠳᠤᠩ ᠲᠠᠯᠠᠷᠬᠠᠯ᠎ᠠ ᠂ ᠪᠠᠶᠠᠷ ᠳᠤᠷᠠᠰᠬᠠᠯ ᠤᠨ ᠡᠳᠦᠷ ᠪᠣᠯᠬᠤ ᠪᠦᠷᠢ ᠪᠢᠳᠡᠨ ᠳᠤ ᠡᠯᠳᠡᠪ | ᠵᠦᠢᠯ ᠤᠨ ᠢᠳᠡᠬᠦ ᠂ ᠡᠮᠦᠰᠬᠦ ᠶᠠᠭᠤᠮ᠎ᠠ ᠬᠦᠷᠭᠡᠵᠦ ᠥᠭᠲᠡᠭ ᠂ ᠡᠨᠡ ᠨᠢ ᠮᠠᠰᠢ ᠳᠤᠯᠠᠭᠠᠬᠠᠨ ᠰᠠᠨᠠᠬᠳᠠᠭᠤᠯᠳᠠᠭ ︾ ᠭᠡᠵᠦ ᠶᠠᠷᠢᠨ᠎ᠠ ᠃ | ᠠᠵᠢᠯᠯᠠᠭ᠎ᠠ ᠨᠢ ᠰᠡᠳᠬᠢᠯ ᠢ ᠳᠤᠯᠠᠭᠠᠴᠠᠭᠤᠯᠬᠤ ᠰᠢᠩᠭᠡᠨ ᠪᠤᠳᠠᠭ᠎ᠠ ᠲᠠᠢ ᠪᠠᠶᠢᠬᠤ ᠪᠠᠷ ᠪᠠᠷᠠᠬᠤ ᠦᠭᠡᠢ ᠂ ᠪᠠᠰᠠ ᠰᠣᠶᠣᠯ ᠤᠨ ᠬᠠᠯᠠᠮᠵᠢᠯᠠᠯ ᠤᠨ ᠭᠤᠭᠴᠤᠭ᠎ᠠ ᠶᠢ | ᠣᠨᠴᠠᠭᠠᠶᠢᠯᠠᠨ ᠲᠣᠬᠢᠷᠠᠭᠤᠯᠵᠠᠢ ᠃ ᠤᠷᠠᠨ ᠪᠢᠴᠢᠯᠭᠡ ᠳᠤ ᠪᠠᠭ᠋ᠠᠲᠠᠢ ᠬᠥᠮᠥᠰ ᠠᠬᠤᠢ ᠲᠠᠯᠠᠪᠠᠢ ᠳᠤ ᠪᠢᠷ ᠪᠡᠭᠡ ᠶᠢ ᠬᠤᠷᠤᠶᠢᠯᠠᠵᠤ ᠂ ᠥᠯᠵᠡᠢ ᠪᠡᠯᠭᠡ ᠲᠠᠢ ᠬᠤᠣᠰ | ᠤᠶᠠᠩᠭ᠎ᠠ ᠪᠢᠴᠢᠨ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠴᠢᠨ ᠪᠣᠯᠣᠨ ᠴᠡᠴᠡᠷᠯᠢᠭ ᠤᠨ ᠠᠵᠢᠯᠴᠢᠨ ᠳᠤ ᠴᠠᠭᠠᠨ ᠰᠠᠷ᠎ᠠ ᠶᠢᠨ ᠰᠠᠶᠢᠨ ᠰᠠᠶᠢᠬᠠᠨ | ᠵᠥᠩᠨᠡᠯ ᠳᠡᠪᠰᠢᠭᠦᠯᠤᠨᠠ ᠃ ᠭᠠᠯ ᠤᠯᠠᠭᠠᠨ ᠬᠤᠣᠰ ᠤᠶᠠᠩᠭ᠎ᠠ ᠨᠢ ᠰᠢᠨ᠎ᠡ ᠨᠢᠭᠡ ᠵᠢᠯ ᠤᠨ ᠬᠦᠰᠡᠯ ᠡᠷᠡᠮᠡᠯᠵᠡᠯ ᠢ ᠠᠴᠢᠶᠠᠯᠠᠵᠤ ᠂ ᠪᠠᠶᠠᠷ ᠤᠨ ᠡᠳᠦᠷ ᠲᠤ ᠥᠨᠢᠷ | ᠥᠳᠬᠡᠨ ᠪᠠᠶᠠᠷ ᠳᠤᠷᠠᠰᠬᠠᠯ ᠤᠨ ᠡᠳᠤᠷ ᠤᠨ ᠠᠭᠤᠷ ᠠᠮᠢᠰᠬᠤᠯ ᠢ ᠨᠡᠮᠡᠷᠢᠯᠡᠭᠰᠡᠨ ᠪᠠᠶᠢᠨ᠎ᠠ ᠃ | | | | ︽ ᠪᠢᠳᠡ ᠡᠶᠢᠮᠦᠷᠬᠦ ᠠᠵᠢᠯᠯᠠᠭ᠎ᠠ ᠶᠢ ᠥᠷᠨᠢᠭᠦᠯᠵᠦ ᠪᠠᠶᠢᠭ᠎ᠠ ᠨᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠂ ᠴᠡᠴᠡᠷᠯᠢᠭ ᠤᠨ ᠠᠵᠢᠯᠴᠢᠳ ᠲᠤ ᠪᠠᠶᠠᠷ ᠤᠨ | ᠡᠳᠦᠷ ᠤᠨ ᠬᠠᠯᠠᠭᠤᠨ ᠳᠤᠯᠠᠭᠠᠨ ᠢ ᠡᠳ᠋ᠯᠡᠭᠦᠯᠬᠦ ᠶᠢᠨ ᠲᠥᠯᠥᠭᠡ ᠶᠤᠮ ᠂ ᠮᠥᠨ ᠴᠦ ᠪᠥᠬᠦ ᠨᠡᠶᠢᠭᠡᠮ ᠢᠶᠠᠷ ᠢᠶᠠᠨ ᠬᠤᠲᠠ ᠶᠢᠨ ᠰᠠᠬᠢᠨ ᠬᠠᠮᠠᠭᠠᠯᠠᠭᠴᠢᠳ ᠢ ᠬᠠᠯᠠᠮᠵᠢᠯᠠᠨ | ᠬᠠᠶᠢᠷᠠᠯᠠᠬᠤ ᠶᠢ ᠴᠢᠬᠤᠯᠠᠴᠢᠯᠠᠵᠤ ᠂ ᠳᠠᠶᠠᠭᠠᠷ ᠤᠨ ᠯᠡ ᠰᠠᠷ᠎ᠠ ᠶᠢᠨ ᠰᠢᠨ᠎ᠠ ᠶᠢᠨ ᠨᠠᠢᠮᠠᠨ ᠤ ᠠᠮᠤᠷ ᠠᠮᠤᠭᠤᠯᠠᠩ ᠪᠠᠶᠢᠬᠤ ᠶᠢ ᠬᠦᠰᠡᠨ ᠵᠥᠩᠨᠡᠵᠦ ᠪᠠᠶᠢᠭ᠎ᠠ ᠶᠤᠮ ︾ | ᠭᠡᠵᠦ ᠵᠡᠭᠦᠨᠭᠠᠷ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ | ᠲᠠᠰᠤᠭ ᠤᠨ ᠬᠠᠷᠢᠭᠤᠴᠠᠯᠭᠠᠲᠠᠨ ᠭᠦᠸᠧ ᠯᠧᠢ ᠶᠠᠷᠢᠨ᠎ᠠ ᠃ | | | | ᠣᠶᠢᠯᠠᠭᠠᠭᠰᠠᠨ ᠢᠶᠠᠷ ᠂ ᠲᠣᠰ ᠤᠳᠠᠭᠠᠨ ᠤ ᠠᠵᠢᠯᠯᠠᠭ᠎ᠠ ᠶᠢ ᠵᠡᠭᠦᠨᠭᠠᠷ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ | ᠦᠢᠯᠡᠴᠢᠯᠡᠭᠡᠨ ᠤ ᠲᠥᠪ ᠂ ᠵᠡᠭᠦᠨᠭᠠᠷ ᠬᠤᠰᠢᠭᠤᠨ ᠤ ᠰᠢᠨ᠎ᠡ ᠨᠡᠶᠢᠭᠡᠮ ᠤᠨ ᠳᠠᠪᠬᠤᠷᠭᠠᠨ ᠤ ᠡᠳᠡᠭᠡᠳ ᠤᠨ ᠬᠤᠯᠪᠣᠭᠠᠲᠤ ᠬᠤᠷᠠᠯ ᠂ ᠵᠡᠭᠦᠨᠭᠠᠷ ᠬᠤᠰᠢᠭᠤᠨ ᠤ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠥᠪ ᠂ ᠵᠡᠭᠦᠨᠭᠠᠷ ᠬᠤᠰᠢᠭᠤᠨ ᠤ ᠴᠡᠴᠡᠷᠯᠢᠭ ᠤᠨ ᠨᠣᠭᠤᠭᠠᠷᠠᠭᠤᠯᠤᠯᠲᠠ ᠶᠢᠨ ᠦᠢᠯᠡᠰ ᠤᠨ ᠲᠥᠪ ᠠᠴᠠ | ᠭᠤᠣᠯᠯᠠᠨ ᠡᠷᠭᠢᠯᠡᠵᠦ ᠂ ᠵᠡᠭᠦᠨᠭᠠᠷ ᠤᠨ ᠠᠯᠪᠠᠨ ᠵᠢᠷᠤᠮ ᠤᠨ ᠠᠵᠢᠯ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠭᠢᠯᠡᠵᠦ ᠂ ᠼᠠᠢ ᡁᠢ ᠬᠦᠸᠧ ᠬᠠᠯᠠᠭᠤᠨ ᠲᠣᠭᠤᠭ᠎ᠠ ᠂ | ᠵᠡᠭᠦᠨᠭᠠᠷ ᠬᠤᠰᠢᠭᠤᠨ ᠤ ᠰᠢᠶᠠᠩ ᠮᠢᠨ ᠡᠮᠨᠡᠯᠭᠡ ᠶᠢᠨ ᠬᠤᠷᠢᠶ᠎ᠠ ᠂ ᠬᠠᠷᠬᠤᠰᠤ ᠵᠠᠳᠠᠭᠠᠢ ᠨᠡᠭᠦᠷᠡᠰᠦᠨ ᠠᠭᠤᠷᠬᠠᠢ ᠶᠢᠨ ᠮᠠᠯᠲᠠᠯᠲᠠ ᠶᠢᠨ ᠠᠩᠭᠢ ᠶᠢᠨ ᠨᠢᠭᠡᠳᠦᠭᠡᠷ | ᠡᠭᠡᠯᠵᠢ ᠶᠢᠨ ᠠᠩᠬᠢ ᠠᠴᠠ ᠬᠠᠮᠵᠢᠯᠴᠠᠨ ᠡᠷᠭᠢᠯᠡᠪᠡ ᠃ | | | | |