| ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠢᠶᠠᠷ ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠡᠷᠴᠢᠮ ᠢᠶᠠᠨ ᠴᠢᠩᠭᠠᠷᠠᠭᠤᠯᠵᠤ ᠂ ᠠᠷᠠᠳ | ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯ ᠤᠨ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠨᠡᠮᠡᠭᠳᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ ᠡᠨᠡ | ᠵᠢᠯ ᠤᠨ 1 ᠳ᠋ᠦ᠋ᠭᠡᠷ ᠰᠠᠷ᠎ᠠ ᠠᠴᠠ ᠨᠠᠭᠠᠰᠢ ᠂ ᠰᠤᠷᠭᠠᠨ ᠬᠥᠮᠦᠵᠢᠯ ᠂ ᠠᠵᠢᠯ ᠣᠯᠭᠤᠯᠲᠠ ᠂ ᠨᠠᠰᠤᠵᠢᠯ ᠤᠨ ᠠᠰᠠᠷᠠᠮᠵᠢ ᠂ ᠡᠮᠴᠢᠯᠡᠭᠡ ᠵᠡᠷᠭᠡ ᠠᠷᠠᠳ ᠤᠨ ᠠᠮᠢᠳᠤᠷᠠᠯ ᠢ | ᠪᠠᠲᠤᠯᠠᠨ ᠰᠠᠶᠢᠵᠢᠷᠠᠭᠤᠯᠬᠤ ᠣᠯᠠᠨ ᠵᠦᠢᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ ︕ ᠬᠠᠮᠲᠤ ᠪᠠᠷ ᠦᠵᠡᠵᠡᠭᠡᠶ᠎ᠡ — | ᠰᠤᠷᠭᠠᠨ ᠬᠥᠮᠦᠵᠢᠯ ᠤᠨ ᠲᠠᠯ᠎ᠠ ᠪᠠᠷ | ︽ ᠰᠤᠷᠭᠠᠨ ᠬᠥᠮᠦᠵᠢᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵ 2024 — 2035 ᠣᠨ ︶ | ︾ ᠶᠢ ᠳᠠᠷᠤᠮᠠᠯᠯᠠᠨ ᠲᠠᠷᠬᠠᠭᠠᠪᠠ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶᠠᠨ ᠠᠴᠠ ︽ ᠰᠤᠷᠭᠠᠨ ᠬᠥᠮᠦᠵᠢᠯ ᠤᠨ ᠬᠦᠴᠦᠷᠬᠡᠭ | ᠤᠯᠤᠰ ᠤᠨ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠦᠲᠦᠯᠪᠦᠷᠢ ︵ 2024 — 2035 ᠣᠨ ︶ ︾ ᠶᠢ ᠳᠠᠷᠤᠮᠠᠯᠯᠠᠨ ᠲᠠᠷᠬᠠᠭᠠᠵᠤ ᠂ ᠬᠤᠶᠠᠷ | ᠠᠯᠬᠤᠮ ᠢᠶᠠᠷ ᠶᠠᠪᠤᠬᠤ ᠴᠠᠭ ᠤᠨ ᠬᠦᠰᠦᠨᠦᠭᠲᠦ ᠪᠠ ᠵᠠᠮ ᠱᠤᠭᠤᠮ ᠤᠨ ᠵᠢᠷᠤᠭ ᠢ ᠲᠣᠭᠲᠠᠭᠠᠪᠠ ᠃ 2027 ᠣᠨ ᠪᠣᠯᠬᠤ ᠳᠤ ᠂ ᠰᠤᠷᠭᠠᠨ ᠬᠥᠮᠦᠵᠢᠯ ᠤᠨ | ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠱᠠᠲᠤᠴᠢ ᠴᠢᠨᠠᠷᠲᠠᠢ ᠴᠢᠬᠤᠯᠠ ᠦᠷ᠎ᠡ ᠪᠦᠲᠦᠮᠵᠢ ᠣᠯᠣᠨ᠎ᠠ ᠃ 2035 ᠣᠨ ᠪᠣᠯᠬᠤ ᠳᠤ ᠂ ᠰᠤᠷᠭᠠᠨ | ᠬᠥᠮᠦᠵᠢᠯ ᠤᠨ ᠬᠦᠴᠦᠷᠬᠡᠭ ᠤᠯᠤᠰ ᠢ ᠪᠠᠶᠢᠭᠤᠯᠤᠨ᠎ᠠ ᠃ ︽ ᠬᠥᠲᠥᠯᠪᠦᠷᠢ ︾ ᠳᠤ ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠴᠢᠨᠠᠷᠯᠢᠭ ᠪᠥᠭᠡᠳ ᠲᠡᠩᠴᠡᠭᠦᠷᠢᠲᠡᠢ | ᠬᠥᠭᠵᠢᠭᠦᠯᠬᠦ ᠶᠢ ᠪᠠ ᠬᠤᠲᠠ ᠬᠥᠳᠡᠭᠡ ᠶᠢ ᠨᠢᠭᠡ ᠴᠣᠭᠴᠠᠵᠢᠭᠤᠯᠬᠤ ᠯᠤᠭ᠎ᠠ ᠤᠷᠭᠠᠨᠢᠭ ᠢᠶᠠᠷ ᠠᠬᠢᠭᠤᠯᠵᠤ ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ | ᠲᠦᠭᠡᠮᠡᠯ ᠬᠦᠷᠲᠡᠭᠡᠵᠦ ᠲᠦᠭᠡᠮᠡᠯ ᠬᠠᠷᠠᠭᠠᠯᠵᠠᠬᠤ ᠪᠠ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠱᠠᠲᠤᠨ ᠤ ᠰᠤᠷᠭᠠᠭᠤᠯᠢ ᠶᠢᠨ ᠣᠯᠠᠨ ᠶᠠᠩᠵᠤᠴᠢᠯᠠᠨ | ᠬᠥᠭᠵᠢᠬᠦ ᠶᠢ ᠠᠬᠢᠭᠤᠯᠤᠨ᠎ᠠ ᠭᠡᠵᠦ ᠳᠤᠷᠠᠳᠴᠠᠢ ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠄ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ ᠲᠣᠬᠢᠷᠠᠭᠤᠯᠤᠯᠲᠠ ᠶᠢ | ᠰᠢᠯᠢᠳᠡᠭᠵᠢᠭᠦᠯᠵᠦ ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ ᠮᠡᠳᠡᠬᠦ ᠡᠷᠬᠡ ᠣᠯᠭᠤᠨ᠎ᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠂ ᠳᠡᠭᠡᠳᠦ ᠵᠡᠷᠭᠡ ᠶᠢᠨ ᠰᠤᠷᠭᠠᠨ | ᠬᠦᠮᠦᠵᠢᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠲᠠ ᠶᠢᠨ ᠴᠡᠭ ᠤᠨ ᠠᠵᠢᠯ ᠢ ᠰᠤᠳᠤᠯᠪᠠ ᠃ ᠬᠤᠷᠠᠯᠳᠤᠭᠠᠨ ᠢᠶᠠᠷ ᠂ ᠶᠡᠭᠡ ᠳᠡᠭᠡᠳᠦ | ᠰᠤᠷᠭᠠᠭᠤᠯᠢ ᠶᠢᠨ ᠬᠥᠮᠥᠨ ᠬᠥᠮᠥᠵᠢᠭᠦᠯᠬᠦ ᠠᠷᠭ᠎ᠠ ᠬᠡᠯᠪᠡᠷᠢ ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠪ ᠲᠤᠮᠢᠶ᠎ᠠ ᠂ ᠰᠤᠷᠭᠠᠭᠤᠯᠢ ᠡᠷᠬᠢᠯᠡᠬᠦ ᠬᠡᠪ ᠵᠠᠭᠪᠤᠷ ᠂ | ᠵᠠᠰᠠᠯᠲᠠ ᠶᠢᠨ ᠲᠣᠭᠲᠠᠯᠴᠠᠭ᠎ᠠ ᠵᠡᠷᠭᠡ ᠲᠠᠯ᠎ᠠ ᠶᠢᠨ ᠥᠭᠡᠷᠡᠴᠢᠯᠡᠯᠲᠡ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠰᠤᠷᠭᠠᠨ ᠬᠥᠮᠦᠵᠢᠯ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠂ ᠴᠢᠳᠠᠪᠤᠷᠢᠲᠠᠨ ᠤ ᠰᠠᠶᠢᠨ ᠣᠷᠴᠢᠯ ᠢ ᠰᠢᠯᠤᠭᠤᠳᠬᠠᠵᠤ ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠪᠠᠷ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠃ ᠰᠢᠨᠵᠢᠯᠡᠭᠡᠨ ᠤ ᠰᠠᠯᠠᠭᠠᠨ ᠤ ᠲᠤᠰᠬᠠᠢ ᠮᠡᠷᠭᠡᠵᠢᠯ ᠤᠨ | ᠲᠣᠬᠢᠷᠠᠭᠤᠯᠤᠯᠲᠠ ᠶᠢ ᠰᠢᠯᠢᠳᠡᠭᠵᠢᠭᠦᠯᠬᠦ ᠶᠢ ᠥᠭᠡᠷᠡᠴᠢᠯᠡᠯᠲᠡ ᠶᠢᠨ ᠭᠤᠣᠯᠳᠠᠯᠭ᠎ᠠ ᠪᠠᠨ ᠪᠣᠯᠭᠠᠵᠤ ᠂ ᠶᠡᠭᠡ ᠳᠡᠭᠡᠳᠦ ᠰᠤᠷᠭᠠᠭᠤᠯᠢ ᠨᠤᠭᠤᠳ ᠲᠤ ᠨᠠᠩ ᠶᠡᠭᠡ ᠡᠵᠡᠨ | ᠮᠡᠳᠡᠬᠦ ᠡᠷᠬᠡ ᠣᠯᠭᠤᠬᠤ ᠬᠡᠷᠡᠭᠲᠡᠢ ᠃ ᠰᠤᠷᠭᠠᠨ ᠬᠥᠮᠦᠵᠢᠯ ᠤᠨ ᠦᠨᠡᠯᠡᠯᠲᠡ ᠶᠢᠨ ᠲᠣᠭᠲᠠᠯᠴᠠᠭᠠᠨ ᠤ ᠥᠭᠡᠷᠡᠴᠢᠯᠡᠯᠲᠡ ᠶᠢᠨ ᠳᠣᠬᠢᠭᠤᠷ ᠤᠨ ᠦᠢᠯᠡᠳᠦᠯ ᠢ ᠭᠦᠢᠴᠡᠳ | ᠪᠠᠳᠠᠷᠠᠭᠤᠯᠵᠤ ᠂ ᠶᠡᠭᠡ ᠳᠡᠭᠡᠳᠦ ᠰᠤᠷᠭᠠᠭᠤᠯᠢ ᠶᠢᠨ ᠣᠨᠴᠠᠯᠢᠭᠲᠤ ᠬᠥᠭᠵᠢᠯᠲᠡ ᠂ ᠪᠠᠭᠰᠢ ᠶᠢᠨ ᠨᠢᠭᠡ ᠰᠡᠳᠬᠢᠯ ᠢᠶᠠᠷ ᠵᠢᠭᠠᠨ ᠰᠤᠷᠭᠠᠵᠤ ᠰᠤᠳᠤᠯᠤᠯᠲᠠ ᠬᠢᠬᠦ ᠳᠤ ᠨᠢ | ᠰᠠᠶᠢᠨ ᠰᠠᠶᠢᠬᠠᠨ ᠣᠷᠴᠢᠨ ᠨᠦᠬᠦᠴᠡᠯ ᠢ ᠪᠦᠷᠢᠯᠳᠦᠭᠦᠯᠵᠦ ᠥᠭᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠨ ᠬᠥᠮᠦᠵᠢᠯ ᠳᠤ ᠬᠤᠯᠪᠣᠭᠳᠠᠨ᠎ᠠ ᠂ ᠰᠤᠷᠭᠠᠨ ᠬᠥᠮᠦᠵᠢᠯ ᠤᠨ ᠶᠠᠮᠤᠨ ᠪᠢᠴᠢᠭ ᠮᠠᠲ᠋ᠧᠷᠢᠶᠠᠯ ᠲᠠᠷᠬᠠᠭᠠᠪᠠ | ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ ᠳᠤᠮᠳᠠᠳᠤ ᠪᠠᠭ᠎ᠠ ᠰᠤᠷᠭᠠᠭᠤᠯᠢ ᠶᠢᠨ ᠰᠢᠨᠵᠢᠯᠡᠬᠦ ᠤᠬᠠᠭᠠᠨ ᠰᠤᠷᠭᠠᠨ ᠬᠥᠮᠦᠵᠢᠯ ᠤᠨ ᠠᠵᠢᠯ ᠤᠨ | ᠵᠦᠭᠯᠡᠭᠦᠷ ︾ ᠢ ᠳᠠᠷᠤᠮᠠᠯᠯᠠᠨ ᠲᠠᠷᠬᠠᠭᠠᠵᠤ ᠂ ᠠᠯᠪᠠᠨ ᠵᠠᠷᠤᠳᠠᠯ ᠢᠶᠠᠷ ᠬᠥᠮᠥᠵᠢᠭᠦᠯᠬᠦ ᠪᠠᠭᠰᠢ ᠶᠢᠨ ᠮᠡᠷᠭᠡᠵᠢᠯ ᠤᠨ ᠰᠣᠷᠣᠭᠴᠢ ᠶᠢᠨ ᠲᠥᠷᠥᠯ ᠵᠦᠢᠯ ᠳᠤ ᠰᠢᠨᠵᠢᠯᠡᠬᠦ | ᠤᠬᠠᠭᠠᠨ ᠰᠤᠷᠭᠠᠨ ᠬᠥᠮᠦᠵᠢᠯ ᠤᠨ ᠰᠣᠷᠣᠭᠴᠢ ᠶᠢ ᠬᠥᠮᠥᠵᠢᠭᠦᠯᠬᠦ ᠬᠠᠷᠢᠴᠠᠯ ᠢᠶᠠᠨ ᠳᠡᠭᠡᠭᠰᠢᠯᠡᠭᠦᠯᠵᠦ ᠂ ᠶᠡᠷᠦᠩᠬᠡᠶᠢᠯᠡᠭᠰᠡᠨ ᠴᠢᠨᠠᠷᠲᠠᠢ ᠶᠡᠭᠡ ᠰᠤᠷᠭᠠᠭᠤᠯᠢ ᠶᠢᠨ | ᠰᠢᠨᠵᠢᠯᠡᠬᠦ ᠤᠬᠠᠭᠠᠨ ᠤ ᠲᠥᠷᠥᠯ ᠤᠨ ᠬᠢᠴᠢᠶᠡᠯ ᠤᠨ ᠪᠠᠭᠰᠢ ᠬᠥᠮᠥᠵᠢᠭᠦᠯᠬᠦ ᠶᠢ ᠨᠢ ᠳᠡᠮᠵᠢᠨ᠎ᠡ ᠭᠡᠵᠦ ᠲᠣᠳᠣᠷᠬᠠᠢ ᠲᠣᠭᠲᠠᠭᠠᠵᠠᠢ ᠃ ᠪᠠᠭ᠎ᠠ ᠰᠤᠷᠭᠠᠭᠤᠯᠢ ᠨᠢᠭᠡ | ᠪᠦᠷᠢ ᠳᠤ ᠪᠠᠶᠢᠭᠠᠯᠢ ᠲᠧᠭᠨᠢᠭ ᠤᠨ ᠤᠬᠠᠭᠠᠨ ᠤ ᠲᠥᠷᠥᠯ ᠤᠨ ᠰᠣᠷᠣᠯᠴᠠᠭᠰᠠᠨ ᠨᠠᠮᠲᠠᠷ ᠲᠠᠢ ᠮᠠᠰᠲ᠋ᠧᠷ ᠴᠤᠯᠠ ᠲᠠᠢ ᠰᠢᠨᠵᠢᠯᠡᠬᠦ ᠤᠬᠠᠭᠠᠨ ᠤ ᠪᠠᠭᠰᠢ ᠶᠢ ᠨᠠᠭᠠᠲᠤ | ᠵᠠᠬ᠎ᠠ ᠳᠤ ᠪᠠᠨ 1 ᠪᠠᠶᠢᠬᠤ ᠶᠢ ᠠᠬᠢᠭᠤᠯᠤᠨ ᠂ ᠰᠤᠷᠭᠠᠭᠤᠯᠢ ᠨᠢᠭᠡ ᠪᠦᠷᠢ ᠳᠤ ᠰᠢᠨᠵᠢᠯᠡᠬᠦ ᠤᠬᠠᠭᠠᠨ ᠤ ᠳᠡᠳ᠋ ᠵᠠᠬᠢᠷᠤᠯ ᠨᠠᠭᠠᠲᠤ ᠵᠠᠬ᠎ᠠ ᠳᠤ ᠪᠠᠨ 1 ᠪᠠᠶᠢᠬᠤ ᠶᠢ | ᠦᠨᠡᠨ ᠬᠦ ᠪᠠᠲᠤᠯᠠᠨ᠎ᠠ ᠃ | ᠠᠵᠢᠯ ᠣᠯᠭᠤᠯᠲᠠ ᠶᠢ ᠠᠬᠢᠭᠤᠯᠵᠤ ᠂ ᠬᠥᠯᠥᠰᠦᠨ ᠠᠵᠢᠯᠴᠢᠨ ᠤ ᠴᠠᠯᠢᠩ ᠢ ᠪᠠᠲᠤᠯᠠᠬᠤ ᠵᠡᠷᠭᠡ ᠲᠠᠯ᠎ᠠ ᠪᠠᠷ | ᠨᠥᠬᠦᠪᠦᠷᠢ ᠶᠢᠨ ᠬᠡᠪᠴᠢᠶ᠎ᠡ ᠶᠢ ᠥᠷᠭᠡᠳᠬᠡᠵᠦ ᠂ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠦᠨ᠎ᠡ ᠁ ᠲᠥᠷᠥ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠠᠵᠢᠯ ᠣᠯᠭᠤᠯᠲᠠ ᠶᠢ ᠠᠬᠢᠭᠤᠯᠬᠤ ᠲᠥᠷᠥ ᠶᠢᠨ ᠪᠣᠳᠣᠯᠭ᠎ᠠ ᠶᠢ ᠰᠤᠳᠤᠯᠪᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠂ ᠠᠵᠢᠯ ᠣᠯᠭᠤᠯᠲᠠ ᠶᠢ ᠠᠬᠢᠭᠤᠯᠬᠤ | ᠬᠤᠯᠪᠣᠭᠳᠠᠯ ᠪᠦᠬᠦᠢ ᠲᠦᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠰᠤᠳᠤᠯᠤᠨ ᠠᠬᠢᠭᠤᠯᠪᠠ ᠃ ᠬᠤᠷᠠᠯᠳᠤᠭᠠᠨ ᠢᠶᠠᠷ ᠂ ᠠᠵᠢᠯ ᠣᠯᠭᠤᠯᠲᠠ ᠶᠢ ᠤᠷᠢᠳ ᠢᠶᠠᠷ | ᠪᠣᠳᠣᠯᠬᠢᠯᠠᠬᠤ ᠶᠢ ᠪᠠᠷᠢᠮᠲᠠᠯᠠᠵᠤ ᠂ ᠲᠦᠷᠦ ᠶᠢᠨ ᠪᠣᠳᠣᠯᠭ᠎ᠠ ᠶᠢᠨ ᠳᠡᠮᠵᠢᠯᠭᠡ ᠂ ᠪᠣᠯᠪᠠᠰᠤᠷᠠᠯ ᠢᠶᠠᠷ ᠬᠦᠴᠦᠨ ᠴᠢᠳᠠᠮᠵᠢ ᠶᠢ ᠨᠢ ᠡᠷᠴᠢᠮᠯᠡᠬᠦ ᠂ ᠦᠢᠯᠡᠴᠢᠯᠡᠭᠡ ᠪᠠᠷ | ᠬᠦᠴᠦᠨ ᠨᠡᠮᠡᠷᠢᠯᠡᠬᠦ ᠶᠢ ᠴᠢᠩᠭᠠᠳᠬᠠᠨ ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠴᠢᠷᠮᠠᠶᠢᠨ ᠠᠬᠢᠭᠤᠯᠬᠤ ᠬᠡᠷᠡᠭᠲᠡᠢ ᠃ ᠠᠵᠢᠯ ᠣᠯᠭᠤᠬᠤ ᠠᠵᠢᠯ ᠤᠨ | ᠪᠠᠶᠢᠷᠢ ᠶᠢᠨ ᠲᠠᠯᠳᠠ ᠬᠦᠴᠦᠨ ᠢ ᠨᠢ ᠠᠭᠤᠳᠠᠯᠤᠨ ᠪᠠᠭᠲᠠᠭᠠᠮᠵᠢ ᠶᠢ ᠨᠢ ᠥᠷᠭᠡᠳᠬᠡᠬᠦ ᠠᠵᠢᠯ ᠢ ᠬᠦᠴᠦᠯᠡᠨ ᠬᠢᠬᠦ ᠬᠡᠷᠡᠭᠲᠡᠢ ᠃ ᠭᠤᠣᠯᠳᠠᠯᠭ᠎ᠠ ᠪᠣᠯᠬᠤ ᠬᠦᠮᠦᠰ ᠲᠤ | ᠠᠵᠢᠯ ᠣᠯᠭᠤᠬᠤ ᠶᠢ ᠲᠡᠳᠬᠦᠨ ᠳᠡᠮᠵᠢᠬᠦ ᠪᠠᠨ ᠨᠡᠮᠡᠭᠳᠡᠭᠦᠯᠵᠦ ᠂ ᠠᠵᠢᠯ ᠤᠨ ᠪᠠᠶᠢᠷᠢ ᠶᠢ ᠨᠢ ᠲᠣᠭᠲᠠᠪᠤᠷᠢᠵᠢᠭᠤᠯᠤᠨ ᠠᠵᠢᠯ ᠤᠨ ᠪᠠᠶᠢᠷᠢ ᠶᠢ ᠨᠢ ᠥᠷᠭᠡᠳᠬᠡᠬᠦ ᠲᠤᠰᠬᠠᠢ | ᠵᠦᠢᠯ ᠤᠨ ᠵᠢᠭᠡᠯᠡᠯᠭᠡ ᠶᠢᠨ ᠢᠲᠡᠭᠡᠮᠵᠢ ᠣᠯᠭᠤᠬᠤ ᠲᠤᠭ᠎ᠠ ᠬᠡᠮᠵᠢᠶ᠎ᠡ ᠶᠢ ᠳᠡᠭᠡᠭᠰᠢᠯᠡᠭᠦᠯᠦᠨ ᠂ ᠵᠠᠰᠠᠭ ᠤᠨ ᠣᠷᠳᠣᠨ ᠤ ᠴᠢᠨᠠᠷᠲᠠᠢ ᠪᠡᠯᠡ ᠲᠣᠬᠢᠷᠠᠭᠤᠯᠭ᠎ᠠ ᠶᠢᠨ | ᠳᠠᠭᠠᠭᠠᠴᠢᠯᠠᠯᠲᠠ ᠶᠢᠨ ᠲᠣᠭᠲᠠᠯᠴᠠᠭᠠᠨ ᠤ ᠠᠵᠢᠯ ᠣᠯᠵᠤ ᠦᠢᠯᠡᠰ ᠴᠣᠭᠴᠠᠯᠠᠬᠤ ᠶᠢ ᠬᠦᠴᠦᠯᠡᠨ ᠳᠡᠮᠵᠢᠬᠦ ᠶᠢ ᠨᠢ ᠠᠬᠢᠭᠤᠯᠵᠤ ᠂ ᠠᠵᠢᠯ ᠤᠨ ᠪᠠᠶᠢᠷᠢ ᠶᠢ ᠨᠢ | ᠥᠷᠭᠡᠳᠬᠡᠬᠦ ᠪᠠᠷ ᠨᠢᠭᠡ ᠯᠡ ᠤᠳᠠᠭ᠎ᠠ ᠶᠢᠨ ᠴᠢᠨᠠᠷᠲᠠᠢ ᠨᠥᠬᠦᠪᠦᠷᠢ ᠣᠯᠭᠤᠬᠤ ᠡᠲᠡᠭᠡᠳ ᠤᠨ ᠬᠡᠪᠴᠢᠶ᠎ᠡ ᠶᠢ ᠰᠤᠳᠤᠯᠤᠨ ᠦᠷᠭᠡᠳᠬᠡᠬᠦ ᠬᠡᠷᠡᠭᠲᠡᠢ ᠃ ᠶᠡᠭᠡ | ᠬᠡᠪᠴᠢᠶᠡᠨ ᠤ ᠠᠵᠢᠯ ᠮᠡᠷᠭᠡᠵᠢᠯ ᠤᠨ ᠤᠷ᠎ᠠ ᠮᠡᠷᠭᠡᠰᠢᠯ ᠤᠨ ᠪᠣᠯᠪᠠᠰᠤᠷᠠᠯ ᠢ ᠥᠷᠨᠢᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ ᠃ | ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠄ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ ᠂ | ᠬᠥᠯᠥᠰᠦᠨ ᠠᠵᠢᠯᠴᠢᠨ ᠳᠤ ᠴᠠᠯᠢᠩ ᠥᠭᠬᠦ ᠶᠢ ᠨᠢ ᠪᠠᠲᠤᠯᠠᠨ᠎ᠠ | 1 ᠳ᠋ᠦ᠋ᠭᠡᠷ ᠰᠠᠷ᠎ᠠ ᠶᠢᠨ 3 ᠤ ᠡᠳᠦᠷ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠂ ᠬᠥᠯᠥᠰᠦᠨ ᠠᠵᠢᠯᠴᠢᠨ ᠳᠤ ᠴᠠᠯᠢᠩ | ᠥᠭᠬᠦ ᠶᠢ ᠨᠢ ᠪᠠᠲᠤᠯᠠᠬᠤ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ ᠂ ᠴᠠᠯᠢᠩ ᠥᠷᠢᠲᠦᠬᠦ | ᠲᠣᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠡᠷᠴᠢᠮ ᠢᠶᠠᠨ ᠤᠯᠠᠮ ᠨᠢᠭᠡ ᠠᠯᠬᠤᠮ ᠴᠢᠩᠭᠠᠷᠠᠭᠤᠯᠤᠨ ᠂ ᠡᠷᠬᠡ ᠪᠠᠨ ᠬᠠᠮᠠᠭᠠᠯᠠᠬᠤ ᠠᠷᠭ᠎ᠠ ᠵᠠᠮ ᠢ ᠨᠢ ᠰᠠᠭᠠᠳ | ᠦᠭᠡᠢ ᠨᠠᠪᠲᠠᠷᠡᠭᠦᠯᠵᠦ ᠂ ᠵᠣᠷᠢᠭᠤᠳᠠ ᠪᠠᠷ ᠴᠠᠯᠢᠩ ᠥᠷᠢᠲᠦᠬᠦ ᠶᠢ ᠴᠢᠩᠭ᠎ᠠ ᠵᠠᠯᠬᠠᠭᠠᠨ ᠰᠢᠢᠳᠬᠡᠵᠦ ᠂ ᠥᠷᠭᠡᠨ ᠣᠯᠠᠨ ᠬᠥᠯᠥᠰᠦᠨ ᠠᠵᠢᠯᠴᠢᠳ ᠤᠨ ᠬᠠᠤᠯᠢ | ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠬᠤ ᠬᠡᠷᠡᠭᠲᠡᠢ ᠃ ᠡᠯ᠎ᠡ ᠱᠠᠲᠤᠨ ᠤ ᠵᠠᠰᠠᠭ ᠤᠨ ᠣᠷᠳᠣᠨ ᠪᠠ ᠲᠥᠪ ᠤᠨ ᠠᠵᠤ ᠠᠬᠤᠶᠢᠯᠠᠯ ᠤᠯᠤᠰ ᠤᠨ | ᠦᠮᠴᠢᠯᠡᠯᠲᠦ ᠠᠵᠤ ᠠᠬᠤᠶᠢᠯᠠᠯ ᠤᠳ ᠢ ᠵᠢᠯᠣᠭᠤᠳᠴᠤ ᠪᠠᠶᠢᠭᠠᠳ ᠬᠥᠯᠥᠰᠦᠨ ᠠᠵᠢᠯᠴᠢᠳ ᠲᠤ ᠴᠠᠯᠢᠩ ᠥᠭᠬᠦ ᠶᠢ ᠨᠢ ᠤᠷᠢᠳ ᠢᠶᠠᠷ ᠪᠠᠲᠤᠯᠠᠬᠤ ᠪᠠ ᠴᠠᠯᠢᠩ | ᠥᠷᠢᠲᠦᠬᠦ ᠶᠢ ᠲᠦᠷᠦᠭᠦᠯᠡᠨ ᠴᠡᠪᠡᠷᠯᠡᠵᠦ ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠳ ᠤᠨ ᠴᠠᠯᠢᠩ ᠥᠷᠢᠲᠦᠵᠦ ᠪᠠᠶᠢᠭ᠎ᠠ ᠶᠢ ᠨᠢ ᠬᠠᠤᠯᠢ ᠶᠣᠰᠣᠭᠠᠷ | ᠰᠢᠪᠠᠳᠠᠭᠤᠯᠵᠤ ᠪᠠᠶᠢᠭᠠᠳ ᠴᠠᠭ ᠲᠤᠬᠠᠢ ᠳᠤ ᠨᠢ ᠲᠥᠯᠥᠭᠦᠯᠬᠦ ᠬᠡᠷᠡᠭᠲᠡᠢ ᠭᠡᠪᠡ ᠃ | ᠬᠥᠯᠥᠰᠦᠨ ᠠᠵᠢᠯᠴᠢᠨ ᠤ ᠴᠠᠯᠢᠩ ᠢ ᠤᠳᠠᠭᠠᠰᠢᠷᠠᠭᠤᠯᠤᠭᠰᠠᠨ ᠪᠠ ᠥᠷᠢᠲᠦᠭᠰᠡᠨ ᠢᠲᠡᠭᠡᠯ ᠠᠯᠳᠠᠭᠰᠠᠳ ᠢ ᠬᠤᠯᠪᠤᠭᠠᠯᠠᠨ ᠵᠠᠯᠬᠠᠭᠠᠨ ᠴᠡᠭᠡᠷᠯᠡᠭᠦᠯᠬᠦ | ᠡᠲᠡᠭᠡᠳ ᠤᠨ ᠨᠡᠷᠡᠰ ᠤᠨ ᠬᠠᠮᠢᠶᠠᠷᠤᠯᠲᠠ ᠶᠢ ᠴᠢᠩᠭᠠᠳᠬᠠᠵᠤ ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠬᠠᠮᠲᠤᠷᠠᠨ ᠪᠢᠴᠢᠭ ᠮᠠᠲ᠋ᠧᠷᠢᠶᠠᠯ ᠪᠠᠭᠤᠯᠭᠠᠭᠠᠳ ᠢᠲᠡᠭᠡᠯ | ᠠᠯᠳᠠᠭᠰᠠᠳ ᠤᠨ ᠨᠡᠷᠡᠰ ᠤᠨ ᠬᠠᠮᠢᠶᠠᠷᠤᠯᠲᠠ ᠶᠢ ᠵᠢᠷᠤᠮᠵᠢᠭᠤᠯᠤᠨ ᠥᠷᠨᠢᠭᠦᠯᠵᠦ ᠂ ᠢᠲᠡᠭᠡᠯ ᠠᠯᠳᠠᠭᠰᠠᠳ ᠤᠨ ᠨᠡᠷᠡᠰ ᠢ ᠬᠠᠮᠲᠤ ᠪᠠᠷ ᠬᠦᠷᠲᠡᠬᠦ ᠲᠣᠭᠲᠠᠴᠠ ᠶᠢ | ᠪᠦᠷᠢᠨᠰᠢᠭᠦᠯᠦᠨ ᠂ ᠰᠢᠪᠠᠳᠠᠭᠤᠯᠤᠨ ᠵᠢᠯᠤᠭᠤᠳᠬᠤ ᠪᠠᠨ ᠦᠨᠡᠨ ᠬᠦ ᠴᠢᠩᠭᠠᠳᠬᠠᠬᠤ ᠶᠢ ᠱᠠᠭᠠᠷᠳᠠᠪᠠ ᠃ | ︽ ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ︾ 2025 ᠣᠨ ᠤ ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ | ᠨᠠᠷᠢᠨ ᠳᠠᠩᠰᠠ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ ︿ ᠥᠨᠳᠥᠷ ᠪᠦᠲᠦᠮᠵᠢᠲᠡᠶ ᠪᠠᠷ ᠨᠢᠭᠡ ᠠᠵᠢᠯ ᠶᠠᠪᠤᠳᠠᠯ ᠭᠦᠢᠴᠡᠳᠬᠡᠬᠦ ﹀ 2025 ᠣᠨ ᠤ | ᠨᠢᠭᠡᠳᠦᠭᠡᠷ ᠪᠦᠯᠦᠭ ᠤᠨ ᠭᠤᠣᠯᠳᠠᠯᠭ᠎ᠠ ᠪᠣᠯᠬᠤ ᠵᠦᠢᠯᠡᠰ ᠤᠨ ᠨᠠᠷᠢᠨ ᠳᠠᠩᠰᠠ ︾ ᠶᠢ ᠳᠠᠷᠤᠮᠠᠯᠯᠠᠨ ᠶᠠᠪᠤᠭᠤᠯᠪᠠ ᠂ ᠲᠡᠷᠡ ᠨᠢ ᠠᠵᠤ ᠠᠬᠤᠶᠢᠯᠠᠯ ᠤᠨ ᠵᠦᠢᠯᠡᠰ ᠪᠠ | ᠬᠤᠪᠢ ᠬᠥᠮᠥᠨ ᠤ ᠵᠦᠢᠯᠡᠰ ᠤᠨ 12 ᠲᠠᠯ᠎ᠠ ᠶᠢ ᠬᠠᠮᠤᠷᠴᠠᠢ ᠂ ᠵᠢᠱᠢᠶᠡᠯᠡᠪᠡᠯ ᠰᠢᠨ᠎ᠡ ᠮᠠᠰᠢᠨ ᠲᠡᠷᠭᠡᠨ ᠳᠤ ᠫᠠᠶᠢᠰᠠ ᠡᠯᠭᠦᠬᠦ ᠂ ᠬᠤᠪᠢ ᠬᠥᠮᠥᠨ ᠤ ᠦᠢᠯᠡᠰ | ᠴᠣᠭᠴᠠᠯᠠᠬᠤ ᠂ ᠤᠷᠤᠭᠯᠠᠵᠤ ᠡᠷᠦᠬᠡ ᠠᠮᠠ ᠶᠢᠨ ᠳᠠᠩᠰᠠ ᠣᠷᠣᠬᠤ ᠂ ᠭᠠᠳᠠᠭᠠᠳᠤ ᠶᠢᠨ ᠬᠥᠮᠥᠨ ᠳᠤᠮᠳᠠᠳᠤ ᠤᠯᠤᠰ ᠲᠤ ᠢᠷᠡᠵᠦ ᠠᠵᠢᠯᠯᠠᠬᠤ ᠂ ᠭᠡᠷ ᠤᠨ ᠬᠠᠭᠤᠴᠢᠨ | ᠴᠠᠬᠢᠯᠭᠠᠨ ᠬᠡᠷᠡᠭᠰᠡᠯ ᠢ ᠰᠢᠨ᠎ᠡ ᠪᠠᠷ ᠰᠣᠯᠢᠬᠤ ᠪᠠ ᠭᠠᠷ ᠤᠲᠠᠰᠤ ᠵᠡᠷᠭᠡ ᠶᠢ ᠰᠢᠨ᠎ᠡ ᠪᠠᠷ ᠬᠤᠳᠠᠯᠳᠤᠨ ᠠᠪᠬᠤ ᠳᠤ ᠨᠥᠬᠦᠪᠦᠷᠢ ᠭᠤᠶᠤᠴᠢᠯᠠᠬᠤ ᠵᠡᠷᠭᠡ ︽ ᠨᠢᠭᠡ ᠠᠵᠢᠯ | ᠶᠠᠪᠤᠳᠠᠯ ︾ ᠪᠣᠢ ᠃ | ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ ᠬᠦᠴᠦᠷᠬᠡᠭᠵᠢᠭᠦᠯᠬᠦ ᠠᠵᠢᠯ ᠢ ᠤᠯᠠᠮ ᠨᠢᠭᠡ ᠠᠯᠬᠤᠮ ᠠᠬᠢᠭᠤᠯᠤᠨ᠎ᠠ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ 8 ᠰᠠᠯᠠᠭ᠎ᠠ ᠮᠥᠴᠢᠷ ︽ ᠤᠷ᠎ᠠ ᠮᠡᠷᠭᠡᠰᠢᠯ ᠢᠶᠠᠷ ᠠᠵᠤ ᠠᠬᠤᠶᠢᠯᠠᠯ ᠢ | ᠬᠦᠴᠦᠷᠬᠡᠭᠵᠢᠭᠦᠯᠬᠦ ᠠᠵᠢᠯ ᠢ ᠠᠬᠢᠭᠤᠯᠬᠤ ᠲᠤᠬᠠᠢ ᠵᠢᠯᠤᠭᠤᠳᠬᠤ ᠰᠠᠨᠠᠯ ︾ ᠢ ᠳᠠᠷᠤᠮᠠᠯᠯᠠᠨ ᠲᠠᠷᠬᠠᠭᠠᠵᠤ ᠂ ᠠᠵᠤ ᠠᠬᠤᠶᠢᠯᠠᠯ ᠢ ᠵᠢᠯᠣᠭᠤᠳᠤᠨ ᠠᠵᠢᠯ ᠮᠡᠷᠭᠡᠵᠢᠯ ᠤᠨ | ᠤᠷ᠎ᠠ ᠮᠡᠷᠭᠡᠰᠢᠯ ᠤᠨ ᠵᠡᠷᠭᠡ ᠳᠡᠰ ᠢᠶᠠᠷ ᠴᠠᠯᠢᠩ ᠬᠤᠪᠢᠶᠠᠷᠢᠯᠠᠬᠤ ᠶᠢᠨ ᠴᠢᠬᠤᠯᠠ ᠯᠠᠪᠯᠠᠯᠲᠠ ᠪᠣᠯᠭᠠᠵᠤ ᠂ ᠴᠠᠯᠢᠩ ᠤᠨ ᠬᠤᠪᠢᠶᠠᠷᠢᠯᠠᠯᠲᠠ ᠶᠢ ᠵᠠᠩᠭᠢᠯᠠᠭ᠎ᠠ ᠶᠢᠨ | ᠠᠵᠢᠯ ᠤᠨ ᠪᠠᠶᠢᠷᠢ ᠂ ᠦᠢᠯᠡᠳᠪᠦᠷᠢᠯᠡᠯ ᠤᠨ ᠨᠢᠭᠡᠳᠦᠭᠡᠷ ᠹᠷᠣᠨᠲ ᠪᠠ ᠪᠠᠴᠢᠮ ᠬᠡᠷᠡᠭᠰᠡᠬᠦ ᠳᠤᠲᠠᠭᠳᠠᠵᠤ ᠪᠠᠶᠢᠭ᠎ᠠ ᠤᠷ᠎ᠠ ᠮᠡᠷᠭᠡᠰᠢᠯᠲᠦ ᠴᠢᠳᠠᠪᠤᠷᠢᠲᠠᠨ ᠲᠡᠶᠢᠰᠢ | ᠬᠡᠯᠪᠠᠶᠢᠯᠭᠡᠬᠦ ᠶᠢ ᠠᠬᠢᠭᠤᠯᠪᠠ ᠃ | ᠨᠠᠰᠤᠵᠢᠯ ᠤᠨ ᠠᠰᠠᠷᠠᠮᠵᠢ ᠂ ᠡᠪᠡᠳᠴᠢᠨ ᠦᠵᠡᠭᠦᠯᠬᠦ ᠲᠠᠯ᠎ᠠ ᠪᠠᠷ | ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠤᠬᠠᠢ ᠴᠢᠬᠤᠯᠠ ᠪᠢᠴᠢᠭ ᠮᠠᠲ᠋ᠧᠷᠢᠶᠠᠯ ᠢ ᠨᠡᠶᠢᠲᠡᠯᠡᠪᠡ | ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠂ ᠲᠥᠷᠥ ᠶᠢᠨ ᠶᠠᠪᠤᠳᠠᠯ ᠤᠨ ᠬᠤᠷᠢᠶ᠎ᠠ ︽ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ | ᠥᠭᠡᠷᠡᠴᠢᠯᠡᠯᠲᠡ ᠬᠥᠭᠵᠢᠯᠲᠡ ᠶᠢ ᠭᠦᠨᠵᠡᠭᠡᠶᠢᠷᠡᠭᠦᠯᠬᠦ ᠲᠤᠬᠠᠢ ᠰᠠᠨᠠᠯ ︾ ᠢ ᠨᠡᠶᠢᠲᠡᠯᠡᠵᠦ ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠦᠢᠯᠡᠴᠢᠯᠡᠭᠡ ᠳᠤ | ᠴᠢᠳᠠᠪᠤᠷᠢ ᠪᠠᠨ ᠠᠯᠳᠠᠭᠰᠠᠨ ᠨᠠᠰᠤᠲᠠᠶᠢᠴᠤᠳ ᠢ ᠬᠠᠷᠠᠭᠠᠯᠵᠠᠬᠤ ᠪᠠᠷ ᠭᠤᠣᠯᠳᠠᠯᠭ᠎ᠠ ᠪᠣᠯᠭᠠᠬᠤ ᠶᠢ ᠠᠩᠬ᠎ᠠ ᠤᠳᠠᠭ᠎ᠠ ᠲᠣᠳᠣᠷᠬᠠᠢ ᠳᠤᠷᠠᠳᠴᠠᠢ ᠃ ᠬᠥᠳᠡᠭᠡ | ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠲᠠᠭᠤᠳᠠᠯ ᠢ ᠲᠦᠷᠭᠡᠬᠡᠨ ᠨᠥᠬᠦᠪᠦᠷᠢᠯᠡᠬᠦ ᠬᠡᠷᠡᠭᠲᠡᠢ ᠬᠡᠮᠡᠨ ᠱᠠᠭᠠᠷᠳᠠᠵᠤ ᠂ ᠭᠠᠵᠠᠷ ᠣᠷᠣᠨ ᠤ | ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠬᠥᠳᠡᠭᠡ ᠲᠣᠰᠬᠤᠨ ᠤ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠬᠠᠩᠭᠠᠯᠭ᠎ᠠ ᠶᠢ ᠥᠷᠭᠡᠳᠬᠡᠬᠦ ᠂ ᠬᠥᠳᠡᠭᠡ | ᠲᠣᠰᠬᠤᠨ ᠤ ᠬᠠᠮᠲᠤ ᠶᠢᠨ ᠠᠵᠤ ᠠᠬᠤᠢ ᠶᠢ ᠵᠣᠷᠢᠭᠵᠢᠭᠤᠯᠵᠤ ᠪᠠᠶᠢᠭᠠᠳ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢ ᠵᠣᠬᠢᠶᠠᠨ ᠪᠠᠶᠢᠭᠤᠯᠤᠨ ᠬᠥᠭᠵᠢᠭᠦᠯᠬᠦ | ᠵᠡᠷᠭᠡ ᠠᠷᠭ᠎ᠠ ᠪᠠᠷᠢᠯ ᠢ ᠳᠤᠷᠠᠳᠪᠠ ᠃ | ᠭᠡᠷ ᠤᠨ ᠡᠭᠦᠳᠡᠨ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠳᠥᠭᠦᠮ ᠪᠣᠯᠪᠠ ︕ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ | ᠬᠤᠷᠠᠯᠳᠤᠭᠠᠨ ᠤ ᠪᠠᠶᠢᠷᠢᠯᠠᠭᠤᠯᠤᠯᠲᠠ | 1 ᠳ᠋ᠦ᠋ᠭᠡᠷ ᠰᠠᠷ᠎ᠠ ᠶᠢᠨ 17 ᠤ ᠡᠳᠦᠷ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯᠳᠤᠭᠠᠨ ᠢᠶᠠᠷ ᠂ ᠦᠨᠳᠦᠰᠦᠨ ᠱᠠᠲᠤᠨ ᠤ ᠡᠮᠴᠢᠯᠡᠭᠡ | ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠬᠦ ᠪᠠᠶᠢᠭᠤᠯᠤᠯᠲᠠ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ | ᠬᠤᠷᠠᠯᠳᠤᠭᠠᠨ ᠢᠶᠠᠷ ᠵᠢᠭᠠᠨ ᠭᠠᠷᠭᠠᠬᠤ ᠳᠤ ᠪᠠᠨ ᠂ ᠣᠳᠣᠬᠠᠨ ᠪᠠ ᠠᠯᠤᠰ ᠬᠡᠳᠦ ᠶᠢ ᠨᠢᠭᠡᠳᠦᠯᠲᠡᠢ ᠲᠥᠯᠥᠪᠯᠡᠵᠦ ᠂ ᠬᠤᠳᠠ ᠬᠥᠳᠡᠭᠡ ᠶᠢ ᠠᠭᠤᠰᠤᠯᠴᠠᠭᠤᠯᠤᠨ | ᠭᠥᠭᠵᠢᠭᠦᠯᠬᠦ ᠂ ᠬᠥᠮᠥᠨ ᠠᠮᠠ ᠶᠢᠨ ᠪᠦᠲᠦᠴᠡ ᠶᠢᠨ ᠬᠤᠪᠢᠷᠠᠯᠲᠠ ᠂ ᠤᠯᠠᠨ ᠲᠦᠮᠡᠨ ᠤ ᠡᠷᠡᠭᠦᠯ ᠮᠡᠨᠳᠦ ᠶᠢᠨ ᠬᠡᠷᠡᠭᠴᠡᠭᠡ ᠱᠠᠭᠠᠷᠳᠠᠯᠭ᠎ᠠ ᠵᠡᠷᠭᠡ ᠬᠦᠴᠦᠨ | ᠵᠦᠢᠯ ᠤᠳ ᠢ ᠶᠡᠷᠦᠩᠬᠡᠶᠢᠯᠡᠨ ᠪᠣᠳᠣᠯᠬᠢᠯᠠᠵᠤ ᠂ ᠭᠠᠵᠠᠷ ᠣᠷᠣᠨ ᠤ ᠪᠠᠶᠢᠳᠠᠯ ᠳᠤ ᠨᠢ ᠳᠣᠬᠢᠷᠠᠭᠤᠯᠵᠤ ᠪᠠᠶᠢᠭᠠᠳ ᠪᠦᠲᠦᠭᠡᠨ ᠪᠠᠶᠢᠭᠤᠯᠤᠯᠲᠠ ᠶᠢᠨ | ᠪᠠᠶᠢᠷᠢᠰᠢᠭᠤᠯᠤᠯᠲᠠ ᠶᠢ ᠲᠡᠭᠦᠯᠳᠡᠷᠵᠢᠭᠦᠯᠵᠦ ᠂ ᠤᠯᠠᠨ ᠲᠦᠮᠡᠨ ᠤ ᠣᠶᠢᠷ᠎ᠠ ᠬᠠᠪᠢ ᠳᠤ ᠪᠠᠨ ᠡᠪᠡᠳᠴᠢᠨ ᠦᠵᠡᠭᠦᠯᠬᠦ ᠳᠤ ᠨᠢ ᠨᠡᠩ ᠢᠯᠡᠭᠦᠦ ᠳᠦᠬᠦᠮᠯᠡᠬᠦ ᠬᠡᠷᠡᠭᠲᠡᠢ ᠃ | ᠦᠨᠳᠦᠰᠦᠨ ᠱᠠᠲᠤᠨ ᠤ ᠦᠨᠳᠦᠰᠦᠨ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢᠶᠠᠨ ᠬᠦᠴᠦᠯᠡᠨ ᠳᠡᠭᠡᠭᠰᠢᠯᠡᠭᠦᠯᠵᠦ ᠂ ᠡᠮᠴᠢᠯᠡᠭᠡᠨ ᠤ ᠰᠠᠯᠠᠭ᠎ᠠ ᠲᠠᠰᠤᠭ ᠤᠨ | ᠲᠣᠬᠢᠷᠠᠭᠤᠯᠤᠯᠲᠠ ᠪᠠ ᠡᠮᠴᠢᠯᠡᠭᠡᠨ ᠤ ᠪᠡᠯᠡᠳᠬᠡᠮᠵᠢ ᠶᠢᠨ ᠲᠣᠬᠢᠷᠠᠭᠤᠯᠤᠯᠲᠠ ᠶᠢ ᠪᠦᠷᠢᠨᠰᠢᠭᠦᠯᠵᠦ ᠂ ᠦᠨᠳᠦᠰᠦᠨ ᠱᠠᠲᠤᠨ ᠤ ᠬᠡᠷᠡᠭᠯᠡᠬᠦ ᠡᠮ ᠤᠨ ᠵᠦᠢᠯ ᠢ ᠥᠷᠭᠡᠳᠬᠡᠨ ᠂ | ᠡᠮᠨᠡᠯᠭᠡ ᠶᠢᠨ ᠠᠵᠢᠯᠲᠠᠳ ᠤᠨ ᠪᠣᠯᠪᠠᠰᠤᠷᠠᠯ ᠢ ᠴᠢᠩᠭᠠᠳᠬᠠᠵᠤ ᠂ ᠤᠵᠢᠭ ᠡᠪᠡᠳᠴᠢᠨ ᠪᠠ ᠪᠠᠶᠢᠩᠭᠤ ᠲᠣᠬᠢᠶᠠᠯᠳᠤᠳᠠᠭ ᠡᠪᠡᠳᠴᠢᠨ ᠢ ᠤᠷᠢᠳᠴᠢᠯᠠᠨ ᠰᠡᠷᠭᠡᠶᠢᠯᠡᠬᠦ ᠂ | ᠡᠮᠨᠡᠨ ᠵᠠᠰᠠᠬᠤ ᠂ ᠡᠷᠡᠭᠦᠯᠵᠢᠭᠦᠯᠬᠦ ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ ᠭᠡᠪᠡ ᠃ | ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ | ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ︽ ᠡᠮ ᠤᠨ ᠵᠦᠢᠯ ᠡᠮᠴᠢᠯᠡᠭᠡᠨ ᠤ ᠪᠠᠭᠠᠵᠢ ᠬᠡᠷᠡᠭᠰᠡᠯ ᠤᠨ ᠬᠢᠨᠠᠯᠲᠠ ᠬᠠᠮᠢᠶᠠᠷᠤᠯᠲᠠ ᠶᠢᠨ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ ᠡᠮ ᠡᠮᠨᠡᠯᠭᠡ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠰᠠᠨᠠᠯ ︾ ᠢ | ᠳᠠᠷᠤᠮᠠᠯᠯᠠᠨ ᠲᠠᠷᠬᠠᠭᠠᠵᠤ ᠂ 5 ᠲᠠᠯ᠎ᠠ ᠶᠢᠨ 24 ᠵᠦᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠲᠣᠳᠣᠷᠬᠠᠶᠢᠯᠠᠪᠠ ᠃ ᠡᠭᠦᠨ ᠳᠤ ᠂ ᠬᠢᠨᠠᠨ ᠦᠨᠡᠯᠡᠬᠦ ᠬᠢᠨᠠᠨ | ᠵᠥᠪᠰᠢᠶᠡᠷᠡᠬᠦ ᠡᠬᠢ ᠪᠠᠶᠠᠯᠢᠭ ᠢ ᠡᠮᠴᠢᠯᠡᠭᠡᠨ ᠳᠤ ᠪᠠᠴᠢᠮ ᠬᠡᠷᠡᠭᠰᠡᠬᠦ ᠭᠤᠤᠯᠳᠠᠯᠭ᠎ᠠ ᠪᠣᠯᠬᠤ ᠰᠢᠨ᠎ᠡ ᠡᠭᠦᠳᠦᠯᠲᠡ ᠶᠢᠨ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ | ᠲᠡᠶᠢᠰᠢ ᠨᠡᠩ ᠢᠯᠡᠭᠦᠦ ᠬᠡᠯᠪᠠᠶᠢᠯᠭᠡᠵᠦ ᠂ ᠬᠢᠲᠠᠳ ᠡᠮ ᠤᠨ ᠰᠤᠳᠤᠯᠤᠨ ᠨᠡᠭᠡᠭᠡᠵᠦ ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠨᠥᠬᠦᠴᠡᠯ ᠳᠤ | ᠨᠡᠶᠢᠴᠡᠬᠦ ᠬᠤᠪᠣᠷᠬᠠᠨ ᠲᠣᠬᠢᠶᠠᠯᠳᠤᠬᠤ ᠡᠪᠡᠳᠴᠢᠨ ᠳᠤ ᠬᠡᠷᠡᠭᠯᠡᠬᠦ ᠡᠮ ᠤᠨ ᠵᠦᠢᠯ ᠂ ᠬᠡᠦᠬᠡᠳ ᠲᠤ ᠬᠡᠷᠡᠭᠯᠡᠬᠦ ᠡᠮ ᠤᠨ ᠵᠦᠢᠯ ᠂ ᠬᠢᠮᠢ ᠶᠢᠨ ᠠᠩᠬᠠᠳᠠᠭᠴᠢ | ᠳᠠᠭᠤᠷᠢᠶᠠᠮᠠᠯ ᠡᠮ ᠵᠢᠴᠢ ᠲᠤᠰᠠᠭᠠᠷ ᠨᠠᠶᠢᠷᠠᠭᠰᠠᠨ ᠬᠢᠲᠠᠳ ᠡᠮ ᠤᠨ ᠲᠥᠷᠥᠯ ᠳᠤ ᠵᠣᠬᠢᠬᠤ ᠬᠡᠪᠴᠢᠶᠡᠨ ᠳᠤ ᠵᠠᠬ᠎ᠠ ᠳᠡᠯᠭᠡᠭᠦᠷ ᠢ ᠭᠠᠭᠴᠠᠭᠠᠷ ᠡᠵᠡᠯᠡᠬᠦ ᠬᠤᠭᠤᠴᠠᠭ᠎ᠠ | ᠣᠯᠭᠤᠨ᠎ᠠ ᠃ | ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠤᠷᠢᠳᠴᠢᠯᠠᠨ ᠲᠤᠰᠢᠶᠠᠬᠤ ᠮᠦᠩᠭᠦ ᠶᠢ ᠴᠤᠴᠠᠯᠬᠤ ᠪᠠ ᠵᠢᠷᠤᠮᠵᠢᠭᠤᠯᠵᠤ ᠂ 3 ᠳ᠋ᠤᠭᠠᠷ ᠰᠠᠷ᠎ᠠ ᠠᠴᠠ | ᠡᠬᠢᠯᠡᠨ ᠬᠡᠷᠡᠭᠵᠢᠭᠦᠯᠦᠨ᠎ᠡ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠰᠤᠳᠤᠯᠤᠨ ᠲᠣᠭᠲᠠᠭᠠᠭᠰᠠᠨ ᠢᠶᠠᠷ ᠂ 2025 ᠣᠨ ᠤ 3 ᠳ᠋ᠤᠭᠠᠷ ᠰᠠᠷ᠎ᠠ ᠠᠴᠠ ᠡᠬᠢᠯᠡᠨ ᠂ ᠪᠥᠬᠦ | ᠤᠯᠤᠰ ᠲᠠᠬᠢ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠭᠦᠳᠡᠨ ᠡᠮᠨᠡᠯᠭᠡ ᠶᠢᠨ ᠤᠷᠢᠳᠴᠢᠯᠠᠨ ᠲᠤᠰᠢᠶᠠᠬᠤ ᠮᠥᠩᠭᠦ ᠶᠢ ᠴᠤᠴᠠᠯᠵᠤ ᠂ | ᠡᠮᠨᠡᠯᠭᠡ ᠳᠤ ᠰᠠᠭᠤᠬᠤ ᠤᠷᠢᠳᠴᠢᠯᠠᠨ ᠲᠤᠰᠢᠶᠠᠬᠤ ᠮᠥᠩᠭᠦ ᠶᠢ ᠠᠳᠠᠯᠢ ᠡᠪᠡᠳᠴᠢᠨ ᠤ ᠲᠥᠷᠥᠯ ᠤᠨ ᠡᠮᠴᠢᠯᠡᠭᠡᠨ ᠤ ᠳᠠᠭᠠᠳᠬᠠᠯ ᠤᠨ ᠡᠪᠡᠳᠴᠢᠲᠡᠨ ᠤ ᠬᠤᠪᠢ | ᠬᠥᠮᠦᠨ ᠤ ᠥᠪᠡᠰᠦᠪᠡᠨ ᠲᠣᠭᠠᠴᠠᠭ᠎ᠠ ᠬᠢᠬᠦ ᠳᠤᠮᠳᠠᠴᠢ ᠬᠢᠷᠢ ᠲᠦᠪᠰᠢᠨ ᠳᠤ ᠬᠦᠷᠲᠡᠯ᠎ᠡ ᠪᠠᠭᠤᠷᠠᠭᠤᠯᠤᠨ᠎ᠠ ᠃ | 2026 ᠣᠨ ᠤ ᠵᠢᠯ ᠤᠨ ᠰᠡᠭᠦᠯᠴᠢ ᠠᠴᠠ ᠡᠮᠦᠨ᠎ᠡ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠢ ᠳᠤ ᠨᠢ ᠳ᠋ᠦᠩᠨᠡᠨ | ᠪᠤᠳᠤᠬᠤ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠶᠢ ᠴᠠᠭ ᠲᠤᠬᠠᠶ ᠳᠤ ᠨᠢ ᠳ᠋ᠦᠩᠨᠡᠨ | ᠪᠤᠳᠤᠬᠤ ᠥᠭᠡᠷᠡᠴᠢᠯᠡᠯᠲᠡ ᠶᠢ ᠠᠬᠢᠭᠤᠯᠬᠤ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ 2025 ᠣᠨ ᠳᠤ ᠪᠥᠬᠦ ᠤᠯᠤᠰ ᠲᠠᠬᠢ ᠨᠢᠭᠡᠳᠦᠯᠲᠡᠶ | ᠲᠥᠯᠥᠪᠯᠡᠭᠡ ᠶᠢᠨ 80% ᠣᠷᠴᠢᠮ ᠤᠨ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ ᠦᠨᠳᠦᠰᠦᠨ ᠳᠤ ᠪᠠᠨ ᠪᠡᠶᠡᠯᠡᠭᠦᠯᠵᠦ ᠂ 2026 ᠣᠨ ᠳᠤ ᠪᠥᠬᠦ ᠤᠯᠤᠰ ᠲᠠᠬᠢ | ᠨᠢᠭᠡᠳᠦᠯᠲᠡᠶ ᠲᠥᠯᠥᠪᠯᠡᠭᠡ ᠶᠢᠨ ᠪᠣᠶ ᠪᠥᠬᠦᠶ ᠭᠠᠵᠠᠷ ᠣᠷᠣᠨ ᠳᠤ ᠦᠨᠳᠦᠰᠦᠨ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠬᠢᠭᠡᠳ ᠴᠡᠭ ᠲᠣᠭᠲᠠᠭᠠᠭᠰᠠᠨ ᠡᠮ | ᠡᠮᠨᠡᠯᠭᠡ ᠶᠢᠨ ᠪᠠᠶᠢᠭᠤᠯᠤᠮᠵᠢ ᠨᠤᠭᠤᠳ ᠴᠠᠭ ᠲᠤᠬᠠᠶ ᠳᠤ ᠨᠢ ᠳ᠋ᠦᠩᠨᠡᠨ ᠪᠤᠳᠤᠬᠤ ᠶᠢ ᠪᠡᠶᠡᠯᠡᠭᠦᠯᠦᠨ᠎ᠡ ᠃ | ᠦᠨᠳᠦᠰᠦᠨ ᠡᠮᠴᠢᠯᠡᠭᠡᠨ ᠤ ᠳᠠᠭᠠᠳᠬᠠᠯ ᠨᠢ ᠪᠠᠶᠢᠩᠭᠤ ᠰᠠᠭᠤᠭ᠎ᠠ ᠭᠠᠵᠠᠷ ᠂ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ ᠡᠷᠦᠬᠡ | ᠠᠮᠠ ᠶᠢᠨ ᠲᠠᠩᠰᠠ ᠶᠢᠨ ᠬᠢᠵᠠᠭᠠᠷᠯᠠᠯ ᠢ ᠴᠢᠯᠥᠭᠡᠲᠡᠶ ᠪᠣᠯᠭᠠᠨ᠎ᠠ | ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ︽ ᠬᠥᠳᠡᠯᠮᠦᠷᠢᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠡᠷᠬᠡ ᠠᠰᠢᠭ ᠢ ᠬᠠᠮᠠᠭᠠᠯᠠᠬᠤ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ ᠬᠥᠳᠡᠯᠮᠦᠷᠢᠴᠢᠳ ᠤᠨ ᠦᠨᠳᠦᠰᠦᠨ ᠡᠮᠴᠢᠯᠡᠭᠡᠨ ᠤ ᠳᠠᠭᠠᠳᠬᠠᠯ ᠳᠤ | ᠣᠷᠣᠯᠴᠠᠬᠤ ᠠᠵᠢᠯ ᠢ ᠶᠡᠭᠡ ᠪᠠᠷ ᠰᠠᠶᠢᠲᠤᠷ ᠬᠢᠬᠦ ᠶᠢ ᠲᠣᠳᠣᠷᠬᠠᠶ ᠲᠣᠭᠲᠠᠭᠠᠵᠤ ᠂ ᠣᠷᠣᠯᠴᠠᠬᠤ ᠶᠣᠰᠣᠲᠠᠶ ᠶᠢ ᠨᠢ ᠴᠥᠮ ᠣᠷᠣᠯᠴᠠᠭᠤᠯᠬᠤ ᠶᠢ ᠦᠨᠡᠨ ᠬᠦ ᠪᠠᠲᠤᠯᠠᠨ᠎ᠠ ᠃ | ᠬᠡᠲᠦ ᠲᠣᠮᠣ ᠬᠤᠲᠠ ᠂ ᠣᠨᠴᠠ ᠶᠡᠭᠡ ᠬᠤᠲᠠ ᠳᠤ ᠠᠮᠢᠳᠤᠯᠢᠭ ᠢᠶᠠᠷ ᠠᠵᠢᠯ ᠣᠯᠤᠭᠰᠠᠳ ᠠᠵᠢᠯ ᠣᠯᠤᠭᠰᠠᠨ ᠭᠠᠵᠠᠷ ᠲᠤ ᠪᠠᠨ ᠳᠠᠭᠠᠳᠬᠠᠯ ᠳᠤ ᠣᠷᠣᠯᠴᠠᠬᠤ | ᠡᠷᠦᠬᠡ ᠠᠮᠠ ᠶᠢᠨ ᠳᠠᠩᠰᠠ ᠶᠢᠨ ᠬᠢᠵᠠᠭᠠᠷᠯᠠᠯ ᠢ ᠪᠦᠬᠦ ᠲᠠᠯ᠎ᠠ ᠪᠠᠷ ᠴᠤᠴᠠᠯᠬᠤ ᠶᠢ ᠠᠬᠢᠭᠤᠯᠤᠨ᠎ᠠ ᠃ | ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ | ︽ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠡᠮᠴᠢᠯᠡᠭᠡᠨ ᠤ ᠪᠠᠲᠤᠯᠠᠭ᠎ᠠ ᠶᠢᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ | ᠲᠤᠬᠠᠶ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠠᠯᠪᠠᠨ ᠲᠢᠩᠬᠢᠮ ᠤᠳ ᠤᠨ ᠮᠡᠳᠡᠭᠳᠡᠯ ︾ ᠢ ᠳᠠᠷᠤᠮᠠᠯᠯᠠᠨ ᠲᠠᠷᠬᠠᠭᠠᠵᠤ ᠂ ᠶᠡᠭᠡ | ᠳᠡᠭᠡᠳᠦ ᠰᠤᠷᠭᠠᠭᠤᠯᠢ ᠶᠢᠨ ᠰᠤᠷᠤᠭᠴᠢᠳ ᠤᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠬᠤ ᠳᠤ | ᠬᠡᠪᠴᠢᠶ᠎ᠡ ᠶᠢ ᠪᠦᠲᠦᠮᠵᠢᠲᠡᠶ ᠥᠷᠭᠡᠳᠬᠡᠬᠦ ᠶᠢ ᠲᠦᠷᠭᠡᠳᠬᠡᠨ ᠠᠬᠢᠭᠤᠯᠵᠤ ᠂ ᠶᠡᠭᠡ ᠳᠡᠭᠡᠳᠦ ᠰᠤᠷᠭᠠᠭᠤᠯᠢ ᠨᠤᠭᠤᠳ ᠤᠨ ᠰᠤᠷᠤᠭᠴᠢᠳ ᠤᠨ ᠳᠠᠭᠠᠳᠬᠠᠯ ᠳᠤ | ᠣᠷᠣᠯᠴᠠᠬᠤ ᠳᠤ ᠲᠥᠬᠦᠮ ᠨᠥᠬᠦᠴᠡᠯ ᠡᠭᠦᠳᠴᠦ ᠂ ᠰᠤᠷᠤᠭᠴᠢᠳ ᠤᠨ ᠳᠠᠭᠠᠳᠬᠠᠯ ᠳᠤ ᠣᠷᠣᠯᠴᠠᠵᠤ ᠰᠦᠢᠳᠬᠡᠯ ᠲᠤᠰᠢᠶᠠᠬᠤ ᠳᠤ ᠳᠥᠭᠦᠮ ᠳᠥᠲᠡ ᠦᠢᠯᠡᠴᠢᠯᠡᠭᠡ | ᠬᠠᠩᠭᠠᠨ᠎ᠠ ᠃ | ᠦᠷᠡᠵᠢᠯ ᠳᠤ ᠨᠦᠬᠦᠷᠰᠡᠭ ᠡᠮᠨᠡᠯᠭᠡ ᠶᠢᠨ ᠬᠤᠷᠢᠶ᠎ᠠ ᠂ ᠬᠡᠦᠬᠡᠳ ᠲᠤ ᠨᠦᠬᠦᠷᠰᠡᠭ ᠡᠮᠨᠡᠯᠭᠡ ᠶᠢᠨ ᠬᠤᠷᠢᠶᠠᠨ ᠤ ᠪᠠᠶᠢᠭᠤᠯᠤᠯᠲᠠ ᠶᠢ ᠠᠬᠢᠭᠤᠯᠤᠨ᠎ᠠ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 4 ᠰᠠᠯᠠᠭ᠎ᠠ ᠮᠥᠴᠢᠷ ︽ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠠᠬᠢᠭᠤᠯᠬᠤ ᠲᠤᠬᠠᠶ ᠰᠠᠨᠠᠯ ︾ ᠢ ᠳᠠᠷᠤᠮᠠᠯᠯᠠᠨ ᠲᠠᠷᠬᠠᠭᠠᠵᠤ ᠂ 2030 ᠣᠨ ᠪᠣᠯᠬᠤ ᠳᠤ ᠂ ᠦᠷᠡᠵᠢᠯ ᠳᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ | ᠬᠥᠩᠭᠡᠵᠢᠯ ᠤᠨ ᠡᠮᠴᠢᠯᠡᠭᠡᠨ ᠤ ᠪᠠᠶᠢᠭᠤᠯᠤᠮᠵᠢ ᠳᠠᠬᠢ ᠬᠠᠷᠢᠴᠠᠯ ᠢ 90% ᠳᠤ ᠬᠦᠷᠭᠡᠬᠦ ᠪᠠᠷ ᠴᠢᠷᠮᠠᠶᠢᠨ᠎ᠠ ᠃ | ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ 6 ᠰᠠᠯᠠᠭ᠎ᠠ ᠮᠥᠴᠢᠷ ︽ ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶᠠᠨ ᠤ | ᠪᠠᠶᠢᠭᠤᠯᠤᠯᠲᠠ ᠶᠢ ᠥᠷᠨᠢᠭᠦᠯᠬᠦ ᠲᠤᠬᠠᠶ ᠰᠠᠨᠠᠯ ︾ ᠢ ᠳᠠᠷᠤᠮᠠᠯᠯᠠᠨ ᠲᠠᠷᠬᠠᠭᠠᠵᠤ ᠂ 2030 ᠣᠨ ᠪᠣᠯᠬᠤ ᠳᠤ ᠂ ᠬᠡᠤᠬᠡᠳ ᠲᠤ ᠨᠥᠬᠦᠷᠰᠡᠭ ᠡᠮᠨᠡᠯᠭᠡ ᠶᠢᠨ ᠬᠤᠷᠢᠶ᠎ᠠ ᠨᠢ | ᠬᠡᠤᠬᠡᠳ ᠤᠨ ᠡᠮᠴᠢᠯᠡᠭᠡ ᠡᠷᠡᠭᠦᠯᠵᠢᠯ ᠤᠨ ᠦᠢᠯᠡᠴᠢᠯᠡᠭᠡ ᠬᠠᠩᠭᠠᠳᠠᠭ ᠡᠬᠡ ᠨᠢᠯᠬᠠᠰ ᠤᠨ ᠡᠷᠡᠭᠦᠯᠵᠢᠯ ᠤᠨ ᠪᠠᠶᠢᠭᠤᠯᠤᠮᠵᠢ ᠂ ᠬᠡᠤᠬᠡᠳ ᠤᠨ ᠡᠮᠨᠡᠯᠭᠡ ᠶᠢᠨ ᠬᠤᠷᠢᠶ᠎ᠠ ᠂ | ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠂ ᠬᠢᠲᠠᠳ ᠡᠮᠨᠡᠯᠭᠡ ᠶᠢᠨ ᠬᠤᠷᠢᠶᠠᠨ ᠳᠠᠬᠢ ᠡᠵᠡᠯᠡᠬᠦ ᠬᠠᠷᠢᠴᠠᠯ ᠢ 90% ᠠᠴᠠ ᠳᠡᠭᠡᠭᠰᠢ ᠳᠤ ᠬᠦᠷᠭᠡᠬᠦ ᠪᠣᠯᠤᠮᠵᠢ ᠲᠠᠢ ᠃ | | |