| | ᠤᠷᠴᠢᠬᠤ ᠳᠥᠷᠪᠡᠨ ᠤᠯᠠᠷᠢᠯ ᠳᠤ ᠂ ᠬᠦᠮᠤᠰ ᠦᠰᠴᠤ ᠪᠤᠶᠢᠵᠢᠬᠤ ᠪᠤᠶᠤ ᠦᠳᠡᠯᠵᠤ ᠬᠦᠭᠰᠢᠷᠡᠬᠦ ᠶᠠᠪᠤᠳᠠᠯ ᠵᠦᠩᠳᠡᠭᠡᠨ ᠃ ︽ ᠦᠳᠡᠯᠦᠭᠡ ᠨᠠᠰᠤᠳᠠᠶᠢᠴᠤᠳ︾ | ᠢᠶᠠᠨ ᠰᠠᠶᠢᠲᠤᠷ ᠠᠰᠠᠷᠠᠨ ᠬᠠᠷᠠᠭᠠᠯᠵᠠᠵᠤ ᠂ ︽ ᠡᠩᠬᠦᠷᠡᠢ ᠦᠷ᠎ᠠ︾ ᠪᠠᠨ ᠳᠤᠷᠨᠢᠭᠤᠨ ᠦᠰᠭᠡᠨ ᠪᠣᠶᠢᠵᠢᠭᠤᠯᠬᠤ ᠪᠣᠯ ᠨᠢᠭᠡᠨ ᠦᠷᠭᠦᠯᠵᠢᠯᠡᠨ ᠪᠣᠳᠣᠯᠬᠢᠯᠠᠬᠤ | ᠴᠢᠬᠤᠯᠠᠲᠠᠢ ᠰᠡᠳᠦᠪ ᠪᠣᠯᠣᠨ᠎ᠠ᠃ ᠬᠥᠮᠥᠨ ᠠᠮᠠ ᠨᠢᠭᠲᠠᠷᠠᠭᠰᠠᠨ ᠨᠡᠶᠢᠭᠡᠮ ᠲᠣᠭᠤᠷᠢᠭ ᠲᠤ ᠂ ᠨᠠᠰᠤᠲᠠᠶᠢᠴᠤᠳ ᠤᠨ ᠡᠳᠦᠷ ᠳᠤᠳᠤᠮ ᠤᠨ ᠬᠠᠷᠠᠭᠠᠯᠵᠠᠯ ᠂ ᠡᠳᠦᠷ ᠤᠨ | ᠭᠤᠷᠪᠠᠨ ᠡᠷᠡᠨ ᠤ ᠬᠤᠭᠤᠯᠠ ᠂ ᠠᠯᠪᠠᠨ ᠠᠵᠢᠯ ᠲᠠᠢ ᠬᠦᠮᠤᠰ ᠤᠨ ᠬᠡᠦᠬᠡᠳ ᠤᠨ ᠲᠦᠷ ᠴᠠᠭ ᠤᠨ ᠬᠠᠷᠠᠭᠠᠯᠵᠠᠯ ᠂ ᠤᠶᠢᠷ᠎ᠠ ᠬᠠᠪᠢ ᠶᠢᠨ ᠰᠠᠭᠤᠭᠠᠯᠢ ᠠᠷᠠᠳ ᠤᠨ | ᠵᠤᠭ᠎ᠠ ᠴᠡᠩᠭᠡᠯ ᠰᠡᠯᠡᠭᠦᠴᠡᠯ ᠢ ᠨᠢᠭᠡ ᠭᠠᠵᠠᠷ ᠲᠤ ᠬᠠᠩᠭᠠᠵᠤ ᠲᠠᠶᠢᠯᠤᠨ᠎ᠠ ᠦᠦ ᠦᠭᠡᠢ ᠦᠦ ︖ ᠬᠠᠭᠤᠴᠢᠨ ᠰᠠᠭᠤᠭᠠᠯᠢ ᠳᠤᠭᠤᠷᠢᠭ ᠢ ᠬᠡᠷᠬᠢᠨ ᠰᠢᠨ᠎ᠡ ᠠᠮᠢᠵᠢᠷᠠᠯ ᠤᠨ | ᠬᠦᠴᠦᠨ ᠲᠠᠢ ᠪᠣᠯᠭᠠᠬᠤ ᠪᠤᠢ︖ | ᠥᠷᠯᠥᠭᠡ ᠡᠷᠳᠡ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠡᠯ᠎ᠡ ᠨᠡᠶᠢᠭᠡᠮ ᠲᠣᠭᠤᠷᠢᠭ ᠤᠨ ᠨᠠᠰᠤᠲᠠᠶᠢᠴᠤᠳ ᠤᠨ ᠬᠥᠳᠡᠯᠭᠡᠭᠡᠨ ᠤ | ᠲᠠᠯᠠᠪᠠᠢ ᠣᠷᠳᠣᠨ ᠬᠦᠷ ᠬᠥᠭᠵᠢᠶᠡᠨ ᠢᠶᠠᠷ ᠪᠢᠯᠬᠠᠵᠤ ᠂ ᠮᠣᠲᠧᠯ ᠤᠨ ᠠᠩᠭᠢ ᠂ ᠬᠡᠩᠭᠡᠷᠭᠡ ᠶᠢᠨ ᠠᠩᠭᠢ᠂ ᠳᠠᠭᠤᠤ ᠶᠢᠨ ᠠᠩᠭᠢ᠂ ᠪᠥᠵᠢᠭ ᠤᠨ ᠠᠩᠭᠢ᠂ ᠲᠠᠢ ᠵᠢᠢ | ᠨᠢᠳᠤᠷᠭᠠᠨ ᠠᠩᠭᠢ ᠵᠡᠷᠭᠡ ᠤᠯᠠᠨ ᠳᠤᠷ᠎ᠠ ᠰᠣᠨᠢᠷᠬᠠᠯ ᠤᠨ ᠳᠤᠭᠤᠶᠢᠯᠠᠩ ᠡᠭᠡᠯᠵᠢᠯᠡᠨ ᠪᠣᠯᠪᠠᠰᠤᠷᠠᠵᠤ ᠂ ᠰᠢᠨ᠎ᠡ ᠨᠢᠭᠡ ᠵᠢᠯ ᠤᠨ ᠥᠯᠵᠡᠶᠢᠲᠦ ᠡᠳᠤᠷ ᠤᠨ ᠪᠠᠶᠠᠷ ᠲᠤ | ᠪᠡᠯᠡᠳᠬᠡᠯ ᠬᠢᠵᠦ ᠪᠠᠶᠢᠯ᠎ᠠ᠃ ᠼᠦᠢ ᠠᠨᠢᠶ᠎ᠠ ᠨᠢᠭᠡᠨᠳᠡ ᠨᠠᠰᠤ ᠠᠬᠠᠰᠢᠷᠠᠬᠰᠠᠨ ᠪᠣᠯᠪᠠᠴᠤ ᠴᠤᠭ ᠵᠢᠪᠬᠤᠭ᠎ᠠ ᠲᠡᠭᠦᠯᠳᠡᠷ ᠪᠠᠶᠢᠵᠤ ᠂ ᠲᠡᠭᠦᠨ ᠤ ᠦᠵᠡᠬᠦ ᠪᠠᠷ ᠨᠠᠰᠤ ᠪᠣᠯ | ᠵᠥᠪᠬᠡᠨ ᠲᠤᠭ᠎ᠠ ᠲᠡᠳᠦᠢ ᠂ ᠠᠮᠢᠳᠤᠷᠠᠯ ᠪᠠᠶᠠᠷ ᠬᠥᠷ ᠲᠠᠢ ᠪᠠᠶᠢᠬᠤ ᠬᠡᠷᠡᠭᠲᠡᠢ ᠰᠢᠤ ᠭᠡᠨ᠎ᠠ ᠃ ︽ ᠡᠳᠦᠷ ᠪᠤᠯᠭᠠᠨ ᠡᠭᠡᠴᠢ ᠳᠡᠭᠦᠦ ᠨᠠᠷ ᠲᠠᠢ ᠪᠠᠨ ᠬᠠᠮᠳᠤ ᠮᠣᠲᠧᠯ ᠤᠨ | ᠠᠯᠬᠤᠮ ᠢ ᠪᠣᠯᠪᠠᠰᠤᠷᠠᠵᠤ ᠂ ᠳᠠᠭᠤᠤ ᠳᠠᠭᠤᠯᠠᠨ ᠂ ᠪᠥᠵᠢᠭ ᠪᠥᠵᠢᠭᠯᠡᠵᠦ ᠂ ᠦᠳᠡ ᠳᠤ ᠨᠠᠰᠤᠲᠠᠶᠢᠴᠤᠳ ᠤᠨ ᠬᠤᠭᠤᠯᠠᠨ ᠭᠡᠷ ᠲᠤ ᠣᠴᠢᠵᠤ ᠬᠤᠭᠤᠯᠠ ᠢᠳᠡᠳᠡᠭ ᠂ | ᠬᠤᠭᠤᠯᠠ ᠪᠤᠳᠠᠭ᠎ᠠ ᠬᠢᠮᠳᠠ ᠮᠥᠷᠲᠡᠭᠡᠨ ᠰᠢᠮ᠎ᠡ ᠲᠡᠵᠢᠭᠡᠯ ᠪᠠ ᠠᠮᠲᠠ ᠰᠢᠮᠲᠡ ᠨᠢ ᠴᠦ ᠨᠠᠰᠤᠲᠠᠶᠢᠴᠤᠳ ᠲᠤ ᠲᠣᠬᠢᠷᠠᠳᠠᠭ ᠂ ᠵᠠᠰᠠᠭ ᠤᠨ ᠣᠷᠳᠣᠨ ᠠᠴᠠ ᠮᠠᠨ ᠤ | ᠡᠳᠡᠭᠡᠷ 60 ᠨᠠᠰᠤᠨ ᠠᠴᠠ ᠳᠡᠭᠡᠭᠰᠢᠬᠢ ᠬᠥᠮᠥᠰ ᠢ ᠴᠥᠮ ᠰᠠᠨᠠᠭᠠᠨ ᠳᠤ ᠦᠭᠡᠢ ᠭᠡᠨᠡᠳᠡᠯ ᠤᠨ ᠳᠠᠭᠠᠳᠬᠠᠯ ᠳᠤ ᠣᠷᠣᠭᠤᠯᠵᠤ ᠂ ᠪᠢᠳᠡᠨ ᠳᠤ ︿ ᠦᠨᠳᠦᠰᠦᠨ ᠵᠦᠢᠯ | ᠢ ᠪᠠᠲᠤᠯᠠᠨ ﹀ ᠂ ᠠᠮᠢᠳᠤᠷᠠᠯ ᠲᠠᠭᠠᠯᠠᠮᠵᠢᠲᠠᠢ ᠪᠤᠯᠬᠤᠷ ᠬᠡᠦᠬᠡᠳ ᠤᠳ ᠴᠦ ᠰᠠᠨᠠᠭ᠎ᠠ ᠵᠣᠪᠠᠭ᠋ᠤ ᠦᠭᠡᠢ ᠂ ᠦᠪᠡᠷᠰᠡᠳ ᠤᠨ ᠢᠶᠠᠨ ᠠᠮᠢᠳᠤᠷᠠᠯ ᠳᠤ ᠰᠡᠳᠬᠢᠯ ᠲᠠᠯᠪᠢᠭᠤᠨ | ᠪᠠᠶᠢᠵᠤ ᠰᠠᠶᠢᠬᠠᠨ ᠥᠩᠭᠡᠷᠡᠭᠡᠵᠦ ᠪᠠᠶᠢᠨ᠎ᠠ ︾ ᠃ | ᠦᠳᠡ ᠶᠢᠨ ᠬᠤᠭᠤᠯᠠᠨ ᠤ ᠴᠠᠭ ᠪᠤᠯᠬᠤ ᠳᠤ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠰᠤᠲᠠᠶᠢᠴᠤᠳ ᠤᠨ ᠬᠤᠭᠤᠯᠠᠨ ᠭᠡᠷ ᠲᠤ | ᠢᠷᠡᠵᠦ ᠬᠤᠭᠤᠯᠠ ᠢᠳᠡᠬᠦ ᠬᠥᠮᠥᠰ ᠲᠠᠰᠤᠷᠠᠭ᠎ᠠ ᠦᠭᠡᠢ ᠣᠯᠠᠰᠢᠷᠠᠵᠤ ᠪᠠᠶᠢᠯ᠎ᠠ ᠃ ︽ ᠪᠢᠳᠡ 2023 ᠣᠨ ᠤ 4 ᠰᠠᠷ᠎ᠠ ᠠᠴᠠ ᠡᠬᠢᠯᠡᠨ ᠡᠵᠡᠩᠨᠡᠯᠳᠡ ᠬᠢᠵᠤ ᠂ 80 | ᠨᠠᠰᠤᠨ ᠠᠴᠠ ᠳᠡᠭᠡᠭᠰᠢ ᠬᠥᠮᠥᠰ ᠲᠤ 5 ᠨᠤᠭᠤᠯᠤᠨ ᠂ 60 ᠨᠠᠰᠤᠨ ᠠᠴᠠ ᠳᠡᠭᠡᠭᠰᠢ ᠬᠥᠮᠥᠰ ᠲᠤ 6 ᠨᠤᠭᠤᠯᠵᠤ ᠳᠤᠭᠠᠴᠠᠭ᠎ᠠ ᠬᠢᠳᠡᠭ ︾ ᠃ ᠨᠠᠰᠤᠲᠠᠶᠢᠴᠤᠳ ᠤᠨ | ᠬᠤᠭᠤᠯᠠᠨ ᠭᠡᠷ ᠤᠨ ᠬᠠᠷᠢᠭᠤᠴᠠᠯᠭᠠᠲᠠᠨ ᠪᠣᠭᠤᠳᠠᠯᠯᠠᠬᠤ ᠶᠢᠨ ᠳᠠᠭᠠᠤ ᠢᠩᠬᠢᠵᠤ ᠶᠠᠷᠢᠨ᠎ᠠ ᠃ ᠥᠨᠥᠳᠥᠷ ᠤᠨ ᠦᠳᠡ ᠶᠢᠨ ᠬᠤᠭᠤᠯᠠᠨ ᠳᠤ ᠰᠢᠨ᠎ᠠ ᠨᠤᠭᠤᠭ᠎ᠠ ᠶᠢᠨ | ᠬᠠᠭᠤᠷᠭᠠᠰᠢ ᠂ ᠲᠣᠰᠣᠨ ᠳᠤ ᠪᠤᠴᠠᠯᠭᠠᠭᠰᠠᠨ ᠬᠠᠰᠢ ᠂ ᠮᠢᠬ᠎ᠠ ᠲᠠᠢ ᠬᠠᠭᠤᠷᠤᠭᠰᠠᠨ ᠳ᠋ᠧᠦᠹᠦ᠋ ᠂ ᠮᠠᠨᠲᠠᠤ ᠂ ᠵᠠᠪᠰᠠᠷᠯᠠᠬᠰᠠᠨ ᠮᠠᠨᠳᠠᠤ ᠂ ᠲᠤᠲᠤᠷᠭᠠᠨ ᠪᠤᠳᠠᠭ᠎ᠠ | ᠪᠠᠶᠢᠬᠤ ᠠᠴᠠ ᠭᠠᠳᠠᠨ᠎ᠠ ᠢᠰᠬᠦᠯᠡᠩ ᠪᠤᠳᠠᠭᠠᠨ ᠰᠥᠮᠥᠰᠤ ᠬᠠᠩᠭᠠᠨ᠎ᠠ ᠃ ︽ ᠮᠢᠨᠤ ᠬᠥᠭᠰᠢᠨ ᠤ ᠬᠢᠭᠰᠡᠨ ᠬᠤᠭᠤᠯᠠ ᠠᠮᠲᠠ ᠦᠭᠡᠢ ᠂ ᠪᠢᠳᠡ ᠠᠳᠡ ᠢᠷᠡᠭᠡᠳ | ᠬᠠᠭᠤᠷᠭᠠᠰᠢ ᠂ ᠬᠠᠭᠤᠷᠤᠭᠰᠠᠨ ᠳ᠋ᠧᠦᠹᠦ᠋ ᠵᠠᠬᠢᠶᠠᠯᠠᠨ ᠂ ᠮᠠᠨᠲᠠᠤ ᠢᠳᠡᠯ᠎ᠠ ᠂ ᠡᠳᠦᠷ ᠪᠤᠯᠭᠠᠨ ᠤ ᠬᠤᠭᠤᠯᠠ ᠪᠤᠳᠠᠭ᠎ᠠ ᠨᠢ ᠳᠠᠪᠬᠤᠴᠠᠬᠤ ᠦᠭᠡᠢ ᠪᠠᠶᠢᠳᠠᠭ ᠶᠤᠮ ︾ ᠃ | 82 ᠨᠠᠰᠤᠲᠠᠢ ᠵᠠᠩ ᠨᠠᠰᠤᠲᠠᠨ ᠪᠣᠯ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠰᠤᠲᠠᠶᠢᠴᠤᠳ ᠤᠨ ᠬᠤᠭᠤᠯᠠᠨ ᠭᠡᠷ ᠤᠨ ︽ ᠰᠢᠳᠤᠷᠭᠤ | ᠳᠠᠭᠠᠬᠴᠢ︾ ᠪᠤᠯᠤᠨ᠎ᠠ᠂ ᠨᠠᠰᠤᠲᠠᠶᠢᠴᠤᠳ ᠤᠨ ᠬᠤᠭᠤᠯᠠᠨ ᠭᠡᠷ ᠨᠡᠭᠡᠭᠡᠭᠳᠡᠭᠰᠡᠨ ᠠᠴᠠ ᠨᠠᠭᠠᠰᠢ ᠂ ᠨᠠᠰᠤᠲᠠᠨ ᠤ ᠡᠳᠦᠷ ᠤᠨ ᠭᠤᠷᠪᠠᠨ ᠡᠷᠡᠨ ᠤ ᠬᠤᠭᠤᠯᠠ ᠨᠢ ᠰᠢᠨ᠎ᠡ | ᠰᠣᠩᠭᠤᠯᠲᠠ ᠲᠠᠢ ᠪᠣᠯᠵᠠᠢ ᠃ | | ᠵᠢᠷᠤᠭ ᠄ ᠯᠠᠨ ᠲᠢᠶᠠᠨ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠨᠠᠰᠤᠲᠠᠶᠢᠴᠤᠳ ᠤᠨ ᠬᠤᠭᠤᠯᠠᠨ ᠭᠡᠷ ᠲᠤ ᠬᠤᠭᠤᠯᠠ ᠠᠪᠴᠤ ᠪᠠᠶᠢᠭ᠎ᠠ ᠨᠢ ᠃ | | ᠵᠢᠷᠤᠭ ᠄ ᠯᠠᠨ ᠲᠢᠶᠠᠨ ᠵᠡᠭᠡᠯᠢ ᠭᠤᠳᠤᠮᠵᠢ ᠶᠢᠨ ᠨᠠᠰᠤᠲᠠᠶᠢᠴᠤᠳ ᠤᠨ ᠬᠤᠭᠤᠯᠠᠨ ᠭᠡᠷ ᠤᠨ ᠬᠤᠭᠤᠯᠠᠨ ᠤ ᠨᠥᠬᠦᠪᠦᠷᠢ ᠶᠢᠨ ᠪᠠᠷᠢᠮᠵᠢᠶ᠎ᠠ ᠶᠢᠨ ᠬᠦᠰᠦᠨᠦᠭᠲᠦ ᠃ | | ᠣᠶᠢᠷ᠎ᠠ ᠶᠢᠨ ᠵᠢᠯ ᠠᠴᠠ ᠨᠠᠭᠠᠰᠢ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ︽ᠨᠠᠮ ᠤᠨ ᠪᠠᠶᠢᠭᠤᠯᠤᠯᠲᠠ + ᠨᠠᠰᠤᠵᠢᠯ ᠤᠨ | ᠠᠰᠠᠷᠠᠮᠵᠢ︾ ᠶᠢᠨ ᠵᠠᠭᠪᠤᠷ ᠢ ᠢᠳᠡᠪᠬᠢᠲᠡᠢ ᠦᠢᠯᠡᠳᠦᠯᠭᠡᠵᠢᠭᠦᠯᠵᠦ ᠂ ᠬᠠᠷᠢᠶ᠎ᠠ ᠣᠷᠣᠨ ᠤ ᠪᠠᠨ ᠬᠠᠶᠠᠭᠳᠠᠮᠠᠯ ᠬᠠᠭᠤᠴᠢᠨ ᠲᠡᠷᠭᠡᠨ ᠫᠧᠩ ᠢ ᠥᠭᠡᠷᠡᠴᠢᠯᠡᠨ ᠲᠡᠰ | ᠳᠡᠪᠰᠢᠭᠦᠯᠵᠦ ᠂ ︽ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ︾ ᠪᠣᠯᠭᠠᠨ | ᠪᠠᠶᠢᠭᠤᠯᠵᠤ ᠂ ᠠᠮᠢᠳᠤᠷᠠᠯ ᠤᠨ ᠬᠠᠷᠠᠭᠠᠯᠵᠠᠯ ᠂ ᠡᠷᠡᠭᠦᠯᠵᠢᠯ ᠰᠤᠪᠢᠯᠠᠯᠳᠠ ᠂ ᠰᠡᠳᠬᠢᠴᠡ ᠶᠢᠨ ᠲᠠᠶᠢᠳᠬᠤᠷᠠᠭᠤᠯᠤᠯ ᠵᠡᠷᠭᠡ ᠶᠢ ᠪᠠᠭᠲᠠᠭᠠᠭᠰᠠᠨ ᠪᠦᠬᠦ ᠲᠠᠯ᠎ᠠ ᠶᠢᠨ | ᠦᠢᠯᠡᠴᠢᠯᠡᠭᠡ ᠬᠠᠩᠭᠠᠵᠤ ᠂ ᠬᠤᠭᠤᠯᠠ ᠤᠮᠳᠠ᠂ ᠡᠮᠴᠢᠯᠡᠭᠡ ᠰᠤᠪᠢᠯᠠᠯᠲᠠ᠂ ᠡᠷᠡᠭᠦᠯᠵᠢᠯ ᠰᠤᠪᠢᠯᠠᠯᠲᠠ ᠶᠢ ᠨᠢᠭᠡ ᠴᠣᠭᠴᠠᠵᠢᠭᠤᠯᠤᠭᠰᠠᠨ ᠤᠯᠠᠨ ᠡᠰᠢᠵᠢᠭᠰᠡᠨ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ ᠶᠢ ᠪᠠᠶᠢᠭᠤᠯᠵᠠᠢ᠃ | | ᠵᠢᠷᠤᠭ ᠄ ᠯᠠᠨ ᠲᠢᠶᠠᠨ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠹᠢᠽᠢᠺ ᠵᠠᠰᠠᠯ ᠢ ᠪᠡᠶᠡᠴᠢᠯᠡᠨ | ᠣᠶᠢᠯᠠᠭᠠᠵᠤ ᠪᠠᠶᠢᠨ᠎ᠠ᠃ | | ᠵᠢᠷᠤᠭ ᠄ ᠯᠠᠨ ᠲᠢᠶᠠᠨ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠥᠪ ᠲᠤ ᠹᠢᠽᠢᠺ ᠵᠠᠰᠠᠯ ᠢ ᠪᠡᠶᠡᠴᠢᠯᠡᠨ | ᠣᠶᠢᠯᠠᠭᠠᠵᠤ ᠪᠠᠶᠢᠨ᠎ᠠ᠃ | | ︽ᠨᠢᠭᠡᠳᠦᠭᠡᠷ ᠳᠠᠪᠬᠤᠷᠯᠢᠭ ᠤᠨ ᠨᠠᠰᠤᠲᠠᠶᠢᠴᠤᠳ ᠤᠨ ᠬᠤᠭᠤᠯᠠᠨ ᠭᠡᠷ ᠡᠷᠲᠡ᠂ ᠦᠳᠡ᠂ ᠣᠷᠣᠢ ᠶᠢᠨ ᠭᠤᠷᠪᠠᠨ ᠡᠷᠡᠨ ᠤ ᠬᠤᠭᠤᠯᠠᠨ ᠤ ᠬᠠᠩᠭᠠᠯᠭ᠎ᠠ ᠶᠢ | ᠬᠠᠩᠭᠠᠵᠤ ᠂ ᠬᠤᠶᠠᠳᠤᠭᠠᠷ ᠳᠠᠪᠬᠤᠷᠯᠢᠭ ᠤᠨ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠭᠤᠣᠯᠳᠠᠭᠤ ᠨᠠᠰᠤᠲᠠᠶᠢᠴᠤᠳ ᠲᠤ ᠡᠮ | ᠡᠮᠨᠡᠯᠭᠡ᠂ ᠡᠷᠡᠭᠦᠯᠵᠢᠯ ᠪᠠ ᠡᠳᠦᠷ ᠲᠤᠳᠤᠮ ᠤᠨ ᠡᠷᠡᠭᠦᠯᠵᠢᠯ ᠵᠡᠷᠭᠡ ᠶᠢᠨ ᠬᠠᠯᠠᠮᠵᠢᠯᠠᠯ ᠬᠠᠩᠭᠠᠵᠤ ᠂ ᠭᠤᠷᠪᠠᠳᠤᠭᠠᠷ ᠳᠠᠪᠬᠤᠷᠯᠢᠭ ᠲᠤ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠲᠣᠬᠢᠷᠠᠭᠤᠯᠭ᠎ᠠ᠂ ᠡᠳᠦᠷ ᠳᠤᠳᠤᠮ ᠤᠨ ᠬᠠᠷᠠᠭᠠᠯᠵᠠᠯ ᠂ ᠡᠷᠡᠭᠦᠯ ᠮᠡᠨᠳᠦ ᠶᠢᠨ ᠵᠣᠬᠢᠴᠠᠭᠤᠯᠭ᠎ᠠ᠂ ᠡᠷᠡᠭᠦᠯᠵᠢᠯ ᠤᠨ ᠹᠢᠽᠢᠺ ᠵᠠᠰᠠᠯ ᠂ ᠰᠣᠶᠣᠯ ᠵᠤᠭ᠎ᠠ | ᠴᠡᠩᠭᠡᠯ ᠂ ᠲᠠᠨᠢᠨ ᠮᠡᠳᠡᠬᠦᠢ ᠶᠢᠨ ᠡᠪᠡᠳᠴᠢᠨ ᠵᠠᠰᠠᠯ ᠤᠨ ᠡᠳᠡᠭᠡᠷᠡᠯ ᠂ ᠨᠠᠰᠤᠵᠢᠯ ᠳᠤ ᠲᠣᠬᠢᠷᠠᠬᠤ ᠪᠦᠲᠦᠭᠡᠭᠳᠡᠬᠦᠨ ᠤ ᠦᠵᠡᠭᠦᠯᠭᠡ ᠵᠡᠷᠭᠡ ᠶᠢ ᠲᠣᠬᠢᠷᠠᠭᠤᠯᠵᠠᠢ᠃ | ᠡᠭᠦᠨ ᠤ ᠬᠠᠮᠳᠤ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠵᠠᠭᠪᠤᠷ ᠢ ᠭᠡᠯᠬᠢᠶᠡᠵᠢᠬᠦᠯᠤᠨ ᠣᠷᠣᠭᠤᠯᠵᠤ ᠂ ︿ ᠬᠤᠪᠢ ᠬᠤᠷᠠᠮᠳᠤᠭᠤᠯᠬᠤ ᠬᠠᠳᠠᠭᠠᠯᠠᠮᠵᠢ ᠶᠢᠨ | ᠳᠡᠪᠲᠡᠷ ﹀ ᠭᠠᠷᠭᠠᠵᠤ ᠂ ᠬᠤᠪᠢ ᠬᠤᠷᠠᠮᠳᠤᠭᠤᠯᠵᠤ ᠡᠷᠡᠭᠦᠯ ᠮᠡᠨᠳᠦ ᠶᠢᠨ ᠦᠢᠯᠡᠴᠢᠯᠡᠭᠡ ᠰᠣᠯᠢᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠰᠠᠭᠤᠭᠠᠯᠢ ᠠᠷᠠᠳ ᠢ | ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠤᠨ ᠵᠠᠰᠠᠯᠲᠠ ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠂ ᠣᠷᠴᠢᠨ ᠳᠤᠭᠤᠷᠢᠨ ᠤ ᠡᠷᠡᠭᠦᠯ | ᠬᠠᠮᠠᠭᠠᠯᠠᠯ ᠢ ᠴᠡᠪᠡᠷᠯᠡᠬᠦ ᠂ ᠪᠣᠯᠪᠠᠰᠤᠨ ᠢᠶᠠᠷ ᠢᠳᠬᠠᠨ ᠰᠤᠷᠭᠠᠬᠤ ᠵᠡᠷᠭᠡ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠵᠤ ᠂ ᠬᠠᠷᠢᠶ᠎ᠠ ᠣᠷᠣᠨ ᠤ ᠰᠠᠭᠤᠭᠠᠯᠢ | ᠠᠷᠠᠳ ᠤᠨ ︿ ᠨᠠᠮᠠᠶᠢ ᠣᠷᠣᠯᠴᠠᠭᠤᠯᠵᠤ ﹀ ᠪᠠᠶᠢᠭᠰᠠᠨ ᠠᠴᠠ ︿ ᠪᠢ ᠣᠷᠣᠯᠴᠠᠬᠤ ﹀ ᠪᠣᠯᠭᠠᠨ ᠬᠤᠪᠢᠷᠠᠭᠤᠯᠤᠨ᠎ᠠ ︾ ᠭᠡᠵᠦ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ | ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠂ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠡᠷᠬᠢᠯᠡᠭᠴᠢ ᠵᠢᠶᠠ ᠶᠢᠩ ᠵᠢᠶᠦ᠋ᠨ | ᠲᠠᠨᠢᠯᠴᠠᠭᠤᠯᠤᠨ᠎ᠠ᠃ | ᠡᠭᠦᠨ ᠠᠴᠠ ᠭᠠᠳᠠᠨ᠎ᠠ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠠᠷᠢᠶ᠎ᠠ ᠤᠷᠤᠨ ᠤ ᠬᠢᠨ ᠭᠡᠷ ᠲᠡᠭᠡᠨ ᠭᠠᠭᠴᠠᠭᠠᠷ ᠰᠠᠭᠤᠭ᠎ᠠ | ᠨᠠᠰᠤᠲᠠᠨ ᠂ ᠬᠦᠨᠳᠦ ᠵᠡᠮᠳᠡᠭ ᠬᠥᠮᠥᠨ ᠂ ᠬᠦᠨᠳᠦ ᠡᠪᠡᠳᠴᠢᠲᠡᠨ ᠲᠠᠢ ᠨᠠᠰᠤᠲᠠᠶᠢᠴᠤᠳ ᠤᠨ ᠬᠤᠭᠤᠯᠠ ᠢᠳᠡᠬᠦ ᠠᠰᠠᠭᠤᠳᠠᠯ ᠢ ᠲᠣᠬᠢᠲᠠᠢ ᠰᠢᠢᠳᠪᠦᠷᠢᠯᠡᠬᠦ ᠶᠢᠨ | ᠳᠤᠰᠠᠳᠠ ᠂ ︽10 ᠪᠦᠷᠢᠨ 10 ᠰᠠᠶᠢᠬᠠᠨ︾ ᠡᠭᠦᠯᠡᠨᠴᠢᠷ ᠳᠡᠭᠡᠷ᠎ᠡ ᠬᠤᠭᠤᠯᠠ ᠵᠠᠬᠢᠶᠠᠯᠠᠵᠤ ᠰᠡᠳᠬᠢᠯ ᠠᠮᠤᠷ ᠲᠣᠬᠢᠷᠠᠭᠤᠯᠤᠨ ᠬᠦᠷᠭᠡᠬᠦ ᠦᠢᠯᠡᠴᠢᠯᠡᠭᠡ ᠭᠠᠷᠭᠠᠵᠤ ᠂ | ᠬᠠᠷᠢᠶ᠎ᠠ ᠣᠷᠣᠨ ᠤ ᠠᠬᠠᠮᠠᠳ ᠨᠠᠮ ᠤᠨ ᠭᠡᠰᠢᠭᠦᠨ᠂ ᠵᠠᠬᠢᠶᠠᠯᠠᠭ᠎ᠠ ᠶᠢᠨ ᠬᠤᠭᠤᠯᠠᠨ ᠤ ᠪᠢᠴᠢᠬᠠᠨ ᠠᠬ᠎ᠠ᠂ ᠰᠦᠯᠵᠢᠶᠡᠨ ᠤ ᠠᠵᠢᠯᠲᠠᠨ ᠵᠡᠷᠭᠡ ᠶᠢ ᠡᠯᠰᠡᠨ ᠠᠪᠴᠤ | ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡᠨ ᠤ 36 ᠰᠠᠯᠪᠤᠷᠢ ᠪᠠᠭ᠎ᠠ ᠠᠩᠭᠢ ᠪᠠᠶᠢᠭᠤᠯᠵᠤ 300 ᠭᠠᠷᠤᠢ ᠬᠦᠮᠤᠨ ᠤᠷᠤᠯᠴᠠᠨ᠂ ᠵᠢᠷᠬᠢᠶ᠎ᠠ ᠶᠢᠨ ︽ᠵᠠᠬᠢᠶᠠᠯᠠᠭ᠎ᠠ︾ ᠶᠢ | ᠬᠦᠯᠢᠶᠡᠨ ᠠᠪᠬᠤ ᠂ ᠳ᠋ᠢᠶᠠᠩᠬᠤᠸᠠ ᠪᠠᠷ ᠪᠣᠯᠵᠣᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠲᠡᠳᠡᠨ ᠳᠤ ᠡᠳᠦᠷ ᠲᠤᠳᠤᠮ ᠤᠨ ᠠᠮᠢᠳᠤᠷᠠᠯ ᠤᠨ ᠡᠳ᠋ ᠪᠣᠳᠠᠰ ᠢ | ᠣᠷᠣᠯᠠᠨ ᠬᠤᠳᠠᠯᠳᠤᠨ ᠠᠪᠬᠤ ᠂ ᠪᠠᠴᠢᠮ ᠬᠦᠴᠢᠷ ᠤᠴᠢᠷ ᠶᠠᠪᠤᠳᠠᠯ ᠢ ᠨᠢ ᠣᠷᠣᠯᠠᠨ ᠭᠦᠢᠴᠡᠳᠬᠡᠬᠦ ᠂ ᠰᠡᠳᠬᠢᠯ ᠢ ᠳᠤᠯᠠᠭᠠᠴᠠᠭᠤᠯᠤᠨ ᠬᠤᠭᠤᠯᠠ ᠬᠦᠷᠭᠡᠬᠦ ᠵᠡᠷᠭᠡ | ᠦᠢᠯᠡᠴᠢᠯᠡᠭᠡ ᠶᠢ 5000 ᠭᠠᠷᠤᠢ ᠤᠳᠠᠭ᠎ᠠ ᠬᠠᠩᠭᠠᠪᠠ᠃ ︽ ᠬᠥᠮᠥᠨ ᠥᠲᠡᠯᠪᠡᠯ ᠶᠡᠭᠡ ᠶᠠᠪᠤᠳᠠᠯ ᠭᠡᠵᠦ ᠪᠠᠶᠢᠳᠠᠭ ᠦᠭᠡᠢ ᠂ ᠪᠦᠷ ᠵᠢᠵᠢᠭ ᠰᠠᠵᠢᠭ ᠤᠴᠢᠷ ᠂ ᠡᠳᠦᠷ | ᠲᠤᠲᠤᠮ ᠤᠨ ᠬᠤᠭᠤᠯᠠ ᠪᠤᠳᠠᠭ᠎ᠠ ᠳᠠᠪᠤᠰᠤ ᠲᠣᠰᠣ ᠬᠤᠳᠠᠯᠳᠤᠨ ᠠᠪᠬᠤ ᠶᠠᠪᠤᠳᠠᠯ ᠪᠤᠯᠤᠨ᠎ᠠ ᠂ ᠥᠩᠭᠡᠷᠡᠭᠰᠡᠨ ᠳᠤ ᠬᠡᠦᠬᠡᠳ ᠤᠳ ᠬᠦᠷᠭᠡᠵᠦ ᠥᠭᠲᠡᠭ ᠂ ᠣᠳᠣ | ᠬᠠᠷᠢᠨ ᠤᠳᠠᠰᠤᠳᠠᠪᠠᠯ ᠰᠠᠶᠢᠨ ᠳᠤᠷ᠎ᠠ ᠶᠢᠨ ᠦᠢᠯᠡᠴᠢᠯᠡᠭᠴᠢᠳ ᠬᠦᠷᠭᠡᠭᠡᠳ ᠢᠷᠡᠴᠢᠭᠡᠳᠡᠭ ᠂ ᠡᠭᠦᠨ ᠳᠤ ᠮᠠᠰᠢ ᠰᠡᠳᠬᠢᠯ ᠬᠠᠨᠤᠮᠵᠢᠲᠠᠶ ᠪᠠᠶᠢᠨ᠎ᠠ ︾ ᠭᠡᠵᠦ ᠯᠠᠨ | ᠲᠢᠶᠠᠨ ᠵᠡᠭᠡᠯᠢ ᠭᠤᠳᠤᠮᠵᠢ ᠶᠢᠨ ᠰᠠᠭᠤᠭᠠᠯᠢ ᠠᠷᠠᠳ ᠯᠢᠦ ᠯᠠᠨ ᠶᠢᠩ ᠶᠠᠷᠢᠨ᠎ᠠ᠃ | ︽ ᠨᠠᠰᠤᠲᠠᠨ ︾ ᠨᠢ ︽ ᠵᠢᠷᠭᠠᠬᠤ ᠨᠡᠷᠡᠨ ︾ ᠲᠠᠢ ᠬᠤᠯᠪᠣᠯᠳᠤᠵᠤ ᠂ ︽ ᠬᠡᠤᠬᠡᠳ ︾ ᠨᠢ ︽ ᠥᠷᠯᠥᠭᠡ ᠶᠢᠨ ᠨᠡᠷᠡᠨ ︾ ᠲᠠᠢ ᠬᠤᠯᠪᠣᠯᠳᠤᠨ ᠂ ︽ ᠨᠠᠰᠤᠲᠠᠨ ᠪᠠ | ᠬᠡᠤᠬᠡᠳ ︾ ᠨᠢ ᠠᠷᠠᠳ ᠤᠨ ᠠᠮᠢᠳᠤᠷᠠᠯ ᠲᠠᠢ ᠬᠤᠯᠪᠣᠭᠳᠠᠵᠤ ᠪᠠᠶᠢᠳᠠᠭ ᠃ | ᠵᠡᠭᠦᠨᠭᠠᠷ ᠬᠤᠰᠢᠭᠤᠨ ᠤ ᠠᠩᠬᠠᠳᠠᠭᠴᠢ ︽ ᠮᠧᠩ ᠪᠦᠦ ᠥᠷᠲᠡᠭᠡ ︾ ᠪᠣᠯᠤᠭᠰᠠᠨ ᠤ ᠬᠤᠪᠢ ᠳᠤ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ | ᠭᠠᠵᠠᠷ ᠤᠨ ︽ ᠮᠧᠩ ᠪᠦᠦ ᠥᠷᠲᠡᠭᠡ ︾ ᠨᠢ ᠬᠠᠭᠠᠰ ᠵᠢᠯ ᠭᠠᠷᠤᠢ ᠶᠢᠨ ᠬᠤᠭᠤᠴᠠᠭᠠᠨ ᠳᠤ ᠨᠡᠭᠡᠭᠡᠯᠳᠡ ᠬᠢᠵᠤ ᠠᠰᠢᠭᠯᠠᠯᠲᠠ ᠳᠤ ᠣᠷᠣᠭᠰᠠᠨ ᠤ ᠳᠠᠷᠠᠭ᠎ᠠ ᠂ ᠤᠳᠤ | ᠶᠠᠭ ᠰᠠᠶᠢᠬᠠᠨ 2.0 ᠤᠨ ᠬᠡᠪᠯᠡᠯ ᠢ ᠲᠠᠰ ᠳᠡᠪᠰᠢᠭᠦᠯᠵᠦ ᠪᠠᠶᠢᠨ᠎ᠠ ᠃ | | ᠵᠢᠷᠤᠭ ᠄ ᠯᠠᠠ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠮᠧᠩ ᠪᠦᠦ ᠥᠷᠲᠡᠭᠡᠨ ᠤ ᠶᠡᠭᠡ ᠲᠢᠩᠬᠢᠮ ᠪᠤᠯᠤᠨ᠎ᠠ ᠃ | | ᠵᠢᠷᠤᠭ ᠄ ᠯᠠᠠ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠮᠧᠩ ᠪᠦᠦ ᠥᠷᠲᠡᠭᠡᠨ ᠤ ᠬᠦᠭᠡᠷᠤᠬᠦᠨ ᠵᠢᠭᠠᠯ ᠪᠤᠯᠤᠨ᠎ᠠ ᠃ | | ᠵᠢᠷᠤᠭ ᠄ ᠯᠠᠠ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠮᠧᠩ ᠪᠦᠦ ᠥᠷᠲᠡᠭᠡᠨ ᠤ ᠬᠡᠦᠬᠡᠳ ᠤᠳ ᠬᠢᠴᠢᠶᠡᠯ ᠣᠷᠣᠵᠤ ᠪᠠᠶᠢᠭ᠎ᠠ ᠨᠢ ᠃ | | ︽ᠣᠳᠣᠬᠠᠨ ᠳᠤ ᠬᠡᠦᠬᠡᠳ ᠰᠠᠭᠠᠲᠠᠭᠤᠯᠬᠤ 3 ᠠᠩᠭᠢ ᠲᠠᠢ ᠂ ᠬᠢᠴᠢᠶᠡᠯ ᠤᠨ ᠲᠣᠬᠢᠷᠠᠭᠤᠯᠤᠯᠲᠠ ᠳᠤ ᠶᠡᠷᠦᠩᠬᠡᠢ ᠵᠠᠬᠢᠷᠭ᠎ᠠ ᠠᠴᠠ ᠲᠤᠰᠬᠠᠢ ᠬᠢᠴᠢᠶᠡᠯ | ᠳᠤᠬᠢᠷᠠᠭᠤᠯᠤᠨ ᠂ ᠰᠠᠷ᠎ᠠ ᠪᠦᠷᠢ ᠪᠠᠭᠰᠢ ᠨᠠᠷ ᠬᠠᠮᠲᠤ ᠶᠢᠨ ᠪᠣᠯᠪᠠᠰᠤᠷᠠᠯ ᠭᠥᠷᠳᠡᠵᠦ ᠂ ᠬᠢᠴᠢᠶᠡᠯ ᠤᠷᠤᠬᠤ ᠳᠤᠮᠳᠠ ᠴᠤ ᠬᠡᠦᠬᠡᠳ ᠤᠨ ᠵᠠᠷᠢᠮ ᠠᠰᠠᠭᠤᠳᠠᠯ ᠢ | ᠦᠨᠳᠦᠰᠦᠯᠡᠨ ᠴᠠᠭ ᠲᠤᠬᠠᠢ ᠳᠤᠨᠢ ᠲᠣᠬᠢᠷᠠᠭᠤᠯᠤᠯᠲᠠ ᠬᠢᠵᠤ ᠪᠣᠯᠣᠨ᠎ᠠ ︾ ᠃ ᠡᠵᠡᠩᠨᠡᠯᠲᠡ ᠶᠢᠨ ᠲᠠᠯ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠶᠣᠣ ᠶᠣᠣ | ᠪᠠᠭᠰᠢ ᠶᠢᠨ ᠲᠠᠨᠢᠯᠴᠠᠭᠤᠯᠤᠭᠰᠠᠨ ᠢᠶᠠᠷ ᠂ ᠮᠧᠩ ᠪᠦᠦ ᠥᠷᠲᠡᠭᠡ ᠨᠢ ᠭᠤᠣᠯᠳᠠᠭᠤ ᠨᠡᠶᠢᠭᠡᠮ ᠲᠣᠭᠤᠷᠢᠭ ᠤᠨ 0 ︱ 6 ᠨᠠᠰᠤᠨ ᠤ ᠬᠡᠦᠬᠡᠳ ᠲᠠᠢ ᠭᠡᠷ ᠪᠦᠯᠢ ᠳᠤ | ᠦᠢᠯᠡᠴᠢᠯᠡᠵᠦ ᠂ ᠪᠦᠬᠦᠯᠢ ᠡᠳᠦᠷ ᠤᠨ ᠬᠡᠦᠬᠡᠳ ᠰᠠᠭᠠᠲᠠᠭᠤᠯᠬᠤ ᠂ ᠬᠠᠭᠠᠰ ᠡᠳᠦᠷ ᠤᠨ ᠬᠡᠦᠬᠡᠳ ᠰᠠᠭᠠᠲᠠᠭᠤᠯᠬᠤ ᠂ ᠲᠦᠷ ᠴᠠᠭ ᠤᠨ ᠬᠡᠦᠬᠡᠳ ᠰᠠᠭᠠᠲᠠᠭᠤᠯᠬᠤ ᠵᠡᠷᠭᠡ | ᠦᠢᠯᠡᠴᠢᠯᠡᠭᠡ ᠪᠠ ᠡᠷᠲᠡ ᠶᠢᠨ ᠰᠤᠷᠭᠠᠨ ᠬᠥᠮᠦᠵᠢᠯ ᠤᠨ ᠦᠢᠯᠡᠴᠢᠯᠡᠭᠡ ᠬᠠᠩᠭᠠᠳᠠᠭ ᠂ ᠡᠭᠦᠨ ᠤ ᠬᠠᠮᠳᠤ ᠪᠠᠷᠤᠭ 300 ᠬᠡᠦᠬᠡᠳ ᠢ ᠪᠠᠭᠲᠠᠭᠠᠵᠤ ᠪᠣᠯᠬᠤ ᠪᠥᠭᠡᠳ | ᠲᠤᠰᠬᠠᠢ ᠮᠡᠷᠭᠡᠵᠢᠯ ᠤᠨ ᠡᠷᠲᠡ ᠶᠢᠨ ᠰᠤᠷᠭᠠᠨ ᠬᠥᠮᠦᠵᠢᠯ ᠤᠨ ᠪᠠᠭᠰᠢ ᠂ ᠬᠢᠴᠢᠶᠡᠯ ᠤᠨ ᠵᠥᠪᠯᠡᠭᠴᠢ ᠲᠣᠬᠢᠷᠠᠭᠤᠯᠵᠤ ᠂ ᠰᠡᠬᠡᠭᠡᠷᠡᠭᠦᠯᠬᠦ ᠂ ᠳᠠᠭᠤᠤ ᠬᠥᠭᠵᠢᠮ ᠂ ᠪᠥᠬᠦ | ᠲᠠᠷᠢᠬᠢᠨ ᠤ ᠳᠠᠯᠳᠠ ᠴᠢᠳᠠᠪᠤᠷᠢ ᠶᠢ ᠨᠡᠭᠡᠭᠡᠨ ᠬᠥᠭᠵᠢᠭᠦᠯᠬᠦ ᠂ ᠤᠷᠠᠯᠢᠭ ᠵᠡᠷᠭᠡ ᠬᠢᠴᠢᠶᠡᠯ ᠲᠣᠬᠢᠷᠠᠭᠤᠯᠵᠤ ᠪᠤᠢ ᠃ ᠪᠠᠶᠢᠭᠤᠯᠤᠮᠵᠢ ᠠᠴᠠ ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠲᠤ 7.5 ᠨᠤᠭᠤᠯᠤᠭ᠎ᠠ ᠶᠢᠨ ᠬᠠᠷᠠᠭᠠᠯᠵᠠᠯ ᠦᠵᠡᠭᠦᠯᠳᠡᠭ ᠂ ᠲᠤᠬᠠᠶᠢᠯᠠᠪᠠᠯ ᠰᠠᠷ᠎ᠠ ᠪᠦᠷᠢ 1050 ᠲᠥᠭᠦᠷᠢᠭ ᠤᠨ ᠬᠠᠷᠠᠭᠠᠯᠵᠠᠯ ᠦᠵᠡᠭᠦᠯᠵᠦ ᠂ | ᠨᠡᠶᠢᠭᠡᠮ ᠲᠣᠭᠤᠷᠢᠭ ᠤᠨ ᠠᠰᠠᠷᠠᠨ ᠲᠡᠵᠢᠭᠡᠬᠦ ᠬᠥᠮᠥᠨ ᠦᠭᠡᠢ ᠥᠨᠥᠴᠢᠨ ᠬᠡᠦᠬᠡᠳ ᠂ ᠬᠦᠴᠢᠷᠳᠡᠯᠲᠡᠢ ᠭᠡᠷ ᠪᠦᠯᠢ ᠵᠢᠴᠢ ᠵᠡᠮᠳᠡᠭ ᠬᠡᠦᠬᠡᠳ ᠠᠴᠠ ᠰᠦᠢᠳᠬᠡᠯ | ᠬᠤᠷᠢᠶᠠᠬᠤ ᠦᠭᠡᠢ ᠪᠠᠶᠢᠳᠠᠭ ᠃ | ᠬᠡᠦᠬᠡᠳ ᠰᠠᠭᠠᠲᠠᠭᠤᠯᠬᠤ ᠦᠢᠯᠡᠴᠢᠯᠡᠭᠡ ᠨᠢ ᠡᠴᠢᠭᠡ ᠡᠬᠡ ᠶᠢ ᠨᠢ ᠰᠡᠳᠬᠢᠯ ᠠᠮᠤᠷ ᠪᠠᠶᠢᠯᠭᠠᠬᠤ ᠪᠠᠷ ᠪᠠᠷᠠᠬᠤ ᠦᠭᠡᠢ ᠂ ᠨᠠᠩ ᠴᠤ ︽ ᠬᠡᠦᠬᠡᠳ ᠬᠥᠮᠥᠵᠢᠭᠦᠯᠬᠦ ︾ | ᠳᠡᠭᠡᠷ᠎ᠡ ᠬᠦᠴᠦ ᠲᠠᠯᠪᠢᠳᠠᠭ ᠃ ︽ ᠬᠡᠦᠬᠡᠳ ᠢ ᠬᠡᠤᠬᠡᠳ ᠤᠨ ᠴᠡᠴᠡᠷᠯᠢᠭ ᠲᠤ ᠣᠷᠣᠬᠤ ᠠᠴᠠ ᠡᠮᠦᠨᠡᠬᠢ ᠪᠡᠶ᠎ᠡ ᠪᠠᠨ ᠳᠠᠭᠠᠭᠠᠬᠤ ᠴᠢᠳᠠᠪᠤᠷᠢ ᠪᠠ ᠨᠡᠶᠢᠭᠡᠮ ᠤᠨ | ᠬᠠᠷᠢᠯᠴᠠᠭᠠᠨ ᠤ ᠠᠵᠢᠯᠯᠠᠭ᠎ᠠ ᠶᠢ ᠪᠠᠲᠤᠯᠠᠵᠤ ᠂ ᠬᠡᠦᠬᠡᠳ ᠢ ᠬᠡᠦᠬᠡᠳ ᠤᠨ ᠴᠡᠴᠡᠷᠯᠢᠭ ᠲᠤ ᠣᠷᠣᠬᠤ ᠪᠠᠷᠢᠮᠵᠢᠶ᠎ᠠ ᠪᠠ ᠱᠠᠭᠠᠷᠳᠠᠯᠭ᠎ᠠ ᠳᠤ ᠬᠦᠷᠭᠡᠬᠦ ᠶᠢᠨ ᠳᠤᠰᠠᠳᠠ᠂ | ᠮᠧᠩ ᠪᠦᠦ ᠥᠷᠲᠡᠭᠡᠨ ᠤ ᠬᠢᠴᠢᠶᠡᠯ ᠤᠨ ᠠᠭᠤᠯᠭ᠎ᠠ ᠶᠢ ᠬᠡᠦᠬᠡᠳ ᠤᠨ ᠴᠡᠴᠡᠷᠯᠢᠭ ᠤᠨ ᠲᠠᠪᠤᠨ ᠶᠡᠭᠡ ᠬᠦᠷᠢᠶ᠎ᠡ ᠴᠠᠷᠠᠭ᠎ᠠ ᠶᠢ ᠦᠨᠳᠦᠰᠦᠯᠡᠨ ᠲᠣᠬᠢᠷᠠᠭᠤᠯᠤᠭᠰᠠᠨ ᠶᠤᠮ︾ | ᠃ ᠶᠣᠣ ᠶᠣᠣ ᠄ ︽ ᠢᠳᠡᠭᠡᠨ ᠤᠮᠳᠠᠭᠠᠨ ᠤ ᠲᠠᠯ᠎ᠠ ᠪᠠᠷ ᠂ ᠡᠳᠦᠷ ᠤᠨ ᠭᠤᠷᠪᠠᠨ ᠡᠷᠡᠨ ᠤ ᠬᠤᠭᠤᠯᠠ ᠂ ᠢᠳᠡᠭᠡᠨ ᠤ ᠮᠠᠲ᠋ᠧᠷᠢᠶᠠᠯ ᠢ ᠲᠣᠰ ᠡᠳᠦᠷ ᠤᠨ ᠥᠷᠯᠥᠭᠡ | ᠰᠣᠩᠭᠤᠵᠤ ᠬᠤᠳᠠᠯᠳᠤᠨ ᠠᠪᠳᠠᠭ ᠂ ᠵᠠᠯᠭᠠᠭᠠᠳ ᠪᠢᠳᠡ ᠨᠡᠶᠢᠲᠡ ᠶᠢᠨ ᠠᠰᠠᠷᠠᠮᠵᠢ ᠶᠢᠨ ᠬᠢᠴᠢᠶᠡᠯ ᠢ ᠨᠡᠭᠡᠭᠡᠵᠦ ᠂ ᠬᠠᠷᠢᠯᠴᠠᠨ ᠦᠢᠯᠡᠳᠦᠯᠴᠡᠬᠦ ᠴᠢᠨᠠᠷ ᠢ ᠨᠡᠮᠡᠭᠳᠡᠭᠦᠯᠦᠨ ᠂ | ᠬᠢᠴᠢᠶᠡᠯ ᠢ ᠦᠷᠭᠦᠯᠵᠢᠯᠡᠨ ᠰᠢᠯᠢᠳᠡᠭᠵᠢᠭᠦᠯᠵᠦ ᠂ ᠬᠡᠦᠬᠡᠳ ᠲᠡᠭᠡᠨ ᠨᠠᠩ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠵᠤ ᠂ ᠭᠡᠷ ᠤᠨ ᠠᠬᠠᠮᠠᠳ ᠢ ᠰᠠᠨᠠᠭ᠎ᠠ ᠠᠮᠤᠷ | ᠬᠡᠦᠬᠡᠳ ᠢᠶᠠᠨ ᠳᠤᠰᠢᠶᠠᠯᠭᠠᠵᠤ ᠦᠭᠳᠡᠭ ︾ ᠭᠡᠨ᠎ᠠ ᠃ | ᠲᠤᠭ᠎ᠠ ᠪᠠᠷᠢᠮᠲᠠ ᠳᠤ ᠢᠯᠡᠷᠡᠭᠦᠯᠦᠭᠰᠡᠨ ᠢᠶᠠᠷ ᠂ 2024 ᠣᠨ ᠪᠣᠯᠲᠠᠯ᠎ᠠ ᠂ ᠵᠡᠭᠦᠨᠭᠠᠷ ᠬᠤᠰᠢᠭᠤᠨ ᠤ 10 ᠨᠠᠰᠤᠨ ᠠᠴᠠ ᠳᠣᠷᠣᠭᠰᠢᠬᠢ ᠬᠡᠦᠬᠡᠳ 57093 | ᠪᠠᠶᠢᠵᠤ ᠂ 15.71% ᠶᠢ ᠡᠵᠡᠯᠡᠵᠤ ᠪᠤᠢ ᠂ ᠨᠢᠯᠬ᠎ᠠ ᠬᠡᠦᠬᠡᠳ ᠢ ᠠᠰᠠᠷᠠᠵᠤ ᠬᠥᠮᠥᠵᠢᠭᠦᠯᠬᠦ ᠪᠣᠯ ᠣᠯᠠᠨ ᠲᠦᠮᠡᠨ ᠤ ︽ ᠵᠠᠩᠭᠢᠯᠠᠭ᠎ᠠ ᠶᠢᠨ ᠪᠠᠭ᠎ᠠ ᠶᠠᠪᠤᠳᠠᠯ ︾ | ᠪᠤᠯᠤᠨ᠎ᠠ ᠂ ᠪᠠᠰᠠ ᠴᠤ ᠠᠷᠠᠳ ᠤᠨ ᠠᠮᠢᠳᠤᠷᠠᠯ ᠤᠨ ᠶᠡᠭᠡ ᠶᠠᠪᠤᠳᠠᠯ ᠪᠤᠯᠤᠨ᠎ᠠ ᠃ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ︽ ᠮᠧᠩ ᠪᠦᠦ | ᠥᠷᠲᠡᠭᠡ ︾ ᠶᠢ ᠪᠠᠶᠢᠭᠤᠯᠤᠨ ᠬᠡᠷᠡᠭᠯᠡᠭᠰᠡᠨ ᠶᠠᠪᠤᠳᠠᠯ ᠪᠣᠯ ︽ ᠬᠡᠦᠬᠡᠳ ᠤᠨ ᠨᠥᠬᠦᠷᠰᠡᠭ ᠬᠡᠯᠪᠡᠷᠢ ᠶᠢᠨ ᠬᠤᠲᠠ ︾ ᠶᠢ ᠪᠦᠲᠦᠭᠡᠨ ᠪᠠᠶᠢᠭᠤᠯᠬᠤ ᠶᠢᠨ ᠴᠢᠬᠤᠯᠠ ᠠᠷᠭ᠎ᠠ | ᠬᠡᠮᠵᠢᠶ᠎ᠡ ᠪᠤᠯᠬᠤ ᠶᠤᠮ ᠃ | ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠨᠠᠮ ᠤᠨ ᠠᠵᠢᠯᠯᠠᠬᠤ ᠬᠤᠷᠢᠶ᠎ᠠ ᠶᠢᠨ ᠳᠡᠳ᠋ ᠱᠦᠵᠢ ᠂ ᠬᠡᠷᠡᠭ ᠡᠷᠬᠢᠯᠡᠬᠦ ᠭᠠᠵᠠᠷ ᠤᠨ | ᠡᠷᠬᠢᠯᠡᠭᠴᠢ ᠴᠠᠩ ᡁᠢ ᠭᠠᠩ ᠰᠤᠷᠪᠤᠯᠵᠢᠯᠠᠭᠴᠢ ᠳᠤ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ︽ ᠭᠡᠯᠬᠢᠶ᠎ᠠ ᠮᠠᠶ᠋ᠢᠭ ︾ ᠤᠨ ᠨᠡᠶᠢᠭᠡᠮ | ᠲᠣᠭᠤᠷᠢᠭ ᠤᠨ ᠬᠡᠦᠬᠡᠳ ᠰᠠᠭᠠᠲᠠᠭᠤᠯᠬᠤ ᠦᠢᠯᠡᠴᠢᠯᠡᠭᠡ ᠶᠢ ᠦᠷᠭᠦᠯᠵᠢᠯᠡᠨ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ ᠂ ︽ ᠭᠡᠷ ᠲᠡᠭᠡᠨ ᠰᠠᠭᠤᠬᠤ ᠪᠠ ᠨᠡᠶᠢᠭᠡᠮ | ᠲᠣᠭᠤᠷᠢᠭ ᠤᠨ ᠪᠠᠶᠢᠭᠤᠯᠤᠮᠵᠢ ᠶᠢ ᠬᠠᠷᠢᠯᠴᠠᠨ ᠵᠣᠬᠢᠴᠠᠭᠤᠯᠬᠤ ᠂ ᠬᠡᠦᠬᠡᠳ ᠰᠠᠭᠠᠲᠠᠭᠤᠯᠬᠤ ᠪᠠ ᠲᠤᠰᠠᠯᠠᠬᠤ ᠬᠦᠮᠤᠵᠢᠯ ᠢ ᠬᠠᠷᠢᠯᠴᠠᠨ ᠤᠶᠠᠯᠳᠤᠭᠤᠯᠤᠭᠰᠠᠨ | ᠦᠢᠯᠡᠴᠢᠯᠡᠭᠡᠨ ᠤ ᠳᠤᠬᠳᠠᠯᠴᠠᠭ᠎ᠠ ︾ ᠶᠢ ᠪᠠᠶᠢᠭᠤᠯᠵᠤ ᠂ ᠨᠡᠶᠢᠭᠡᠮ ᠲᠣᠭᠤᠷᠢᠭ ᠤᠨ ᠵᠢᠭᠰᠠᠭᠠᠯ ᠤᠨ ᠭᠠᠵᠠᠷ ᠪᠠ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠬᠦᠯᠤᠨ | ᠠᠰᠢᠭᠯᠠᠵᠤ ᠂ ᠯᠠᠨ ᠲᠢᠶᠠᠨ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ︽ 15 ᠮᠢᠨᠦ᠋ᠲ ᠤᠨ ᠬᠡᠦᠬᠡᠳ ᠰᠠᠭᠠᠲᠠᠭᠤᠯᠬᠤ ᠠᠰᠠᠷᠠᠨ ᠬᠠᠷᠠᠭᠠᠯᠵᠠᠬᠤ | ᠦᠢᠯᠡᠴᠢᠯᠡᠭᠡᠨ ᠤ ᠳᠤᠭᠤᠷᠢᠭ ︾ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ ᠂ ᠬᠤᠶᠢᠰᠢᠳᠠ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠲᠠᠢ ᠨᠡᠶᠢᠭᠡᠮ ᠤᠨ ᠵᠣᠬᠢᠶᠠᠨ | ᠪᠠᠶᠢᠭᠤᠯᠤᠯᠲᠠ ᠂ ᠬᠡᠦᠬᠡᠳ ᠰᠠᠭᠠᠲᠠᠭᠤᠯᠬᠤ ᠪᠠᠶᠢᠭᠤᠯᠤᠮᠵᠢ ᠲᠠᠢ ᠬᠠᠮᠲᠤᠷᠠᠨ ᠠᠵᠢᠯᠯᠠᠬᠤ ᠪᠠᠨ ᠴᠢᠩᠭᠠᠳᠬᠠᠵᠤ ᠂ ᠣᠯᠠᠨ ᠲᠦᠮᠡᠨ ᠤ ︽ ᠨᠢᠯᠬ᠎ᠠ ᠬᠡᠦᠬᠡᠳ ᠲᠤ | ᠬᠦᠮᠤᠵᠢᠯ ᠲᠠᠢ ᠂ ᠨᠢᠯᠬ᠎ᠠ ᠬᠡᠦᠬᠡᠳ ᠲᠤ ᠰᠢᠯᠢᠳᠡᠭ ᠬᠦᠮᠤᠵᠢᠯ ᠲᠠᠢ ᠂ ᠨᠢᠯᠬ᠎ᠠ ᠬᠡᠦᠬᠡᠳ ᠲᠤ ᠭᠠᠷᠮᠠᠭᠠᠢ ᠬᠦᠮᠤᠵᠢᠯ ᠲᠠᠢ︾ ᠠᠷᠠᠳ ᠤᠨ ᠠᠮᠢᠳᠤᠷᠠᠯ ᠤᠨ ᠬᠦᠰᠡᠯ | ᠡᠷᠡᠮᠡᠯᠵᠡᠯ ᠢ ᠪᠥᠬᠦ ᠬᠦᠴᠦᠨ ᠢᠶᠠᠷ ᠢᠶᠠᠨ ᠬᠠᠩᠭᠠᠨ᠎ᠠ ᠭᠡᠬᠦ ᠶᠤᠮ ᠃ | ᠠᠳᠡ ᠂ ᠨᠠᠰᠤᠳᠠᠶᠢᠴᠤᠳ ᠲᠠᠭᠠᠨ ᠰᠠᠨᠠᠭ᠎ᠠ ᠵᠣᠪᠠᠭ᠋ᠤ ᠦᠭᠡᠢ ᠂ ᠨᠢᠯᠬᠠᠰ ᠲᠠᠭᠠᠨ ᠰᠠᠨᠠᠭ᠎ᠠ ᠵᠣᠪᠠᠭ᠋ᠤ ᠦᠭᠡᠢ ᠵᠣᠯ ᠵᠢᠷᠭᠠᠯ ᠤᠨ ᠵᠢᠷᠤᠭ ᠠᠭᠠᠵᠢᠮ ᠠᠭᠠᠵᠢᠮ ᠢᠶᠠᠷ | ᠳᠡᠯᠭᠡᠭᠳᠡᠵᠦ ᠪᠠᠶᠢᠨ᠎ᠠ ᠃ | | | |