| ᠰᠢᠨᠬᠤᠸᠠ ᠬᠤᠷᠢᠶᠠᠨ ᠤ ᠪᠡᠭᠡᠵᠢᠩ ᠤᠨ 2 ᠳ᠋ᠤᠭᠠᠷ ᠰᠠᠷ᠎ᠠ ᠶᠢᠨ 10 ᠤ ᠡᠳᠦᠷ ᠤᠨ ᠴᠠᠬᠢᠯᠭᠠᠨ ᠮᠡᠳᠡᠭᠡ ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ | ᠰᠠᠶᠢᠳ ᠯᠢ ᠴᠢᠶᠠᠩ 2 ᠳ᠋ᠤᠭᠠᠷ ᠰᠠᠷ᠎ᠠ ᠶᠢᠨ 10 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢ ᠡᠷᠬᠢᠯᠡᠨ | ᠬᠤᠷᠠᠯᠳᠤᠭᠤᠯᠤᠭᠠᠳ ᠬᠡᠷᠡᠭᠯᠡᠭᠡ ᠶᠢ ᠬᠥᠭᠵᠢᠭᠡᠬᠦ ᠬᠤᠯᠪᠣᠭᠳᠠᠯ ᠪᠦᠬᠦᠢ ᠠᠵᠢᠯ ᠢ ᠰᠤᠳᠤᠯᠵᠤ ᠂ ︽ 2025 ᠣᠨ ᠤ ᠭᠠᠳᠠᠭᠠᠳᠤ ᠪᠡᠯᠡ ᠶᠢ ᠲᠣᠭᠲᠠᠪᠤᠷᠢᠵᠢᠭᠤᠯᠬᠤ | ᠠᠵᠢᠯᠯᠠᠭᠠᠨ ᠤ ᠲᠥᠰᠥᠯ ︾ ᠢ ᠬᠢᠨᠠᠨ ᠵᠥᠪᠯᠡᠵᠦ ᠪᠠᠲᠤᠯᠠᠭᠰᠠᠨ ᠪᠥᠭᠡᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠢ | ᠠᠷᠢᠯᠭᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠂ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ | ᠲᠥᠯᠦᠪᠵᠢᠭᠦᠯᠭᠡ ᠶᠢᠨ ᠬᠠᠤᠯᠢ ︵ ᠲᠥᠰᠥᠯ ︶ ︾ ᠶᠢ ᠶᠠᠷᠢᠯᠴᠠᠪᠠ ᠃ | ᠬᠤᠷᠠᠯᠳᠤᠭᠠᠨ ᠢᠶᠠᠷ ᠂ ᠬᠡᠷᠡᠭᠯᠡᠭᠡ ᠶᠢ ᠬᠥᠭᠵᠢᠭᠡᠬᠦ ᠪᠣᠯ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢᠨ ᠲᠡᠷᠢᠭᠦᠨ ᠴᠢᠬᠤᠯᠠ ᠶᠠᠪᠤᠳᠠᠯ ᠪᠣᠯᠣᠨ᠎ᠠ ᠃ ᠦᠵᠡᠯᠲᠡ ᠪᠠᠨ ᠦᠨᠡᠨ ᠬᠦ ᠬᠤᠪᠢᠷᠠᠭᠤᠯᠤᠨ ᠂ ᠬᠡᠷᠡᠭᠯᠡᠭᠡ ᠶᠢ ᠬᠥᠭᠵᠢᠭᠡᠬᠦ | ᠶᠠᠪᠤᠳᠠᠯ ᠢ ᠨᠡᠩ ᠲᠣᠪᠤᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ ᠃ ᠰᠠᠭᠤᠭᠠᠯᠢ ᠠᠷᠠᠳ ᠤᠨ ᠣᠷᠣᠯᠭ᠎ᠠ ᠪᠠᠨ ᠨᠡᠮᠡᠭᠳᠡᠭᠦᠯᠬᠦ ᠶᠢ ᠬᠦᠴᠦᠲᠡᠢ ᠲᠡᠮᠵᠢᠵᠤ ᠂ ᠴᠠᠯᠢᠩ ᠤᠨ | ᠴᠢᠨᠠᠷᠲᠠᠢ ᠣᠷᠣᠯᠭ᠎ᠠ ᠶᠢᠨ ᠵᠣᠬᠢᠰᠲᠠᠢ ᠨᠡᠮᠡᠭᠳᠡᠬᠦ ᠶᠢ ᠠᠬᠢᠭᠤᠯᠤᠨ ᠂ ᠡᠳ᠋ ᠬᠥᠷᠥᠩᠭᠡ ᠶᠢᠨ ᠴᠢᠨᠠᠷᠲᠠᠢ ᠣᠷᠣᠯᠭ᠎ᠠ ᠶᠢᠨ ᠠᠷᠭ᠎ᠠ ᠵᠠᠮ ᠢ ᠥᠷᠭᠡᠳᠬᠡᠵᠦ ᠂ ᠬᠡᠷᠡᠭᠯᠡᠭᠡ ᠶᠢᠨ | ᠴᠢᠳᠠᠪᠤᠷᠢ ᠶᠢ ᠨᠢ ᠳᠡᠭᠡᠭᠰᠢᠯᠡᠭᠦᠯᠬᠦ ᠬᠡᠷᠡᠭᠲᠡᠢ ᠃ ᠨᠥᠯᠥᠭᠡᠯᠡᠨ ᠳᠠᠭᠠᠭᠤᠯᠬᠤ ᠴᠢᠨᠠᠷ ᠢᠶᠠᠷ ᠴᠢᠩᠭ᠎ᠠ ᠂ ᠨᠡᠮᠡᠭᠳᠡᠬᠦ ᠣᠷᠣᠨ ᠵᠠᠢ ᠪᠠᠷ ᠶᠡᠭᠡ ᠪᠠᠶᠢᠳᠠᠭ ᠬᠡᠷᠡᠭᠯᠡᠭᠡ ᠶᠢᠨ | ᠬᠦᠷᠢᠶ᠎ᠡ ᠴᠠᠷᠠᠭᠠᠨ ᠳᠤ ᠠᠩᠬᠠᠷᠤᠯ ᠢᠶᠠᠨ ᠲᠥᠪᠯᠡᠷᠡᠭᠦᠯᠵᠦ ᠂ ᠬᠡᠷᠡᠭᠯᠡᠭᠡ ᠶᠢᠨ ᠳᠠᠯᠳᠠ ᠬᠦᠴᠦᠨ ᠢ ᠭᠦᠨᠵᠡᠭᠡᠢ ᠠᠭᠤᠳᠠᠯᠬᠤ ᠬᠡᠷᠡᠭᠲᠡᠢ ᠃ ᠦᠢᠯᠡᠴᠢᠯᠡᠭᠡᠨ ᠤ | ᠬᠡᠷᠡᠭᠯᠡᠭᠡ ᠶᠢᠨ ᠴᠢᠨᠠᠷ ᠢ ᠳᠡᠭᠡᠭᠰᠢᠯᠡᠭᠦᠯᠦᠨ ᠠᠷᠠᠳ ᠲᠤ ᠠᠰᠢᠭ ᠬᠦᠷᠲᠡᠭᠡᠬᠦ ᠶᠢ ᠨᠢ ᠠᠬᠢᠭᠤᠯᠵᠤ ᠂ ︽ ᠨᠠᠰᠤᠲᠠᠶᠢᠴᠤᠳ ᠪᠠ ᠨᠠᠰᠤᠨ ᠳᠤ ᠦᠯᠦ ᠬᠦᠷᠦᠭᠰᠡᠳ ︾ ᠲᠤ | ᠦᠢᠯᠡᠴᠢᠯᠡᠬᠦ ᠬᠠᠩᠭᠠᠯᠭ᠎ᠠ ᠶᠢ ᠰᠢᠯᠢᠳᠡᠭᠵᠢᠭᠦᠯᠦᠨ ᠂ ᠠᠷᠠᠳ ᠲᠤ ᠳᠦᠭᠦᠮᠯᠡᠬᠦ ᠦᠢᠯᠡᠴᠢᠯᠡᠭᠡᠨ ᠤ ᠬᠡᠷᠡᠭᠯᠡᠭᠡ ᠶᠢ ᠳᠡᠮᠵᠢᠵᠦ ᠂ ᠰᠣᠶᠣᠯ ᠪᠡᠶ᠎ᠡ ᠶᠢᠨ ᠲᠠᠮᠢᠷ | ᠵᠢᠭᠤᠯᠴᠢᠯᠠᠯ ᠤᠨ ᠬᠡᠷᠡᠭᠯᠡᠭᠡ ᠶᠢ ᠥᠷᠭᠡᠳᠬᠡᠵᠦ ᠂ ᠮᠥᠰᠥ ᠴᠠᠰᠤᠨ ᠤ ᠲᠠᠯ᠎ᠠ ᠪᠠᠷ ᠬᠢ ᠵᠤᠭ᠎ᠠ ᠴᠡᠩᠬᠡᠯ ᠤᠨ ᠬᠡᠷᠡᠭᠯᠡᠭᠡ ᠶᠢ ᠠᠬᠢᠭᠤᠯᠤᠨ ᠂ ᠬᠢᠯᠢ ᠪᠠᠷ ᠵᠢᠭᠤᠯᠴᠢᠯᠠᠨ | ᠢᠷᠡᠭᠰᠡᠳ ᠤᠨ ᠬᠡᠷᠡᠭᠯᠡᠭᠡ ᠶᠢ ᠬᠥᠭᠵᠢᠭᠦᠯᠦᠨ᠎ᠡ ᠃ ᠥᠷᠭᠡᠨ ᠬᠡᠷᠡᠭᠴᠡᠭᠡᠨ ᠤ ᠬᠡᠷᠡᠭᠯᠡᠭᠡ ᠶᠢᠨ ᠠᠭᠤᠯᠭ᠎ᠠ ᠶᠢ ᠰᠢᠨᠡᠳᠬᠡᠨ ᠲᠡᠰ ᠳᠡᠪᠰᠢᠭᠦᠯᠬᠦ ᠶᠢ ᠨᠢ ᠠᠬᠢᠭᠤᠯᠵᠤ ᠂ | ᠬᠡᠷᠡᠭᠯᠡᠭᠡ ᠶᠢᠨ ᠬᠠᠭᠤᠴᠢᠨ ᠵᠦᠢᠯᠡᠰ ᠢᠶᠠᠨ ᠰᠢᠨ᠎ᠡ ᠪᠠᠷ ᠰᠣᠯᠢᠬᠤ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠣᠷᠣᠨ ᠰᠠᠭᠤᠴᠠ ᠶᠢᠨ ᠬᠡᠷᠡᠭᠯᠡᠭᠡ ᠶᠢᠨ ᠬᠡᠷᠡᠭᠴᠡᠭᠡ | ᠱᠠᠭᠠᠷᠳᠠᠯᠭ᠎ᠠ ᠶᠢ ᠨᠡᠩ ᠰᠠᠶᠢᠨ ᠬᠠᠩᠭᠠᠨ ᠂ ᠮᠠᠰᠢᠨ ᠲᠡᠷᠭᠡᠨ ᠤ ᠬᠡᠷᠡᠭᠯᠡᠭᠡ ᠶᠢᠨ ᠬᠡᠯᠬᠢᠶ᠎ᠡ ᠶᠢ ᠤᠷᠲᠤᠳᠬᠠᠨ᠎ᠠ ᠃ ᠬᠡᠷᠡᠭᠯᠡᠭᠡ ᠶᠢᠨ ᠨᠠᠷᠠᠲᠤ ᠲᠡᠮᠳᠡᠭ ᠢᠶᠠᠷ ᠬᠥᠲᠥᠯᠥᠨ | ᠳᠠᠭᠠᠭᠤᠯᠬᠤ ᠶᠢ ᠴᠢᠩᠭᠠᠳᠬᠠᠵᠤ ᠂ ᠰᠢᠨ᠎ᠡ ᠬᠡᠯᠪᠡᠷᠢ ᠶᠢᠨ ᠬᠡᠷᠡᠭᠯᠡᠭᠡ ᠶᠢᠨ ᠲᠦᠷᠭᠡᠨ ᠬᠥᠭᠵᠢᠯᠲᠡ ᠶᠢ ᠳᠡᠮᠵᠢᠵᠦ ᠂ ︽ ᠵᠣᠬᠢᠶᠠᠮᠠᠯ ᠣᠶᠤᠨ + ᠬᠡᠷᠡᠭᠯᠡᠭᠡ ︾ ᠂ ᠡᠷᠡᠭᠦᠯ | ᠬᠡᠷᠡᠭᠯᠡᠭᠡ ᠵᠡᠷᠭᠡ ᠶᠢ ᠠᠬᠢᠭᠤᠯᠤᠨ ᠂ ᠬᠡᠷᠡᠭᠯᠡᠭᠡ ᠶᠢᠨ ᠰᠢᠨ᠎ᠡ ᠦᠢᠯᠡᠳᠬᠦᠨ ᠰᠢᠨ᠎ᠡ ᠠᠬᠤᠢ ᠪᠠᠶᠢᠳᠠᠯ ᠰᠢᠨ᠎ᠡ ᠬᠠᠯᠠᠮᠰᠢᠯ ᠢ ᠦᠷᠭᠦᠯᠵᠢᠯᠡᠨ ᠪᠣᠶ ᠪᠣᠯᠭᠠᠨ᠎ᠠ ᠃ | ᠬᠡᠷᠡᠭᠯᠡᠭᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠬᠦ ᠭᠤᠷᠪᠠᠨ ᠵᠢᠯ ᠤᠨ ᠠᠵᠢᠯᠯᠠᠭᠠᠨ ᠢ ᠬᠡᠷᠡᠭᠵᠢᠭᠦᠯᠵᠦ ᠂ ᠴᠢᠨᠠᠷ ᠴᠢᠨᠰᠠᠭ᠎ᠠ ᠶᠢᠨ ᠪᠠᠷᠢᠮᠵᠢᠶ᠎ᠠ ᠂ ᠢᠲᠡᠭᠡᠮᠵᠢ ᠶᠢᠨ | ᠬᠢᠵᠠᠭᠠᠷᠯᠠᠯ ᠂ ᠶᠡᠷᠦᠩᠬᠡᠶᠢᠯᠡᠭᠰᠡᠨ ᠵᠠᠰᠠᠯᠲᠠ ᠂ ᠬᠡᠷᠡᠭᠯᠡᠭᠡ ᠶᠢᠨ ᠡᠷᠬᠡ ᠶᠢᠨ ᠬᠠᠮᠠᠭᠠᠯᠠᠯᠲᠠ ᠵᠡᠷᠭᠡ ᠳᠦᠷᠢᠮ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ ᠂ ᠤᠯᠠᠨ | ᠲᠦᠮᠡᠨ ᠤ ᠲᠤᠰᠬᠠᠯ ᠶᠡᠬᠡᠲᠡᠢ ᠲᠣᠪᠤᠶᠢᠮ᠎ᠠ ᠠᠰᠠᠭᠤᠳᠠᠯ ᠤᠳ ᠢ ᠬᠦᠴᠦᠯᠡᠨ ᠰᠢᠢᠳᠪᠦᠷᠢᠯᠡᠵᠦ ᠂ ᠬᠡᠷᠡᠭᠯᠡᠭᠡ ᠶᠢᠨ ᠠᠮᠤᠷ ᠰᠠᠶᠢᠬᠠᠨ ᠣᠷᠴᠢᠨ ᠨᠥᠬᠦᠴᠡᠯ ᠢ ᠪᠤᠢ | ᠪᠣᠯᠭᠠᠬᠤ ᠬᠡᠷᠡᠭᠲᠡᠢ ᠭᠡᠵᠦ ᠵᠢᠭᠠᠨ ᠭᠠᠷᠭᠠᠪᠠ ᠃ | ᠬᠤᠷᠠᠯᠳᠤᠭᠠᠨ ᠢᠶᠠᠷ ᠂ ᠭᠠᠳᠠᠭᠠᠳᠤ ᠪᠡᠯᠡ ᠶᠢᠨ ᠠᠵᠤ ᠠᠬᠤᠶᠢᠯᠠᠯ ᠠᠵᠢᠯ ᠣᠯᠭᠤᠬᠤ ᠂ ᠭᠠᠳᠠᠭᠠᠳᠤ ᠭᠠᠷᠭᠠᠯᠲᠠ ᠶᠢ ᠲᠣᠭᠲᠠᠪᠤᠷᠢᠵᠢᠭᠤᠯᠬᠤ ᠂ ᠠᠵᠤ ᠦᠢᠯᠡᠰ ᠤᠨ | ᠲᠡᠰ ᠳᠡᠪᠰᠢᠬᠦ ᠶᠢ ᠠᠬᠢᠭᠤᠯᠬᠤ ᠵᠡᠷᠭᠡ ᠲᠠᠯ᠎ᠠ ᠪᠠᠷ ᠴᠥᠮ ᠴᠢᠬᠤᠯᠠ ᠦᠢᠯᠡᠳᠦᠯ ᠲᠠᠢ ᠪᠠᠶᠢᠳᠠᠭ ᠪᠣᠯᠬᠤᠷ ᠨᠡᠩ ᠤᠯᠠᠨ ᠪᠣᠳᠠᠲᠠᠢ ᠶᠢ ᠡᠷᠬᠢᠮᠯᠡᠭᠰᠡᠨ ᠪᠦᠲᠦᠮᠵᠢᠲᠡᠢ | ᠠᠷᠭ᠎ᠠ ᠬᠡᠮᠵᠢᠶ᠎ᠡ ᠠᠪᠴᠤ ᠪᠠᠶᠢᠭᠠᠳ ᠦᠯᠡᠳᠡᠭᠡᠯ ᠢ ᠲᠣᠭᠲᠠᠪᠤᠷᠢᠵᠢᠭᠤᠯᠵᠤ ᠂ ᠨᠡᠮᠡᠭᠳᠡᠯ ᠢ ᠥᠷᠭᠡᠳᠬᠡᠬᠦ ᠬᠡᠷᠡᠭᠲᠡᠢ ᠃ ᠪᠡᠶ᠎ᠡ ᠪᠠᠨ ᠳᠠᠭᠠᠭᠠᠵᠤ ᠨᠡᠭᠡᠭᠡᠯᠲᠡ ᠬᠢᠬᠦ ᠶᠢ ᠡᠮᠬᠢ | ᠵᠢᠷᠤᠮ ᠲᠠᠢ ᠪᠠᠷ ᠥᠷᠭᠡᠳᠬᠡᠵᠦ ᠂ ᠬᠠᠮᠢᠶ᠎ᠠ ᠪᠦᠬᠦᠢ ᠬᠦᠷᠢᠶ᠎ᠡ ᠴᠠᠷᠠᠭᠠᠨ ᠤ ᠨᠡᠭᠡᠭᠡᠯᠲᠡ ᠬᠢᠬᠦ ᠲᠤᠷᠰᠢᠯᠲᠠ ᠶᠢ ᠭᠦᠨᠵᠡᠭᠡᠶᠢᠷᠡᠭᠦᠯᠵᠦ ᠂ ᠦᠢᠯᠡᠳᠬᠦ ᠦᠢᠯᠡᠰ ᠤᠨ | ᠬᠦᠷᠢᠶᠡᠨ ᠳᠠᠬᠢ ᠭᠠᠳᠠᠭᠠᠳᠤ ᠪᠡᠯᠡ ᠶᠢᠨ ᠵᠥᠪᠰᠢᠶᠡᠷᠡᠨ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠬᠦᠴᠦᠨ ᠦᠭᠡᠢ ᠪᠣᠯᠭᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ ᠂ ᠤᠯᠤᠰ ᠤᠨ ᠦᠢᠯᠡᠴᠢᠯᠡᠭᠡᠨ ᠤ ᠦᠢᠯᠡᠰ ᠤᠨ ᠨᠡᠭᠡᠭᠡᠯᠲᠡ ᠶᠢ ᠥᠷᠭᠡᠳᠬᠡᠬᠦ ᠲᠠᠯ᠎ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠵᠢᠱᠢᠶ᠎ᠡ | ᠦᠵᠡᠭᠦᠯᠬᠦ ᠠᠵᠢᠯ ᠢ ᠰᠢᠯᠢᠳᠡᠭᠵᠢᠭᠦᠯᠵᠦ ᠂ ᠭᠠᠳᠠᠭᠠᠳᠤ ᠶᠢᠨ ᠬᠤᠳᠠᠯᠳᠤᠭᠠᠴᠢᠳ ᠢ ᠵᠣᠷᠢᠭᠵᠢᠭᠤᠯᠵᠤ ᠠᠵᠤ ᠦᠢᠯᠡᠰ ᠲᠤ ᠪᠡᠯᠡ ᠣᠷᠣᠭᠤᠯᠬᠤ ᠬᠡᠪᠴᠢᠶ᠎ᠡ ᠶᠢ | ᠥᠷᠭᠡᠳᠬᠡᠬᠦ ᠬᠡᠷᠡᠭᠲᠡᠢ ᠃ ︽ ᠳᠤᠮᠳᠠᠳᠤ ᠤᠯᠤᠰ ᠲᠤ ᠪᠡᠯᠡ ᠣᠷᠣᠭᠤᠯᠬᠤ ︾ ᠨᠡᠷᠡᠲᠦ ᠲᠡᠮᠳᠡᠭ ᠢ ᠦᠷᠭᠦᠯᠵᠢᠯᠡᠨ ᠴᠣᠭᠴᠠᠯᠠᠵᠤ ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠨ ᠬᠢᠯᠢ ᠶᠢᠨ ᠳᠣᠲᠣᠷᠠᠬᠢ ᠲᠠᠬᠢᠨᠲᠠ ᠪᠡᠯᠡ ᠣᠷᠣᠭᠤᠯᠬᠤ ᠶᠢ ᠨᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠭᠠᠳᠠᠭᠠᠳᠤ ᠪᠡᠯᠡ ᠶᠢᠨ ᠬᠢᠨ ᠤ ᠳᠤᠮᠳᠠᠳᠤ | ᠤᠯᠤᠰ ᠲᠤ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠥᠷᠨᠢᠭᠦᠯᠬᠦ ᠶᠢ ᠵᠣᠷᠢᠭᠵᠢᠭᠤᠯᠵᠤ ᠂ ᠭᠠᠳᠠᠭᠠᠳᠤ ᠪᠡᠯᠡ ᠶᠢᠨ ᠨᠡᠶᠢᠯᠡᠭᠦᠯᠵᠦ ᠬᠤᠳᠠᠯᠳᠤᠨ ᠠᠪᠬᠤ ᠳᠦᠷᠢᠮ | ᠪᠠ ᠨᠡᠶᠢᠯᠡᠭᠦᠯᠵᠦ ᠬᠤᠳᠠᠯᠳᠤᠨ ᠠᠪᠴᠤ ᠠᠷᠠᠯᠵᠢᠶᠠᠯᠠᠬᠤ ᠳᠡᠰ ᠳᠠᠷᠠᠭᠠᠯᠠᠯ ᠢ ᠰᠢᠯᠢᠳᠡᠭᠵᠢᠭᠦᠯᠬᠦ ᠬᠡᠷᠡᠭᠲᠡᠢ ᠃ ᠵᠠᠰᠠᠭ ᠤᠨ ᠣᠷᠳᠣᠨ ᠤ ᠬᠤᠳᠠᠯᠳᠤᠨ ᠠᠪᠬᠤ ᠵᠡᠷᠭᠡ | ᠠᠵᠢᠯ ᠤᠨ ᠳᠤᠮᠳᠠ ᠳᠣᠲᠣᠭᠠᠳᠤ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠠᠳᠠᠯᠢ ᠲᠡᠭᠰᠢ ᠪᠠᠷ ᠬᠠᠨᠳᠤᠬᠤ ᠶᠢ ᠪᠡᠶᠡᠯᠡᠭᠦᠯᠵᠦ ᠂ ᠭᠠᠳᠠᠭᠠᠳᠤ ᠪᠡᠯᠡ ᠶᠢᠨ ᠠᠵᠤ | ᠠᠬᠤᠶᠢᠯᠠᠯ ᠤᠳ ᠤᠨ ᠪᠡᠯᠡ ᠲᠣᠬᠢᠷᠠᠭᠤᠯᠬᠤ ᠠᠷᠭ᠎ᠠ ᠵᠠᠮ ᠢ ᠥᠷᠭᠡᠳᠬᠡᠨ ᠂ ᠮᠡᠳᠡᠯᠭᠡ ᠶᠢᠨ ᠥᠮᠴᠢᠯᠡᠬᠦ ᠡᠷᠬᠡ ᠶᠢ ᠬᠠᠮᠠᠭᠠᠯᠠᠬᠤ ᠡᠷᠴᠢᠮ ᠢ ᠨᠢ ᠴᠢᠩᠭᠠᠷᠠᠭᠤᠯᠬᠤ | ᠬᠡᠷᠡᠭᠲᠡᠢ ᠃ ᠭᠠᠳᠠᠭᠠᠳᠤ ᠪᠡᠯᠡ ᠶᠢᠨ ᠲᠦᠷᠦᠯ ᠵᠦᠢᠯ ᠳᠤ ᠦᠢᠯᠡᠴᠢᠯᠡᠵᠦ ᠪᠠᠲᠤᠯᠠᠬᠤ ᠠᠵᠢᠯ ᠢ ᠰᠠᠶᠢᠲᠤᠷ ᠬᠢᠵᠦ ᠂ ᠬᠢᠯᠢ ᠪᠠᠷ ᠣᠷᠣᠵᠤ ᠭᠠᠷᠬᠤ ᠂ ᠰᠠᠭᠤᠷᠢᠰᠢᠬᠤ ᠪᠠ | ᠲᠦᠷ ᠰᠠᠭᠤᠬᠤ ᠵᠡᠷᠭᠡ ᠲᠠᠯ᠎ᠠ ᠪᠠᠷ ᠭᠠᠳᠠᠭᠠᠳᠤ ᠶᠢᠨ ᠠᠵᠤ ᠠᠬᠤᠶᠢᠯᠠᠯ ᠤᠨ ᠬᠥᠮᠥᠰ ᠤᠨ ᠶᠠᠪᠤᠵᠤ ᠰᠠᠭᠤᠬᠤ ᠳᠤ ᠨᠡᠩ ᠳᠦᠭᠦᠮᠯᠡᠬᠦ ᠬᠡᠷᠡᠭᠲᠡᠢ ᠬᠡᠮᠡᠨ ᠵᠢᠭᠠᠵᠤ | ᠭᠠᠷᠭᠠᠪᠠ ᠃ | ᠬᠤᠷᠠᠯᠳᠤᠭᠠᠨ ᠢᠶᠠᠷ ᠂ ᠬᠠᠩᠭᠠᠯᠭ᠎ᠠ ᠬᠡᠷᠡᠭᠴᠡᠭᠡ ᠬᠤᠶᠠᠷ ᠲᠠᠯ᠎ᠠ ᠠᠴᠠ ᠬᠦᠴᠦᠯᠡᠬᠦ ᠶᠢ ᠪᠠᠷᠢᠮᠲᠠᠯᠠᠵᠤ ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠵᠤ | ᠪᠠᠶᠢᠭᠠᠳ ᠭᠤᠣᠯᠳᠠᠯᠭ᠎ᠠ ᠪᠣᠯᠬᠤ ᠠᠵᠤ ᠦᠢᠯᠡᠰ ᠤᠨ ᠪᠦᠲᠦᠴᠡ ᠶᠢᠨ ᠴᠢᠨᠠᠷᠲᠠᠢ ᠵᠥᠷᠢᠴᠡᠯ ᠵᠡᠷᠭᠡ ᠠᠰᠠᠭᠤᠳᠠᠯ ᠢ ᠰᠢᠢᠳᠪᠦᠷᠢᠯᠡᠨ ᠂ ᠠᠵᠤ ᠦᠢᠯᠡᠰ ᠤᠨ ᠡᠷᠡᠭᠦᠯ ᠢᠶᠠᠷ | ᠬᠥᠭᠵᠢᠬᠦ ᠪᠠ ᠴᠢᠨᠠᠷ ᠴᠢᠨᠰᠠᠭ᠎ᠠ ᠪᠠᠨ ᠰᠠᠶᠢᠵᠢᠷᠠᠭᠤᠯᠤᠨ ᠲᠡᠰ ᠳᠡᠪᠰᠢᠬᠦ ᠶᠢ ᠨᠢ ᠠᠬᠢᠭᠤᠯᠬᠤ ᠬᠡᠷᠡᠭᠲᠡᠢ ᠃ ᠠᠵᠤ ᠦᠢᠯᠡᠰ ᠤᠨ ᠪᠠᠶᠢᠷᠢᠰᠢᠭᠤᠯᠤᠯᠲᠠ ᠶᠢ | ᠰᠢᠯᠢᠳᠡᠭᠵᠢᠭᠦᠯᠵᠦ ᠂ ᠪᠠᠷᠢᠮᠵᠢᠶ᠎ᠠ ᠪᠠᠷ ᠬᠥᠲᠥᠯᠥᠨ ᠳᠠᠭᠠᠭᠤᠯᠬᠤ ᠶᠢ ᠴᠢᠩᠭᠠᠳᠬᠠᠵᠤ ᠂ ᠨᠡᠶᠢᠳᠬᠡᠵᠦ ᠳᠠᠬᠢᠨᠲᠠ ᠵᠣᠬᠢᠶᠠᠨ ᠪᠠᠶᠢᠭᠤᠯᠬᠤ ᠶᠢ ᠠᠬᠢᠭᠤᠯᠵᠤ ᠂ | ᠬᠤᠴᠣᠷᠤᠩᠭᠤᠢ ᠪᠥᠭᠡᠳ ᠦᠷ᠎ᠡ ᠠᠰᠢᠭ ᠢᠶᠠᠷ ᠳᠣᠣᠷ᠎ᠠ ᠦᠢᠯᠡᠳᠪᠦᠷᠢᠯᠡᠬᠦ ᠴᠢᠳᠠᠮᠵᠢ ᠶᠢᠨ ᠵᠠᠬ᠎ᠠ ᠳᠡᠯᠭᠡᠭᠦᠷ ᠠᠴᠠ ᠪᠤᠴᠠᠵᠤ ᠭᠠᠷᠬᠤ ᠶᠢ ᠨᠢ ᠠᠬᠢᠭᠤᠯᠵᠤ ᠂ ᠳᠡᠭᠡᠳᠦ | ᠲᠡᠰ ᠤᠨ ᠦᠢᠯᠡᠳᠪᠦᠷᠢᠯᠡᠬᠦ ᠴᠢᠳᠠᠮᠵᠢ ᠶᠢᠨ ᠬᠠᠩᠭᠠᠯᠭ᠎ᠠ ᠶᠢ ᠨᠡᠮᠡᠭᠳᠡᠭᠦᠯᠬᠦ ᠬᠡᠷᠡᠭᠲᠡᠢ ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠰᠢᠯᠢᠳᠡᠭᠵᠢᠭᠦᠯᠵᠦ ᠂ ᠠᠵᠢᠯ | ᠲᠦᠷᠦᠯ ᠤᠨ ᠥᠪᠡᠷ ᠢ ᠪᠠᠨ ᠱᠠᠭᠠᠷᠳᠠᠬᠤ ᠶᠢ ᠨᠢ ᠴᠢᠩᠭᠠᠳᠬᠠᠵᠤ ᠂ ᠭᠤᠣᠯᠴᠢ ᠪᠠᠷ ᠥᠷᠢᠰᠦᠯᠳᠦᠬᠦ ᠂ ᠰᠢᠯᠢᠳᠡᠭ ᠨᠢ ᠰᠢᠯᠢᠭᠳᠡᠵᠦ ᠰᠢᠭᠠᠷᠤ ᠨᠢ ᠰᠢᠭᠰᠢᠭᠳᠡᠬᠦ ᠵᠠᠬ᠎ᠠ | ᠳᠡᠯᠭᠡᠭᠦᠷ ᠤᠨ ᠡᠮᠬᠢ ᠳᠢᠭᠯᠢᠮ ᠢ ᠬᠠᠮᠲᠤ ᠪᠠᠷ ᠬᠠᠮᠠᠭᠠᠯᠠᠬᠤ ᠬᠡᠷᠡᠭᠲᠡᠢ ᠬᠡᠮᠡᠨ ᠵᠢᠭᠠᠵᠤ ᠭᠠᠷᠭᠠᠪᠠ ᠃ | ᠬᠤᠷᠠᠯᠳᠤᠭᠠᠨ ᠢᠶᠠᠷ ︽ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠬᠠᠤᠯᠢ ︵ ᠲᠥᠰᠥᠯ ︶ ︾ | ᠶᠢ ᠶᠠᠷᠢᠯᠴᠠᠭᠠᠳ ᠵᠠᠷᠴᠢᠮ ᠤᠨ ᠲᠠᠯ᠎ᠠ ᠪᠠᠷ ᠪᠠᠲᠤᠯᠠᠨ ᠂ ᠲᠥᠰᠥᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ | ᠬᠤᠷᠢᠶᠠᠨ ᠳᠤ ᠳᠡᠪᠰᠢᠭᠦᠯᠵᠦ ᠬᠢᠨᠠᠨ ᠵᠥᠪᠯᠡᠭᠦᠯᠬᠦ ᠪᠠᠷ ᠲᠣᠭᠲᠠᠪᠠ ᠃ ᠬᠤᠷᠠᠯᠳᠤᠭᠠᠨ ᠢᠶᠠᠷ ᠂ ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢ ᠨᠠᠶᠢᠷᠠᠭᠤᠯᠤᠨ | ᠵᠣᠬᠢᠶᠠᠬᠤ ᠠᠵᠢᠯ ᠤᠨ ᠰᠢᠨᠵᠢᠯᠡᠬᠦ ᠤᠬᠠᠭᠠᠨᠴᠢᠯᠠᠬᠤ ᠂ ᠠᠷᠠᠳᠴᠢᠯᠠᠬᠤ ᠂ ᠬᠠᠤᠯᠢᠵᠢᠭᠤᠯᠬᠤ ᠂ ᠵᠢᠷᠤᠮᠵᠢᠭᠤᠯᠬᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ ᠂ | ᠤᠯᠤᠰ ᠤᠨ ᠬᠥᠭᠵᠢᠯᠲᠡ ᠶᠢᠨ ᠲᠥᠯᠦᠪᠵᠢᠭᠦᠯᠭᠡ ᠶᠢᠨ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠬᠤ ᠬᠡᠷᠡᠭᠲᠡᠢ | ᠬᠡᠮᠡᠨ ᠵᠢᠭᠠᠵᠤ ᠭᠠᠷᠭᠠᠪᠠ ᠃ | ᠬᠤᠷᠠᠯᠳᠤᠭᠠᠨ ᠢᠶᠠᠷ ᠪᠠᠰᠠ ᠪᠤᠰᠤᠳ ᠵᠦᠢᠯᠡᠰ ᠢ ᠰᠤᠳᠤᠯᠪᠠ ᠃ | | |