| | ᠬᠠᠪᠤᠷ ᠤᠨ ᠤᠯᠠᠷᠢᠯ ᠪᠣᠯᠬᠤ ᠲᠠᠢ ᠵᠡᠷᠭᠡ ᠲᠠᠷᠢᠶᠠᠴᠢᠨ ᠡᠷᠦᠬᠡ ᠲᠠᠷᠢᠶᠠᠯᠠᠭ᠎ᠠ ᠶᠢᠨ ᠠᠵᠢᠯ ᠢᠶᠠᠨ ᠡᠬᠢᠯᠡᠨ ᠳᠦᠯᠦᠪᠵᠢᠬᠦᠯᠤᠨ᠎ᠠ ᠃ | ᠱᠢ ᠡᠯ ᠯᠢᠶᠠᠨ ᠴᠧᠩ ᠰᠢᠶᠠᠩ ᠤᠨ ᠪᠠᠷᠠᠭᠤᠨ ᠴᠠᠶᠢᠳᠠᠮ ᠲᠣᠰᠬᠤᠨ ᠳᠤ ᠪᠠᠶᠢᠷᠢᠯᠠᠵᠤ ᠪᠠᠶᠢᠭ᠎ᠠ ᠣᠷᠭᠠᠨᠢᠭ ᠪᠣᠷᠳᠣᠭᠤᠷ ᠤᠨ ᠦᠢᠯᠡᠳᠪᠦᠷᠢ ᠶᠢᠨ | ᠦᠢᠯᠡᠳᠪᠦᠷᠢ ᠶᠢᠨ ᠲᠠᠰᠤᠭ ᠲᠤ ᠂ ᠮᠠᠰᠢᠨ ᠳᠤᠨᠤᠬᠯᠠᠯ ᠬᠦᠷᠴᠢᠬᠢᠨᠡᠨ ᠂ ᠠᠵᠢᠯᠴᠢᠳ ᠠᠴᠢᠶᠠᠯᠠᠬᠤ ᠮᠠᠰᠢᠨ ᠢᠶᠠᠨ ᠵᠢᠯᠣᠭᠤᠳᠤᠨ ᠣᠷᠭᠠᠨᠢᠭ ᠪᠣᠷᠳᠣᠭᠤᠷ ᠤᠨ ᠲᠦᠭᠦᠬᠡᠢ | ᠮᠠᠲ᠋ᠧᠷᠢᠶᠠᠯ ᠢ ᠮᠠᠲ᠋ᠧᠷᠢᠶᠠᠯ ᠨᠠᠶᠢᠷᠠᠭᠤᠯᠬᠤ ᠠᠦ᠋ᠲ᠋ᠣ᠋ ᠮᠠᠰᠢᠨ ᠳᠤ ᠳᠠᠯᠪᠢᠨ ᠤᠷᠤᠭᠤᠯᠵᠤ ᠂ ᠬᠤᠳᠬᠤᠬᠤ᠂ ᠢᠰᠬᠡᠬᠦ ᠂ ᠤᠷᠪᠠᠭᠤᠯᠬᠤ ᠵᠡᠷᠭᠡ ᠤᠯᠠᠨ ᠵᠦᠢᠯ ᠤᠨ | ᠠᠵᠢᠯ ᠤᠨ ᠳᠠᠷᠠᠭᠠᠯᠠᠯ ᠢᠶᠠᠷ ᠳᠠᠮᠵᠢᠭᠤᠯᠤᠨ ᠤᠭᠤᠲᠠᠯᠠᠵᠤ ᠂ ᠲᠡᠷᠭᠡᠨ ᠳᠤ ᠲᠡᠭᠡᠭᠡᠵᠦ ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠵᠠᠬ᠎ᠠ ᠳᠡᠯᠭᠡᠭᠦᠷ ᠲᠤ | ᠪᠣᠷᠣᠯᠠᠭᠤᠯᠤᠨ᠎ᠠ ᠃ | | | | | | ᠲᠤᠰ ᠣᠷᠭᠠᠨᠢᠭ ᠪᠣᠷᠳᠣᠭᠤᠷ ᠤᠨ ᠦᠢᠯᠡᠳᠪᠦᠷᠢ ᠶᠢ 2024 ᠣᠨ ᠳᠤ ᠪᠡᠯᠡ ᠤᠷᠤᠭᠤᠯᠤᠨ ᠪᠦᠳᠤᠭᠡᠨ ᠪᠠᠶᠢᠭᠤᠯᠵᠤ ᠂ 1300 ᠭᠠᠷᠤᠢ ᠲᠦᠮᠡᠨ | ᠲᠥᠭᠦᠷᠢᠭ ᠤᠨ ᠪᠡᠯᠡ ᠣᠷᠣᠭᠤᠯᠤᠨ ᠂ 5 ᠲᠦᠮᠡᠨ ᠲᠣᠨ ᠤ ᠪᠣᠷᠳᠣᠭᠤᠷ ᠤᠨ ᠦᠢᠯᠡᠳᠪᠦᠷᠢᠯᠡᠯ ᠤᠨ ᠴᠢᠳᠠᠪᠤᠷᠢ ᠶᠢ ᠪᠦᠷᠢᠳᠦᠭᠦᠯᠵᠦ ᠂ ᠦᠢᠯᠡᠳᠪᠦᠷᠢᠯᠡᠵᠤ | ᠭᠠᠷᠭᠠᠬᠰᠠᠨ ᠪᠣᠷᠳᠣᠭᠤᠷ ᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠲᠠᠷᠢᠮᠠᠯ ᠵᠢᠴᠢ ᠬᠦᠪᠰᠦᠭᠡᠷ ᠬᠥᠷᠥᠰᠥ ᠪᠣᠯᠣᠨ ᠬᠤᠵᠢᠷᠯᠢᠭ ᠭᠠᠵᠠᠷ ᠢ ᠥᠭᠡᠷᠡᠴᠢᠯᠡᠬᠦ ᠳᠤ | ᠬᠡᠷᠡᠭᠯᠡᠵᠤ ᠪᠠᠶᠢᠳᠠᠭ ᠃ ᠦᠢᠯᠡᠳᠪᠦᠷᠢᠯᠡᠯ ᠤᠨ ᠵᠠᠭᠪᠤᠷ ᠲᠤ ᠲᠥᠪᠯᠡᠷᠡᠭᠦᠯᠦᠨ ᠴᠤᠭᠯᠠᠭᠤᠯᠵᠤ ᠬᠤᠣᠷ ᠦᠭᠡᠶᠢᠳᠡᠬᠦᠯᠤᠨ ᠰᠢᠢᠳᠪᠦᠷᠢᠯᠡᠬᠦ ᠪᠠ ᠴᠡᠭ ᠲᠣᠭᠲᠠᠭᠠᠨ | ᠬᠠᠳᠠᠭᠠᠯᠠᠵᠤ ᠢᠰᠬᠡᠬᠦ ᠠᠷᠭ᠎ᠠ ᠪᠠᠷᠢᠯ ᠢ ᠭᠡᠷᠡᠭᠯᠡᠨ ᠂ ᠣᠷᠭᠠᠨᠢᠭ ᠪᠣᠷᠳᠣᠭᠤᠷ ᠤᠨ ᠲᠦᠭᠦᠬᠡᠢ ᠮᠠᠲ᠋ᠧᠷᠢᠶᠠᠯ ᠪᠤᠯᠬᠤ ᠬᠤᠨᠢᠨ ᠬᠤᠷᠭᠤᠯ ᠤᠨ ᠡᠵᠡᠯᠡᠬᠦ ᠬᠠᠷᠢᠴᠠᠯ ᠢ | 70% ᠠᠴᠠ ᠳᠠᠪᠠᠭᠤᠯᠤᠨ ᠂ ︽ ᠳᠠᠷᠢᠮᠠᠯ ᠤᠨ ᠡᠷᠦᠬᠡ + ᠠᠵᠤ ᠠᠬᠤᠶᠢᠯᠠᠯ ︾ ᠂ ︽ ᠲᠡᠵᠢᠭᠡᠪᠤᠷᠢ ᠶᠢᠨ ᠡᠷᠦᠬᠡ + ᠠᠵᠤ ᠠᠬᠤᠶᠢᠯᠠᠯ ︾ ᠤᠨ ᠦᠢᠯᠡᠳᠪᠦᠷᠢᠯᠡᠯ ᠤᠨ | ᠵᠠᠭᠪᠤᠷ ᠲᠠᠢ ᠤᠶᠠᠯᠳᠤᠭᠤᠯᠵᠤ ᠂ ᠲᠠᠷᠢᠶᠠᠯᠠᠩ ᠮᠠᠯ ᠠᠵᠤ ᠠᠬᠤᠢ ᠶᠢᠨ ᠡᠷᠭᠢᠯᠳᠡ ᠶᠢᠨ ᠴᠢᠨᠠᠷᠵᠢᠯ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠬᠤ | ᠪᠤᠯᠤᠨ᠎ᠠ ᠃ ᠣᠳᠣᠬᠠᠨ ᠳᠤ ᠂ ᠲᠦᠭᠦᠬᠡᠢ ᠮᠠᠲ᠋ᠧᠷᠢᠶᠠᠯ ᠤᠨ ᠶᠡᠷᠦᠩᠬᠡᠢ ᠬᠥᠮᠥᠷᠭᠡ ᠶᠢᠨ ᠬᠠᠳᠠᠭᠠᠯᠠᠴᠠ 5 ᠲᠦᠮᠡᠨ ᠲᠣᠨ ᠳᠤ ᠬᠦᠷᠴᠦ ᠂ ᠪᠦᠲᠦᠭᠡᠭᠳᠡᠬᠦᠨ ᠤ | ᠬᠥᠮᠥᠷᠭᠡ ᠶᠢᠨ ᠬᠠᠳᠠᠭᠠᠯᠠᠴᠠ 3000 ᠭᠠᠷᠤᠢ ᠲᠣᠨ ᠳᠤ ᠬᠦᠷᠴᠦ᠂ ᠬᠠᠪᠤᠷ ᠤᠨ ᠲᠠᠷᠢᠶᠠᠯᠠᠭ᠎ᠠ ᠳᠤ ᠭᠦᠢᠴᠡᠳ ᠪᠡᠯᠡᠳᠬᠡᠯ ᠬᠢᠵᠤ ᠪᠠᠶᠢᠨ᠎ᠠ ᠃ | | | | | | ︽ᠡᠨᠡ ᠪᠣᠯ ᠪᠠᠷᠠᠭᠤᠨ ᠴᠠᠶᠢᠳᠠᠮ ᠲᠣᠰᠬᠤᠨ ᠤ ᠲᠣᠰᠬᠤᠨ ᠤ ᠬᠠᠮᠲᠤ ᠶᠢᠨ ᠠᠵᠤ ᠠᠬᠤᠢ ᠶᠢᠨ ᠲᠦᠷᠦᠯ ᠵᠦᠢᠯ ᠪᠠᠶᠢᠵᠤ ᠂ ᠲᠤᠰ ᠦᠢᠯᠡᠳᠪᠦᠷᠢ | ᠪᠠᠶᠢᠭᠤᠯᠤᠭᠳᠠᠭᠰᠠᠨ ᠨᠢ ᠲᠣᠰᠬᠤᠨ ᠤ 20 ᠭᠠᠷᠤᠢ ᠦᠯᠡᠭᠦᠴᠡ ᠬᠥᠳᠡᠯᠮᠦᠷᠢ ᠬᠦᠴᠦᠨ ᠳᠤ ᠠᠵᠢᠯ ᠤᠯᠭᠤᠨ ᠂ ᠲᠣᠰᠬᠤᠨ ᠤ ᠬᠠᠮᠲᠤ ᠶᠢᠨ ᠠᠵᠤ ᠠᠬᠤᠢ ᠳᠤ 50 | ᠲᠦᠮᠡᠨ ᠲᠥᠭᠦᠷᠢᠭ ᠤᠨ ᠴᠡᠪᠡᠷ ᠣᠷᠣᠯᠭ᠎ᠠ ᠶᠢ ᠡᠭᠦᠳᠴᠦ ᠦᠭᠴᠡᠢ ᠃ ᠵᠠᠯᠭᠠᠭᠠᠳ ᠪᠢᠳᠡ ᠪᠠᠰᠠ ᠤᠰᠤᠨ ᠳᠤ ᠠᠭᠤᠰᠬᠤ ᠪᠣᠷᠳᠣᠭᠤᠷ ᠵᠢᠴᠢ ᠴᠡᠴᠡᠷᠯᠢᠭ ᠲᠤ | ᠬᠡᠷᠡᠭᠯᠡᠬᠦ ᠡᠯ᠎ᠡ ᠵᠦᠢᠯ ᠤᠨ ᠪᠣᠷᠳᠣᠭᠤᠷ ᠢ ᠨᠡᠮᠡᠭᠳᠡᠭᠦᠯᠬᠦ ᠪᠣᠯᠣᠨ᠎ᠠ︾ ᠭᠡᠵᠦ ᠪᠠᠷᠠᠭᠤᠨ ᠴᠠᠶᠢᠳᠠᠮ ᠲᠣᠰᠬᠤᠨ ᠤ ᠨᠠᠮ ᠤᠨ ᠡᠭᠦᠷ ᠤᠨ ᠱᠦᠵᠢ ᠪᠥᠭᠡᠳ ᠲᠣᠰᠬᠤᠨ ᠤ | ᠠᠷᠠᠳ ᠤᠨ ᠵᠥᠪᠯᠡᠯ ᠤᠨ ᠡᠷᠬᠢᠯᠡᠭᠴᠢ ᠳ᠋ᠤᠸᠠᠨ ᠢᠦᠢ ᠴᠧᠩ ᠶᠠᠷᠢᠨ᠎ᠠ ᠃ | | | | | | ᠬᠠᠪᠤᠷ ᠳᠠᠷᠢᠶᠠᠨ ᠳᠠᠭᠠᠨ ᠪᠦᠷᠬᠦᠵᠦ ᠂ ᠨᠠᠮᠤᠷ ᠡᠯᠪᠡᠭ ᠬᠤᠷᠢᠶᠠᠯᠳᠠ ᠬᠤᠷᠢᠶᠠᠨ᠎ᠠ ᠃ ᠰᠦᠯᠢᠶᠤᠤ ᠪᠦᠷᠬᠦᠪᠴᠢ ᠶᠢᠨ ᠠᠵᠢᠯ ᠢ ᠰᠠᠶᠢᠲᠤᠷ ᠬᠢᠬᠦ ᠪᠣᠯ ᠬᠠᠪᠤᠷ ᠤᠨ | ᠲᠠᠷᠢᠶᠠᠯᠠᠭ᠎ᠠ ᠶᠢ ᠤᠷᠤᠬᠰᠢᠳᠠᠢ ᠶᠠᠪᠤᠬᠳᠠᠭᠤᠯᠤᠨ᠂ ᠠᠮᠤ ᠪᠤᠳᠠᠭᠠᠨ ᠤ ᠣᠷᠣᠯᠭ᠎ᠠ ᠶᠢᠨ ᠨᠡᠮᠡᠭᠳᠡᠯ ᠢ ᠠᠬᠢᠭᠤᠯᠬᠤ ᠶᠢᠨ ᠵᠠᠩᠭᠢᠯᠠᠭ᠎ᠠ ᠪᠣᠯᠣᠨ᠎ᠠ ᠃ ᠤᠳᠤ ᠦᠶ᠎ᠡ ᠶᠢᠨ | ᠳᠠᠷᠢᠶᠠᠯᠠᠩ ᠤᠶᠢᠯᠡᠳᠪᠤᠷᠢᠯᠡᠯ ᠳᠤ ᠰᠢᠨ᠎ᠡ ︽ ᠪᠦᠷᠬᠦᠪᠴᠢ︾ ᠶᠢᠨ ᠬᠦᠴᠦᠨ ᠢ ᠪᠠᠳᠠᠷᠠᠭᠤᠯᠬᠤ ᠶᠢᠨ ᠳᠤᠰᠠᠳᠠ᠂ ᠱᠢ ᠡᠯ ᠯᠢᠶᠠᠨ ᠴᠧᠩ ᠰᠢᠶᠠᠩ ᠤᠨ ᠰᠤᠬᠠᠶᠢᠲᠤ | ᠲᠣᠰᠬᠤᠨ ᠤ ᠰᠦᠯᠢᠶᠥᠦ ᠪᠦᠷᠬᠦᠪᠴᠢ ᠶᠢᠨ ᠦᠢᠯᠡᠳᠪᠦᠷᠢ ᠪᠠᠶᠢᠭᠤᠯᠤᠬᠳᠠᠵᠤ ᠪᠤᠢ ᠪᠤᠯᠤᠬᠰᠠᠨ ᠪᠠᠶᠢᠨ᠎ᠠ ᠃ ᠲᠤᠰ ᠦᠢᠯᠡᠳᠪᠦᠷᠢ ᠨᠢ 8 ᠦᠢᠯᠡᠳᠪᠦᠷᠢᠯᠡᠯ ᠤᠨ | ᠱᠤᠭᠤᠮ ᠲᠠᠢ ᠂ ᠵᠢᠯ ᠤᠨ ᠦᠢᠯᠡᠳᠪᠦᠷᠢᠯᠡᠯ ᠤᠨ ᠴᠢᠳᠠᠪᠤᠷᠢ ᠨᠢ 2000 ᠭᠠᠷᠤᠢ ᠲᠣᠨ ᠰᠦᠯᠢᠶᠥᠦ ᠪᠦᠷᠬᠦᠪᠴᠢ ᠳᠤ ᠬᠦᠷᠴᠦ ᠂ ᠵᠡᠭᠦᠨᠭᠠᠷ ᠬᠤᠰᠢᠭᠤ ᠵᠢᠴᠢ ᠤᠶᠢᠷ᠎ᠠ | ᠬᠠᠪᠢ ᠶᠢᠨ ᠭᠠᠵᠠᠷ ᠣᠷᠣᠨ ᠤ 50 ᠲᠦᠮᠡ ᠭᠠᠷᠤᠢ ᠮᠦ ᠭᠠᠵᠠᠷ ᠰᠢᠷᠣᠢ ᠶᠢᠨ ᠬᠡᠷᠡᠭᠯᠡᠯᠲᠡ ᠶᠢ ᠬᠠᠩᠭᠠᠵᠤ ᠴᠢᠳᠠᠨ᠎ᠠ ᠃ ᠬᠠᠳᠠᠭᠠᠯᠠᠬᠤ ᠲᠠᠰᠤᠭ ᠲᠤ ᠬᠦᠷᠬᠦ ᠳᠤ ᠂ | 500 ᠭᠠᠷᠤᠢ ᠲᠣᠨ ᠰᠦᠯᠢᠶᠥᠦ ᠪᠦᠷᠬᠦᠪᠴᠢ ᠶᠢ ᠣᠪᠣᠭᠠᠯᠠᠵᠤ᠂ ᠬᠥᠮᠥᠷᠭᠡ ᠶᠢ ᠫᠢᠭ ᠳᠦᠬᠦᠭᠡᠷᠭᠡᠵᠡᠢ᠃ | ︽ ᠬᠠᠪᠤᠷ ᠤᠨ ᠲᠠᠷᠢᠶᠠᠯᠠᠭ᠎ᠠ ᠶᠢ ᠨᠠᠩ ᠪᠣᠬᠢᠷᠲᠤᠯ ᠦᠭᠡᠢ ᠪᠣᠯᠭᠠᠬᠤ ᠶᠢᠨ ᠳᠤᠰᠠᠳᠠ ᠂ 2025 ᠣᠨ ᠳᠤ ᠦᠢᠯᠡᠳᠪᠦᠷᠢ ᠶᠢᠨ ᠬᠢᠨ ᠪᠠᠰᠠ ᠨᠢᠭᠡ ᠵᠤᠷᠪᠤᠰ ᠪᠦᠷᠢᠨ | ᠵᠠᠳᠠᠷᠠᠵᠤ ᠪᠤᠯᠬᠤ ᠰᠦᠯᠢᠶᠥᠦ ᠪᠦᠷᠬᠦᠪᠴᠢ ᠶᠢᠨ ᠦᠢᠯᠡᠳᠪᠦᠷᠢᠯᠡᠯ ᠤᠨ ᠱᠤᠭᠤᠮ ᠢ ᠨᠡᠮᠡᠵᠦ ᠂ ᠤᠯᠠᠮᠵᠢᠯᠠᠯᠲᠤ ᠰᠦᠯᠢᠶᠥᠦ ᠪᠦᠷᠬᠦᠪᠴᠢ ᠶᠢ ᠬᠤᠷᠢᠶᠠᠨ ᠠᠪᠬᠤ ᠳᠤ | ᠬᠦᠴᠢᠷ ᠂ ᠣᠷᠣᠯᠠᠬᠤ ᠥᠪᠡᠷ ᠤᠨ ᠥᠷᠲᠡᠭ ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠦ ᠂ ᠬᠥᠷᠥᠰᠥ ᠰᠢᠷᠣᠢ ᠶᠢᠨ ᠣᠷᠴᠢᠨ ᠳᠤᠭᠤᠷᠢᠨ ᠤ ᠪᠣᠬᠢᠷᠲᠤᠯ ᠢ ᠡᠬᠢ | ᠡᠭᠦᠰᠦᠯ ᠠᠴᠠ ᠨᠢ ᠰᠡᠷᠭᠡᠶᠢᠯᠡᠨ ᠵᠠᠰᠠᠬᠤ ᠪᠠᠷ ᠬᠦᠴᠦᠯᠡᠨ ᠴᠢᠷᠮᠠᠶᠢᠵᠤ ᠂ ᠲᠠᠷᠢᠶᠠᠯᠠᠩ ᠤᠨ ᠪᠣᠬᠢᠷᠲᠤᠯ ᠦᠭᠡᠢ ᠬᠥᠭᠵᠢᠯᠲᠡ ᠶᠢ ᠠᠬᠢᠭᠤᠯᠤᠨ᠎ᠠ ︾ ᠭᠡᠵᠦ ᠰᠤᠬᠠᠶᠢᠲᠤ | ᠲᠣᠰᠬᠤᠨ ᠤ ᠰᠦᠯᠢᠶᠥᠦ ᠪᠦᠷᠬᠦᠪᠴᠢ ᠶᠢᠨ ᠦᠢᠯᠡᠳᠪᠦᠷᠢ ᠶᠢᠨ ᠬᠠᠷᠢᠭᠤᠴᠠᠯᠭᠠᠲᠠᠨ ᠷᠧᠨ ᠵᠢᠶᠠᠨ ᠭᠦᠩ ᠶᠠᠷᠢᠨ᠎ᠠ᠃ | | | | | ᠱᠢ ᠡᠯ ᠯᠢᠶᠠᠨ ᠴᠧᠩ ᠰᠢᠶᠠᠩ ᠨᠢ ᠵᠡᠭᠦᠨᠭᠠᠷ ᠬᠤᠰᠢᠭᠤᠨ ᠤ ᠲᠠᠷᠢᠶᠠᠯᠠᠩ ᠤᠨ ᠲᠣᠮᠣ ᠰᠢᠶᠠᠩ ᠪᠣᠯᠤᠭᠰᠠᠨ ᠤ ᠬᠤᠪᠢ ᠳᠤ ᠂ ︽ ᠬᠠᠷᠢᠭᠤᠴᠠᠯᠭ᠎ᠠ ᠶᠢᠨ ᠲᠠᠷᠢᠶ᠎ᠠ ︾ | ᠶᠢ ᠪᠠᠳᠤ ᠰᠠᠬᠢᠵᠤ ᠂ ᠥᠷᠭᠡᠨ ᠣᠯᠠᠨ ᠲᠦᠮᠡᠨ ᠤ ︽ ᠬᠦᠨᠡᠰᠦᠨ ᠤ ᠤᠭᠤᠲᠠ ︾ ᠂ ︽ ᠢᠳᠡᠰᠢᠨ ᠨᠣᠭᠤᠭ᠎ᠠ ᠶᠢᠨ ᠰᠠᠭᠰᠤ ︾ ᠶᠢ ᠪᠠᠲᠤ ᠪᠠᠬᠢᠵᠢᠭᠦᠯᠵᠤ ᠪᠤᠢ ᠃ | 2025 ᠣᠨ ᠳᠤ ᠂ ᠪᠥᠬᠦ ᠰᠢᠶᠠᠩ ᠤᠨ ᠳᠠᠷᠢᠬᠤ ᠲᠠᠯᠠᠪᠠᠶ ᠵᠢᠱᠢᠯᠲᠡ ᠪᠠᠷ 30.3 ᠲᠦᠮᠡᠨ ᠮᠦ ᠪᠠᠶᠢᠵᠤ ᠂ ᠨᠡᠶᠢᠲᠡ 561 ᠲᠣᠨ ᠲᠠᠷᠢᠶᠠᠨ ᠦᠷ᠎ᠡ ᠂ 25789 | ᠲᠣᠨ ᠬᠢᠮᠢ ᠶᠢᠨ ᠪᠣᠷᠳᠣᠭᠤᠷ ᠂ 69.8 ᠲᠣᠨ ᠲᠠᠷᠢᠶᠠᠨ ᠡᠮ ᠂ 672 ᠲᠣᠨ ᠰᠦᠯᠢᠶᠥᠦ ᠪᠦᠷᠬᠦᠪᠴᠢ ᠬᠡᠷᠡᠭᠰᠡᠨ᠎ᠡ ᠃ | ︽ ᠣᠳᠣᠬᠠᠨ ᠳᠤ ᠂ ᠱᠢ ᠡᠯ ᠯᠢᠶᠠᠨ ᠴᠧᠩ ᠰᠢᠶᠠᠩ ᠤᠨ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠶᠠᠭ ᠶᠠᠭᠠᠷᠠᠯᠲᠠᠢ ᠪᠥᠭᠡᠳ ᠡᠮᠬᠢ ᠳᠢᠭᠯᠢᠮ ᠲᠠᠢ ᠪᠠᠷ | ᠶᠠᠪᠤᠭᠳᠠᠵᠤ ᠂ ᠠᠷᠠᠳ ᠤᠯᠠᠨ ᠭᠡᠷ ᠤᠨ ᠡᠬᠦᠳᠡᠨ ᠳᠡᠭᠡᠨ ᠴᠢᠨᠠᠷ ᠰᠠᠶᠢᠲᠠᠢ ᠲᠠᠷᠢᠶᠠᠯᠠᠩ ᠤᠨ ᠬᠡᠷᠡᠭᠰᠡᠯ ᠬᠤᠳᠠᠯᠳᠤᠨ ᠠᠪᠴᠤ ᠳᠡᠶᠢᠯᠬᠦ ᠪᠤᠯᠵᠤ ᠂ ᠲᠠᠷᠢᠶᠠᠴᠢᠳ ᠤᠨ | ᠣᠷᠣᠯᠭ᠎ᠠ ᠶᠢ ᠨᠡᠮᠡᠭᠳᠡᠭᠦᠯᠬᠦ ᠪᠠ ᠤᠨᠠᠯᠳᠠ ᠶᠢ ᠨᠡᠮᠡᠭᠳᠡᠭᠦᠯᠬᠦ ᠳᠤ ᠬᠦᠴᠦᠲᠡᠢ ᠪᠠᠲᠤᠯᠠᠭ᠎ᠠ ᠬᠠᠩᠭᠠᠵᠤ ᠪᠠᠶᠢᠨ᠎ᠠ ︾ ᠭᠡᠵᠦ ᠱᠢ ᠡᠯ ᠯᠢᠶᠠᠨ ᠴᠧᠩ ᠰᠢᠶᠠᠩ ᠤᠨ ᠨᠠᠮ ᠤᠨ | ᠬᠤᠷᠢᠶ᠎ᠠ ᠶᠢᠨ ᠭᠡᠰᠢᠭᠦᠨ᠂ ᠰᠢᠶᠠᠩ ᠤᠨ ᠳᠡᠳ᠋ ᠳᠠᠷᠤᠭ᠎ᠠ ᠭᠤᠤ ᠵᠢᠶᠦ᠋ᠨ ᠮᠢᠩ ᠶᠠᠷᠢᠨ᠎ᠠ ᠃ | ᠣᠶᠢᠷ᠎ᠠ ᠶᠢᠨ ᠡᠳᠦᠷ ᠤᠳ ᠲᠤ ᠂ ᠵᠡᠭᠦᠨᠭᠠᠷ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ | ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠢ ᠡᠷᠲᠡ ᠠᠴᠠ ᠲᠥᠯᠥᠪᠵᠢᠭᠦᠯᠵᠦ ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠂ ᠲᠠᠷᠢᠶᠠᠯᠠᠩ ᠤᠨ | ᠪᠦᠲᠦᠭᠡᠭᠳᠡᠬᠦᠨ ᠤ ᠬᠠᠩᠭᠠᠯᠭ᠎ᠠ ᠵᠡᠷᠭᠡ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ 2025 ᠣᠨ ᠤ ᠠᠮᠤ ᠪᠤᠳᠠᠭᠠᠨ ᠤ ᠡᠯᠪᠡᠭ ᠬᠤᠷᠢᠶᠠᠯᠲᠠ ᠶᠢᠨ ᠠᠵᠢᠯ ᠢ | ᠰᠠᠶᠢᠲᠤᠷ ᠡᠬᠢᠯᠡᠭᠦᠯᠵᠦ᠂ ᠬᠥᠳᠡᠯᠭᠡᠬᠦ ᠬᠦᠴᠦᠨ ᠨᠡᠮᠡᠷᠢᠯᠡᠨ ᠂ ᠳᠠᠷᠢᠶᠠᠯᠠᠩ ᠦᠢᠯᠡᠳᠪᠦᠷᠢᠯᠡᠯ ᠤᠨ︽ ᠰᠠᠶᠢᠨ ᠡᠬᠢᠯᠡᠯᠳᠡ ᠶᠢ ᠲᠣᠭᠲᠠᠭᠤᠨ︾ ᠪᠠᠶᠢᠯᠭᠠᠬᠤ ᠶᠢ ᠪᠠᠲᠤᠯᠠᠵᠤ | ᠪᠠᠶᠢᠨ᠎ᠠ ᠃ ᠵᠡᠭᠦᠨᠭᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠲᠤᠰᠬᠠᠢ ᠬᠥᠮᠥᠨ ᠤᠷᠢᠳᠴᠢᠯᠠᠨ ᠲᠣᠬᠢᠷᠠᠭᠤᠯᠤᠨ ᠡᠯ᠎ᠡ ᠰᠤᠮᠤ ᠰᠢᠶᠠᠩ | ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠲᠠᠷᠢᠮᠠᠯ ᠤᠨ ᠠᠵᠤ ᠠᠬᠤᠶᠢᠯᠠᠯ ︵ ᠲᠣᠮᠣ ᠡᠷᠦᠬᠡ ︶ ᠲᠠᠢ ᠢᠳᠡᠪᠬᠢᠲᠡᠢ ᠵᠣᠯᠭᠠᠭᠤᠯᠵᠤ ᠂ ᠪᠥᠬᠦ | ᠬᠤᠰᠢᠭᠤᠨ ᠤ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠳᠤ ᠬᠡᠷᠡᠭᠯᠡᠬᠦ ᠡᠳ᠋ ᠪᠣᠳᠠᠰ ᠤᠨ ᠬᠡᠷᠡᠭᠴᠡᠭᠡᠨ ᠤ ᠬᠡᠮᠵᠢᠶ᠎ᠡ ᠂ ᠬᠥᠮᠥᠷᠭᠡᠯᠡᠨ ᠬᠠᠳᠠᠭᠠᠯᠠᠬᠤ ᠬᠡᠮᠵᠢᠶ᠎ᠡ ᠂ | ᠳᠤᠬᠢᠷᠠᠭᠤᠯᠤᠨ ᠲᠡᠭᠡᠭᠡᠪᠦᠷᠢᠯᠡᠬᠦ ᠬᠡᠮᠵᠢᠶ᠎ᠡ ᠶᠢ ᠣᠨᠣᠪᠴᠢᠲᠠᠶ ᠡᠵᠡᠮᠳᠡᠨ ᠂ ᠵᠠᠬ᠎ᠠ ᠳᠡᠯᠭᠡᠭᠦᠷ ᠤᠨ ᠲᠣᠭᠲᠠᠭᠤᠨ ᠡᠷᠬᠢᠯᠳᠡ ᠂ ᠡᠳ᠋ ᠪᠣᠳᠠᠰ ᠭᠦᠢᠴᠡᠳ ᠂ ᠶᠠᠰᠤ ᠴᠢᠨᠠᠷ | ᠨᠠᠶᠢᠳᠠᠪᠤᠷᠢᠲᠠᠢ ᠪᠠᠶᠢᠬᠤ ᠶᠢ ᠪᠠᠲᠤᠯᠠᠵᠤ ᠪᠤᠢ ᠃ ᠡᠭᠦᠨ ᠤ ᠬᠠᠮᠲᠤ ᠂ ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠤᠨ ᠬᠢᠨ ᠢ | ᠢᠳᠡᠪᠬᠢᠲᠡᠢ ᠬᠥᠲᠥᠯᠥᠨ ᠵᠢᠯᠤᠭᠤᠳᠴᠤ ᠪᠠᠶᠢᠭᠠᠳ ᠠᠵᠤ ᠦᠢᠯᠡᠰ ᠤᠨ ᠪᠦᠲᠦᠴᠡ ᠶᠢ ᠲᠣᠬᠢᠷᠠᠭᠤᠯᠤᠨ ᠰᠢᠯᠢᠳᠡᠭᠵᠢᠭᠦᠯᠵᠤ ᠂ ᠳᠠᠷᠢᠬᠤ ᠲᠥᠯᠥᠪᠯᠡᠭᠡ ᠂ ᠳᠠᠷᠢᠬᠤ | ᠲᠠᠯᠠᠪᠠᠶ ᠶᠢ ᠨᠠᠶᠢᠳᠠᠪᠤᠷᠢᠵᠢᠭᠤᠯᠤᠨ ᠂ ᠪᠥᠬᠦ ᠬᠤᠰᠢᠭᠤᠨ ᠤ ᠲᠠᠷᠢᠶᠠᠯᠠᠩ ᠤᠨ ᠦᠢᠯᠡᠳᠪᠦᠷᠢᠯᠡᠯ ᠤᠨ ᠴᠠᠭ ᠢ ᠰᠠᠭᠠᠲᠠᠭᠠᠬᠤ ᠦᠭᠡᠢ ᠂ ᠳᠠᠷᠢᠬᠤ ᠲᠠᠯᠠᠪᠠᠶ ᠶᠢ | ᠪᠠᠭᠤᠷᠠᠭᠤᠯᠬᠤ ᠦᠭᠡᠢ ᠪᠠᠶᠢᠬᠤ ᠶᠢ ᠦᠨᠡᠨ ᠬᠦ ᠪᠠᠲᠤᠯᠠᠵᠤ ᠪᠠᠶᠢᠨ᠎ᠠ ᠃ | | | |