| | ᠪᠤᠯᠤᠩ ᠨᠡᠭᠡᠭᠡᠬᠦ ᠦᠭᠡ | ᠤᠯᠤᠰ ᠲᠦᠷᠦ ᠶᠢᠨ ᠵᠥᠪᠯᠡᠯᠭᠡᠨ ᠤ ᠪᠦᠬᠦ ᠭᠡᠰᠢᠬᠦᠳ ᠤᠨ ᠬᠤᠷᠠᠯ ᠳᠡᠭᠡᠷ᠎ᠠ ᠶᠠᠷᠢᠶ᠎ᠠ ᠲᠠᠯᠪᠢᠬᠤ ᠪᠣᠯ ᠠᠷᠠᠳ ᠤᠨ ᠤᠯᠤᠰ ᠲᠦᠷᠦ ᠶᠢᠨ ᠵᠥᠪᠯᠡᠯᠭᠡᠨ ᠤ ᠡᠯ᠎ᠠ | ᠣᠷᠣᠯᠴᠠᠭᠴᠢ ᠨᠢᠭᠡᠴᠢ ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠴᠢᠳᠠᠪᠬᠢ ᠪᠠᠨ ᠭᠦᠢᠴᠡᠳᠬᠡᠬᠦ ᠂ ᠲᠤᠰᠬᠠᠢ ᠵᠥᠪᠯᠡᠯᠭᠡ ᠬᠢᠬᠦ | ᠪᠠᠶᠢᠭᠤᠯᠤᠮᠵᠢ ᠶᠢᠨ ᠦᠢᠯᠡᠳᠦᠯ ᠢ ᠪᠠᠳᠠᠷᠠᠭᠤᠯᠬᠤ ᠨᠢᠭᠡ ᠵᠦᠢᠯ ᠤᠨ ᠴᠢᠬᠤᠯᠠ ᠬᠡᠯᠪᠡᠷᠢ ᠮᠥᠨ᠃ 2 ᠰᠠᠷ᠎ᠠ ᠶᠢᠨ 18 ᠤ ᠡᠳᠦᠷ ᠂ ᠳᠤᠮᠳᠠᠳᠤ ᠤᠯᠤᠰ ᠤᠨ ᠠᠷᠠᠳ ᠤᠨ | ᠤᠯᠤᠰ ᠳᠦᠷᠦ ᠶᠢᠨ ᠵᠥᠪᠯᠡᠯᠭᠡᠨ ᠤ ᠵᠡᠭᠦᠨᠭᠠᠷ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠬᠤᠷᠢᠶᠠᠨ ᠤ ᠳᠥᠷᠪᠡᠳᠦᠭᠡᠷ ᠤᠳᠠᠭᠠᠨ ᠤ ᠬᠤᠷᠠᠯ ᠡᠬᠢᠯᠡᠪᠡ ᠂ | ᠬᠤᠷᠠᠯ ᠳᠡᠭᠡᠷ᠎ᠡ ᠂ ᠵᠠᠷᠢᠮ ᠭᠡᠰᠢᠭᠦᠳ ᠣᠳᠣᠬᠠᠨ ᠤ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠳᠤᠮᠳᠠᠬᠢ ᠴᠢᠬᠤᠯᠠ ᠶᠡᠭᠡ ᠠᠰᠠᠭᠤᠳᠠᠯ ᠪᠠ | ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠤᠨ ᠲᠣᠭᠤᠷᠢᠨ ᠳᠤ ᠂ ᠰᠠᠶᠢᠨ ᠠᠷᠭ᠎ᠠ ᠪᠣᠳᠣᠯᠭ᠎ᠠ ᠳᠡᠪᠰᠢᠭᠦᠯᠵᠦ ᠂ ᠢᠳᠬᠠᠯ ᠰᠠᠨᠠᠭᠤᠯᠭ᠎ᠠ ᠂ ᠤᠷᠠᠨ ᠠᠷᠭ᠎ᠠ | ᠭᠠᠷᠭᠠᠵᠤ ᠂ ᠤᠯᠤᠰ ᠳᠦᠷᠦ ᠶᠢᠨ ᠵᠥᠪᠯᠡᠯᠭᠡᠨ ᠤ ᠭᠡᠰᠢᠭᠦᠳ ᠤᠨ ᠤᠯᠤᠰ ᠤᠨ ᠢᠶᠠᠨ ᠲᠥᠯᠥᠭᠡ ᠳᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ ᠂ ᠠᠷᠠᠳ | ᠲᠦᠮᠡᠨ ᠤ ᠲᠥᠯᠥᠭᠡ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠡᠬᠦᠷᠭᠡᠯᠡᠯ ᠢ ᠭᠦᠢᠴᠡᠳ ᠬᠠᠷᠠᠭᠤᠯᠪᠠ ᠃ ᠤᠳᠤ ᠵᠠᠷᠢᠮ ᠭᠡᠰᠢᠭᠦᠳ ᠤᠨ ᠶᠠᠷᠢᠶ᠎ᠠ ᠶᠢ | ᠨᠠᠶᠢᠷᠠᠭᠤᠯᠤᠨ ᠨᠡᠶᠢᠲᠡᠯᠡᠶ᠎ᠡ᠂ ᠠᠩᠬᠠᠷᠤᠯ ᠳᠠᠭᠠᠨ ᠠᠪᠬᠤ ᠪᠣᠯᠪᠠᠤ ︕ | ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠵᠤ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠨ ᠬᠠᠮᠲᠤ ᠪᠠᠷ ᠴᠢᠨᠡᠭᠡᠯᠢᠭᠵᠢᠨ | ᠬᠥᠭᠵᠢᠬᠦ ᠰᠢᠨ᠎ᠡ ᠵᠠᠮ ᠮᠦᠷ ᠢ ᠬᠠᠶᠢᠨ ᠰᠦᠪᠡᠭᠴᠢᠯᠡᠨ᠎ᠡ | | ᠵᠢᠷᠤᠭ ᠄ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠥᠪᠥᠷ ᠮᠣᠩᠭᠤᠯ ᠤᠨ ᠮᠧᠩ ᠲᠠᠢ ᠶᠢᠨ ᠪᠦᠯᠢᠶᠡᠨ ᠭᠤᠤᠯ ᠨᠡᠭᠦᠷᠡᠰᠦᠨ ᠤ ᠦᠢᠯᠡᠰ ᠤᠨ | ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠨᠠᠮ ᠤᠨ ᠬᠤᠷᠢᠶᠠᠨ ᠤ ᠱᠦᠵᠢ ᠂ ᠬᠡᠷᠡᠭ ᠮᠡᠳᠡᠭᠴᠢᠳ ᠤᠨ ᠳᠠᠷᠤᠭ᠎ᠠ ᠵᠠᠩ ᠶᠦᠩ | | ᠵᠡᠭᠦᠨᠭᠠᠷ ᠬᠤᠰᠢᠭᠤ ᠨᠢ ᠤᠯᠤᠰ ᠤᠨ ᠴᠢᠬᠤᠯᠠ ᠡᠨᠧᠷᠭᠢ ᠶᠢᠨ ᠦᠢᠯᠡᠳᠪᠦᠷᠢᠯᠡᠯ ᠤᠨ ᠰᠠᠭᠤᠷᠢᠨ ᠭᠠᠵᠠᠷ ᠪᠣᠯᠤᠭᠰᠠᠨ ᠤ ᠬᠤᠪᠢ ᠳᠤ ᠂ ᠠᠵᠤ ᠦᠢᠯᠡᠳᠪᠦᠷᠢ ᠶᠢᠨ | ᠰᠠᠭᠤᠷᠢ ᠵᠤᠵᠠᠭᠠᠨ᠂ ᠨᠡᠭᠦᠷᠡᠰᠦᠨ ᠤ ᠠᠵᠤ ᠦᠢᠯᠡᠰ ᠨᠢ ᠭᠠᠵᠠᠷ ᠣᠷᠣᠨ ᠤ ᠠᠵᠤ ᠠᠬᠤᠢ ᠶᠢᠨ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠬᠠᠩᠭᠠᠵᠤ | ᠪᠠᠶᠢᠳᠠᠭ ᠃ ᠭᠡᠰᠡᠨ ᠴᠦ ᠂ ᠠᠵᠤ ᠠᠬᠤᠢ ᠶᠢᠨ ᠪᠦᠲᠦᠴᠡ ᠶᠢᠨ ᠲᠣᠬᠢᠷᠠᠭᠤᠯᠤᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠶᠢ ᠳᠠᠭᠠᠯᠳᠤᠨ ᠂ ᠪᠥᠬᠦ | ᠬᠤᠰᠢᠭᠤᠨ ᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠬᠢᠷᠢ ᠲᠦᠪᠰᠢᠨ ᠬᠤᠴᠤᠷᠤᠩᠭᠤᠢ ᠪᠠᠶᠢᠵᠤ ᠂ ᠬᠤᠲᠠ ᠬᠥᠳᠡᠭᠡ ᠶᠢᠨ ᠬᠥᠭᠵᠢᠯᠲᠡ ᠲᠡᠩᠴᠡᠭᠦᠷᠢ ᠦᠭᠡᠢ ᠂ | ᠠᠵᠤ ᠦᠢᠯᠡᠰ ᠤᠨ ᠪᠦᠲᠦᠴᠡ ᠲᠠᠩ ᠴᠤᠯᠭᠤᠢ ᠪᠠᠶᠢᠬᠤ ᠵᠡᠷᠭᠡ ᠠᠰᠠᠭᠤᠳᠠᠯ ᠳᠤ ᠲᠤᠯᠭᠠᠷᠠᠵᠤ ᠪᠠᠶᠢᠨ᠎ᠠ ᠃ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠡᠳᠬᠡᠯ ᠳᠤ ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ | ᠲᠦᠷᠭᠡᠳᠬᠡᠨ ᠂ ᠬᠤᠳᠠ ᠬᠥᠳᠡᠭᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠳᠤᠷᠠᠳᠴᠠᠢ ᠃ ᠡᠨᠡᠬᠦ ᠠᠬᠤᠢ ᠪᠠᠶᠢᠳᠠᠯ ᠳᠣᠣᠷ᠎ᠠ ᠂ ︽ | ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ︾ ᠶᠢ ᠠᠬᠢᠭᠤᠯᠬᠤ ᠨᠢ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ᠴᠢᠬᠤᠯᠠ | ᠠᠷᠭ᠎ᠠ ᠬᠡᠮᠵᠢᠶ᠎ᠡ ᠪᠣᠯᠬᠤ ᠪᠠᠷ ᠦᠯᠤ ᠪᠠᠷᠠᠨ ᠂ ᠨᠠᠩ ᠴᠤ ᠪᠥᠬᠦ ᠬᠤᠰᠢᠭᠤᠨ ᠤ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦᠯᠬᠦ ᠂ ᠬᠠᠮᠲᠤ ᠪᠠᠷ | ᠴᠢᠨᠡᠭᠡᠯᠢᠭᠵᠢᠬᠦ ᠶᠢ ᠪᠡᠶᠡᠯᠡᠭᠦᠯᠬᠦ ᠶᠢᠨ ᠵᠠᠶᠢᠯᠠᠰᠢ ᠦᠭᠡᠢ ᠰᠣᠩᠭᠤᠯᠲᠠ ᠪᠤᠯᠤᠬᠰᠠᠨ ᠪᠠᠶᠢᠨ᠎ᠠ ᠃ | ᠨᠢᠭᠡ ᠂ ᠠᠬᠤᠢ ᠪᠠᠶᠢᠳᠠᠯ ᠬᠢᠭᠡᠳ ᠠᠴᠢ ᠬᠤᠯᠪᠣᠭᠳᠠᠯ | ᠣᠳᠣᠬᠠᠨ ᠳᠤ ᠂ ᠮᠠᠨ ᠤ ᠤᠯᠤᠰ ᠤᠨ ᠠᠵᠤ ᠠᠬᠤᠢ ᠶᠢᠨ ᠪᠣᠳᠠᠲᠤ ᠬᠦᠴᠦᠨ ᠪᠠ ᠤᠯᠤᠰ ᠤᠨ ᠶᠡᠷᠦᠩᠬᠡᠢ ᠬᠦᠴᠦᠨ ᠢᠯᠡᠳᠲᠡ ᠴᠢᠩᠭᠠᠷᠠᠵᠤ ᠂ ᠬᠤᠳᠠ | ᠬᠥᠳᠡᠭᠡ ᠶᠢᠨ ᠬᠥᠭᠵᠢᠯᠲᠡ ᠶᠢ ᠨᠢᠭᠡ ᠴᠣᠭᠴᠠᠵᠢᠭᠤᠯᠬᠤ ᠪᠣᠳᠠᠰ ᠤᠨ ᠪᠠ ᠮᠡᠷᠭᠡᠵᠢᠯ ᠤᠨ ᠨᠥᠬᠦᠴᠡᠯ ᠢ ᠪᠦᠷᠢᠯᠳᠦᠭᠦᠯᠵᠦ ᠂ ᠠᠵᠤ ᠦᠢᠯᠡᠳᠪᠦᠷᠢ ᠪᠠᠷ ᠲᠠᠷᠢᠶᠠᠯᠠᠩ ᠢ | ᠳᠡᠮᠵᠢᠬᠦ ᠂ ᠬᠤᠳᠠ ᠪᠠᠷ ᠬᠥᠳᠡᠭᠡ ᠲᠣᠰᠬᠤᠨ ᠢ ᠳᠡᠮᠵᠢᠬᠦ ᠬᠥᠭᠵᠢᠯᠲᠡ ᠶᠢᠨ ᠱᠠᠲᠤᠨ ᠳᠤ ᠣᠷᠣᠭᠰᠠᠨ ᠪᠠᠶᠢᠨ᠎ᠠ᠃ ᠵᠡᠭᠦᠨᠭᠠᠷ ᠬᠤᠰᠢᠭᠤᠨ ᠤ ᠠᠵᠤ ᠦᠢᠯᠡᠳᠪᠦᠷᠢ ᠶᠢᠨ | ᠠᠵᠤ ᠠᠬᠤᠢ ᠨᠢ ᠨᠡᠭᠦᠷᠡᠰᠦᠨ ᠤ ᠠᠵᠤ ᠦᠢᠯᠡᠰ ᠢᠶᠠᠷ ᠤᠳᠤᠷᠢᠳᠤᠮᠵᠢ ᠪᠣᠯᠭᠠᠭᠰᠠᠭᠠᠷ ᠢᠷᠡᠭᠰᠡᠨ ᠪᠣᠯᠪᠠᠴᠤ ᠤᠷᠲᠤ ᠬᠤᠭᠤᠴᠠᠭᠠᠨ ᠤ ᠲᠤᠷᠰᠢ ᠂ ᠨᠡᠭᠦᠷᠡᠰᠤ | ᠮᠠᠯᠲᠠᠬᠤ ᠠᠴᠠ ᠪᠣᠯᠤᠭᠰᠠᠨ ᠠᠮᠢ ᠠᠬᠤᠢ ᠶᠢᠨ ᠡᠪᠳᠡᠭᠳᠡᠯ ᠂ ᠮᠠᠯᠲᠠᠯᠲᠠ ᠶᠢᠨ ᠬᠤᠭᠤᠰᠤᠷᠠᠯ ᠴᠥᠮᠥᠷᠡᠯ ᠤᠨ ᠣᠷᠣᠨ ᠤ ᠠᠰᠠᠭᠤᠳᠠᠯ ᠵᠢᠴᠢ ᠲᠠᠷᠢᠶᠠᠯᠠᠩ ᠤᠨ | ᠣᠳᠣᠬᠢᠴᠢᠯᠠᠯᠲᠠ ᠶᠢᠨ ᠲᠦᠪᠰᠢᠨ ᠬᠦᠷᠦᠯᠴᠡᠬᠦ ᠦᠭᠡᠢ ᠪᠠᠶᠢᠵᠤ ᠂ ᠪᠦᠭᠦ ᠬᠤᠰᠢᠭᠤᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ ᠶᠢ ᠬᠢᠵᠠᠭᠠᠷᠯᠠᠵᠠᠢ ᠃ | ᠠᠵᠤ ᠦᠢᠯᠡᠳᠪᠦᠷᠢ ᠶᠢᠨ ᠡᠬᠢ ᠪᠠᠶᠠᠯᠢᠭ ᠢᠶᠠᠷ ᠳᠠᠮᠵᠢᠭᠤᠯᠤᠨ ᠲᠠᠷᠢᠶᠠᠯᠠᠩ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠳᠠᠶᠢᠴᠢᠯᠠᠵᠤ ᠂ ︽ ᠬᠤᠶᠠᠳᠤᠭᠠᠷ | ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ︾ ᠶᠢ ᠠᠬᠢᠭᠤᠯᠬᠤ ᠨᠢ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ᠂ ᠬᠤᠲᠠ ᠬᠥᠳᠡᠭᠡ ᠶᠢᠨ | ᠠᠭᠤᠰᠤᠯᠴᠠᠨ ᠬᠥᠭᠵᠢᠬᠦ ᠶᠢ ᠠᠬᠢᠭᠤᠯᠬᠤ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠦᠯᠤ ᠪᠠᠷᠠᠨ ᠂ ᠨᠠᠩ ᠴᠤ ᠪᠥᠬᠦ ᠬᠤᠰᠢᠭᠤᠨ ᠤ ᠠᠵᠤ ᠠᠬᠤᠢ ᠶᠢᠨ | ᠪᠦᠲᠦᠴᠡ ᠶᠢᠨ ᠲᠣᠬᠢᠷᠠᠭᠤᠯᠤᠯᠲᠠ ᠂ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠴᠢᠬᠤᠯᠠ ᠭᠠᠷᠳᠠᠴᠠ ᠪᠣᠯᠵᠤ ᠂ ᠠᠮᠢ ᠠᠬᠤᠢ ᠶᠢᠨ ᠰᠡᠷᠭᠦᠭᠡᠯᠲᠡ ᠶᠢ | ᠪᠡᠶᠡᠯᠡᠭᠦᠯᠬᠦ ᠮᠥᠷᠲᠡᠭᠡᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠵᠤ ᠂ ᠪᠥᠬᠦ ᠬᠤᠰᠢᠭᠤᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ | ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠬᠦ ᠪᠣᠯᠣᠨ᠎ᠠ ᠃ | ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠬᠤᠲᠠ ᠶᠢᠨ ᠨᠠᠮ ᠤᠨ ᠬᠤᠷᠢᠶ᠎ᠠ ᠂ ᠬᠤᠳᠠ ᠶᠢᠨ ᠵᠠᠰᠠᠭ ᠤᠨ ᠣᠷᠳᠣᠨ ᠤ ︽ ᠠᠵᠤ ᠦᠢᠯᠡᠳᠪᠦᠷᠢ ᠪᠠᠷ | ᠲᠠᠷᠢᠶᠠᠯᠠᠩ ᠢ ᠳᠡᠮᠵᠢᠵᠤ ᠂ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ︾ ᠲᠤᠬᠠᠢ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ | ᠭᠦᠨᠵᠡᠭᠡᠢ ᠨᠠᠶᠢᠳᠠᠪᠤᠷᠢᠵᠢᠭᠤᠯᠵᠤ ᠂ ︽ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ᠂ ᠠᠵᠤ ᠦᠢᠯᠡᠳᠪᠦᠷᠢ ᠪᠠᠷ ᠲᠠᠷᠢᠶᠠᠯᠠᠩ ᠢ ᠠᠬᠢᠭᠤᠯᠬᠤ ᠂ ᠲᠠᠷᠢᠶᠠᠯᠠᠩ ᠢᠶᠠᠷ | ᠠᠵᠤ ᠦᠢᠯᠡᠳᠪᠦᠷᠢ ᠶᠢ ᠲᠤᠰᠠᠯᠠᠬᠤ ᠂ ᠠᠵᠤ ᠦᠢᠯᠡᠳᠪᠦᠷᠢ ᠲᠠᠷᠢᠶᠠᠯᠠᠩ ᠬᠠᠷᠢᠯᠴᠠᠨ ᠬᠠᠪᠰᠤᠷᠤᠯᠴᠠᠬᠤ ᠂ ᠠᠵᠤ ᠦᠢᠯᠡᠳᠪᠦᠷᠢ ᠲᠠᠷᠢᠶᠠᠯᠠᠩ ᠬᠤᠯᠪᠤᠭᠠᠯᠠᠨ | ᠬᠥᠳᠡᠯᠦᠯᠴᠡᠬᠦ ᠂ ᠠᠵᠤ ᠠᠬᠤᠶᠢᠯᠠᠯ ᠪᠤᠯᠤᠨ ᠭᠠᠵᠠᠷ ᠣᠷᠣᠨ ᠬᠦᠴᠦ ᠪᠠᠨ ᠬᠠᠮᠲᠤᠳᠬᠠᠬᠤ ︾ ᠠᠵᠢᠯ ᠤᠨ ᠰᠡᠳᠬᠢᠴᠡ ᠪᠠᠷ ᠪᠥᠬᠦ ᠬᠤᠰᠢᠭᠤᠨ ᠤ ᠠᠵᠤ ᠦᠢᠯᠡᠳᠪᠦᠷᠢ | ᠠᠭᠤᠷᠬᠠᠢ ᠶᠢᠨ ᠠᠵᠤ ᠠᠬᠤᠶᠢᠯᠠᠯ ᠣᠯᠠᠨ ᠂ ᠪᠡᠯᠡ ᠮᠥᠩᠭᠦ ᠶᠢᠨ ᠪᠣᠳᠠᠲᠤ ᠬᠦᠴᠦᠨ ᠴᠢᠩᠭ᠎ᠠ ᠵᠡᠷᠭᠡ ᠳᠠᠪᠠᠭᠤᠯᠢᠭ ᠢ ᠭᠦᠢᠴᠡᠳ ᠪᠠᠳᠠᠷᠠᠭᠤᠯᠵᠤ ᠂ ᠠᠵᠤ | ᠦᠢᠯᠡᠳᠪᠦᠷᠢᠵᠢᠭᠦᠯᠬᠦ ᠰᠡᠳᠬᠢᠬᠦᠢ ᠪᠠᠷ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢ ᠠᠬᠢᠭᠤᠯᠵᠤ ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠦᠷᠭᠦᠯᠵᠢᠯᠡᠨ ᠠᠬᠢᠭᠤᠯᠬᠤ ᠰᠢᠨ᠎ᠡ ᠵᠠᠮ ᠢ ᠨᠡᠭᠡᠭᠡᠭᠰᠡᠨ ᠪᠠᠶᠢᠨ᠎ᠠ ᠃ ᠣᠶᠢᠷ᠎ᠠ ᠶᠢᠨ ᠭᠤᠷᠪᠠᠨ ᠵᠢᠯ ᠳᠤ ᠪᠥᠬᠦ ᠬᠤᠰᠢᠭᠤᠨ ᠤ | ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ ᠶᠢᠨ ᠨᠡᠮᠡᠭᠳᠡᠯ ᠤᠨ ᠬᠤᠷᠳᠤᠴᠠ ᠪᠥᠬᠦ ᠬᠤᠲᠠ ᠳᠤ | ᠲᠡᠷᠢᠭᠦᠯᠡᠵᠦ ᠂ 2024 ᠣᠨ ᠳᠤ ᠮᠠᠯᠵᠢᠬᠤ ᠲᠠᠷᠢᠶᠠᠯᠠᠬᠤ ᠣᠷᠣᠨ ᠤ ᠰᠠᠭᠤᠭᠠᠯᠢ ᠠᠷᠠᠳ ᠤᠨ ᠬᠥᠮᠥᠨ ᠳᠤᠮᠳᠠᠴᠢ ᠳᠤᠬᠢᠷᠠᠭᠤᠯᠵᠤ ᠪᠣᠯᠬᠤ ᠣᠷᠣᠯᠭ᠎ᠠ 2.8296 | ᠲᠦᠮᠡᠨ ᠲᠥᠭᠦᠷᠢᠭ ᠲᠤ ᠬᠦᠷᠴᠦ ᠂ 6.4% ᠪᠠᠷ ᠨᠡᠮᠡᠭᠳᠡᠨ ᠂ ᠬᠥᠳᠡᠭᠡ ᠲᠣᠰᠬᠤᠨ ᠤ ᠰᠠᠭᠤᠭᠠᠯᠢ ᠠᠷᠠᠳ ᠤᠨ ᠨᠡᠮᠡᠭᠳᠡᠯ ᠤᠨ ᠬᠡᠮᠵᠢᠶ᠎ᠡ ᠬᠤᠲᠠ ᠪᠠᠯᠭᠠᠰᠤᠨ ᠤ | ᠰᠠᠭᠤᠭᠠᠯᠢ ᠠᠷᠠᠳ ᠤᠨ ᠬᠢ ᠠᠴᠠ ᠵᠠᠭᠤᠨ ᠤ ᠬᠤᠪᠢ ᠶᠢᠨ ᠬᠠᠷᠢᠴᠠᠯ ᠢᠶᠠᠷ1 ᠲᠦᠷᠭᠡᠨ ᠪᠣᠯᠵᠤ ᠂ ᠬᠤᠲᠠ ᠬᠥᠳᠡᠭᠡ ᠶᠢᠨ ᠵᠥᠷᠢᠶ᠎ᠡ ᠤᠯᠠᠮ ᠨᠢᠭᠡ ᠠᠯᠬᠤᠮ ᠪᠠᠭᠠᠰᠪᠠ ᠃ | | ᠬᠤᠶᠠᠷ ᠂ ᠣᠳᠣᠬᠠᠨ ᠳᠤ ᠣᠷᠣᠰᠢᠵᠤ ᠪᠠᠶᠢᠭ᠎ᠠ ᠭᠤᠣᠯ ᠠᠰᠠᠭᠤᠳᠠᠯ | ᠨᠢᠭᠡ ᠳᠤ ᠠᠵᠤ ᠦᠢᠯᠡᠰ ᠤᠨ ᠪᠦᠲᠦᠴᠡ ᠳᠠᠩ ᠴᠤᠯᠭᠤᠢ ᠪᠠᠶᠢᠨ᠎ᠠ᠃ ᠵᠡᠭᠦᠨᠭᠠᠷ ᠬᠤᠰᠢᠭᠤ ᠨᠢ ᠨᠡᠭᠦᠷᠡᠰᠦᠨ ᠤ ᠡᠬᠢ ᠪᠠᠶᠠᠯᠢᠭ ᠢᠶᠠᠷ ᠡᠯᠪᠡᠭ ᠣᠷᠣᠨ ᠪᠣᠯᠤᠭᠰᠠᠨ ᠤ | ᠬᠤᠪᠢ ᠳᠤ ᠂ ᠤᠯᠠᠮᠵᠢᠯᠠᠯᠲᠤ ᠡᠨᠧᠷᠭᠢ ᠶᠢᠨ ᠠᠵᠤ ᠦᠢᠯᠡᠰ ᠨᠢ ᠮᠥᠨ ᠯᠡ ᠠᠵᠤ ᠠᠬᠤᠢ ᠶᠢᠨ ᠲᠤᠯᠭᠠᠭᠤᠷᠢ ᠪᠣᠯᠵᠤ ᠂ ᠨᠡᠭᠦᠷᠡᠰᠦᠨ ᠤ ᠠᠵᠤ ᠦᠢᠯᠡᠰ ᠲᠤ ᠬᠡᠲᠦ | ᠲᠦᠰᠢᠭᠯᠡᠵᠦ ᠂ ᠠᠵᠤ ᠦᠢᠯᠡᠰ ᠤᠨ ᠬᠡᠯᠬᠢᠶ᠎ᠡ ᠨᠢ ᠣᠷᠳᠣ ᠪᠢᠰᠢ ᠂ ᠲᠠᠷᠢᠶᠠᠯᠠᠩ ᠪᠠ ᠭᠤᠷᠪᠠᠳᠤᠭᠠᠷ ᠠᠵᠤ ᠦᠢᠯᠡᠰ ᠤᠨ ᠡᠵᠡᠯᠡᠬᠦ ᠬᠠᠷᠢᠴᠠᠯ ᠨᠢ ᠳᠣᠣᠷ᠎ᠠ ᠂ ᠠᠵᠤ | ᠠᠬᠤᠢ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠴᠢᠳᠠᠪᠤᠷᠢ ᠨᠢ ᠪᠠᠭᠤᠷᠠᠢ ᠪᠠᠶᠢᠨ᠎ᠠ ᠃ ᠬᠤᠶᠠᠷ ᠲᠤ ᠲᠦᠷᠦ ᠶᠢᠨ ᠪᠣᠳᠣᠯᠭ᠎ᠠ ᠶᠢᠨ ᠬᠠᠮᠵᠢᠯᠴᠠᠭ᠎ᠠ ᠬᠦᠷᠦᠯᠴᠡᠬᠦ | ᠦᠭᠡᠢ ᠪᠠᠶᠢᠨ᠎ᠠ᠃ ᠵᠠᠰᠠᠭ ᠤᠨ ᠣᠷᠳᠣᠨ ᠠᠴᠠ ᠬᠡᠳᠦᠶᠢᠪᠡᠷ ᠲᠠᠷᠢᠶᠠᠯᠠᠩ ᠢ ᠬᠦᠴᠦᠷᠬᠡᠭᠵᠢᠭᠦᠯᠦᠨ ᠲᠠᠷᠢᠶᠠᠴᠢᠳ ᠲᠤ ᠠᠰᠢᠭ ᠬᠦᠷᠲᠡᠭᠡᠵᠦ ᠲᠠᠷᠢᠶᠠᠴᠢᠳ ᠢ | ᠪᠠᠶᠠᠵᠢᠭᠤᠯᠬᠤ ᠠᠯᠢ ᠤᠯᠠᠨ ᠳᠡᠮᠵᠢᠯᠭᠡ ᠶᠢᠨ ᠲᠦᠷᠦ ᠶᠢᠨ ᠪᠣᠳᠣᠯᠭ᠎ᠠ ᠶᠢ ᠲᠣᠭᠲᠠᠭᠠᠭᠰᠠᠨ ᠪᠣᠯᠪᠠᠴᠤ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ᠲᠠᠯ᠎ᠠ ᠪᠠᠷ | ᠪᠠᠰᠠ ᠰᠢᠰᠲ᠋ᠧᠮᠲᠦ ᠴᠢᠨᠠᠷᠲᠠᠢ ᠤᠷᠮᠠᠰᠢᠭᠤᠯᠬᠤ ᠠᠷᠭ᠎ᠠ ᠬᠡᠮᠵᠢᠶ᠎ᠡ ᠳᠤᠲᠠᠭᠳᠠᠵᠤ ᠂ ᠠᠵᠤ ᠠᠬᠤᠶᠢᠯᠠᠯ ᠤᠨ ᠬᠢᠨ ᠤ ᠲᠠᠷᠢᠶᠠᠯᠠᠩ ᠤᠨ ᠬᠥᠭᠵᠢᠯᠲᠡ ᠳᠤ ᠣᠷᠣᠯᠴᠠᠬᠤ | ᠢᠳᠡᠪᠬᠢᠵᠢᠯ ᠨᠢ ᠥᠨᠳᠥᠷ ᠪᠢᠰᠢ ᠂ ᠠᠵᠤ ᠠᠬᠤᠶᠢᠯᠠᠯ ᠪᠣᠯᠣᠨ ᠲᠠᠷᠢᠶᠠᠴᠢᠳ ᠤᠨ ᠬᠤᠭᠤᠷᠣᠨᠳᠣᠬᠢ ᠠᠰᠢᠭ ᠲᠤᠰᠠ ᠶᠢᠨ ᠬᠤᠯᠪᠣᠭ᠎ᠠ ᠶᠢᠨ ᠲᠣᠭᠲᠠᠴᠠ ᠨᠢ ᠪᠠᠰᠠ | ᠲᠡᠭᠦᠯᠳᠡᠷᠵᠢᠭᠡᠳᠦᠢ᠂ ᠲᠠᠷᠢᠶᠠᠴᠢᠳ ᠤᠨ ᠠᠵᠤ ᠦᠢᠯᠡᠰ ᠤᠨ ᠬᠥᠭᠵᠢᠯᠲᠡ ᠳᠤ ᠣᠷᠣᠯᠴᠠᠬᠤ ᠵᠠᠮ ᠮᠦᠷ ᠨᠢ ᠬᠢᠵᠠᠭᠠᠷ ᠲᠠᠢ ᠪᠠᠶᠢᠵᠤ ᠂ ᠠᠵᠤ ᠠᠬᠤᠶᠢᠯᠠᠯ ᠤᠨ | ᠬᠥᠭᠵᠢᠯᠲᠡ ᠶᠢᠨ ᠠᠰᠢᠭ ᠬᠦᠷᠳᠡᠭᠡᠮᠵᠢ ᠶᠢ ᠭᠦᠢᠴᠡᠳ ᠡᠳ᠋ᠯᠡᠬᠦ ᠳᠤ ᠪᠡᠷᠬᠡᠲᠡᠢ ᠪᠠᠶᠢᠨ᠎ᠠ᠃ ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠪᠠᠭᠤᠷᠠᠢ | ᠪᠠᠶᠢᠨ᠎ᠠ᠃ ᠬᠤᠶᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠲᠡᠷᠢᠭᠦᠨ ᠤ ᠮᠡᠷᠭᠡᠵᠢᠯ ᠪᠣᠯᠣᠨ ᠬᠠᠮᠢᠶᠠᠷᠤᠯᠲᠠ ᠶᠢᠨ ᠲᠤᠷᠰᠢᠯᠭ᠎ᠠ ᠶᠢ ᠲᠠᠷᠢᠶᠠᠯᠠᠩ ᠤᠨ ᠬᠦᠷᠢᠶ᠎ᠡ | ᠴᠠᠷᠠᠭ᠎ᠠ ᠳᠤ ᠤᠯᠠᠷᠢᠭᠤᠯᠤᠨ ᠬᠡᠷᠡᠭᠯᠡᠬᠦ ᠵᠠᠮ ᠮᠦᠷ ᠨᠢ ᠰᠢᠯᠤᠭᠤᠨ ᠪᠤᠰᠤ ᠪᠠᠶᠢᠵᠤ ᠂ ᠣᠶᠤᠨᠴᠢᠯᠠᠭᠰᠠᠨ ᠂ ᠳᠤᠭᠠᠴᠢᠯᠠᠬᠰᠠᠨ ᠮᠡᠷᠭᠡᠵᠢᠯ ᠤᠨ ᠬᠡᠷᠡᠭᠯᠡᠯᠲᠡ ᠨᠢ ᠥᠷᠭᠡᠨ | ᠳᠡᠯᠭᠡᠷ ᠪᠤᠰᠤ ᠪᠠᠶᠢᠵᠤ ᠂ ᠪᠥᠬᠦ ᠬᠤᠰᠢᠭᠤᠨ ᠤ ᠲᠠᠷᠢᠶᠠᠯᠠᠩ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠪᠡᠯᠡ ᠣᠷᠣᠭᠤᠯᠤᠯᠲᠠ ᠬᠦᠷᠦᠯᠴᠡᠬᠦ | ᠦᠭᠡᠢ ᠪᠠᠶᠢᠵᠤ ᠂ ᠲᠠᠷᠢᠶᠠᠯᠠᠩ ᠤᠨ ᠣᠳᠣᠬᠢᠴᠢᠯᠠᠯᠲᠠ ᠶᠢᠨ ᠠᠬᠢᠴᠠ ᠶᠢ ᠬᠢᠵᠠᠭᠠᠷᠯᠠᠵᠤ ᠪᠠᠶᠢᠨ᠎ᠠ ᠃ ᠬᠤᠶᠠᠳᠤᠭᠠᠷ ᠠᠵᠤ ᠦᠢᠯᠡᠰ ᠪᠣᠯᠣᠨ ᠨᠢᠭᠡᠳᠦᠭᠡᠷ ᠠᠵᠤ | ᠦᠢᠯᠡᠰ ᠤᠨ ᠬᠤᠯᠪᠣᠯᠳᠤᠯ ᠳᠤᠮᠳᠠ᠂ ᠭᠦᠨ ᠭᠦᠨᠵᠡᠭᠡᠢ ᠠᠵᠤ ᠦᠢᠯᠡᠰ ᠤᠨ ᠠᠭᠤᠰᠤᠯᠴᠠᠯ ᠢ ᠬᠠᠷᠠᠬᠠᠨ ᠪᠦᠷᠢᠯᠳᠦᠭᠦᠯᠦᠭᠡᠳᠦᠢ᠂ ᠳᠠᠭᠤᠷᠢᠶᠠᠵᠤ ᠪᠣᠯᠬᠤ ᠂ | ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠨᠡᠯᠢᠶᠡᠳ ᠴᠥᠭᠡᠨ ᠪᠠᠶᠢᠵᠤ ᠂ ᠣᠷᠣᠨ ᠨᠤᠲᠤᠭ ᠪᠤᠯᠤᠨ ᠠᠵᠤ ᠠᠬᠤᠶᠢᠯᠠᠯ ᠬᠠᠮᠲᠤᠪᠠᠷ ᠪᠠᠶᠢᠭᠤᠯᠬᠤ ᠦᠷ᠎ᠡ | ᠪᠦᠲᠦᠮᠵᠢ ᠶᠢ ᠪᠠᠰᠠ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ᠃ | ᠭᠤᠷᠪᠠ ᠂ ᠠᠷᠭᠠᠴᠠᠭᠠᠬᠤ ᠰᠠᠨᠠᠭᠤᠯᠭ᠎ᠠ | ︵ ᠨᠢᠭᠡ ︶ ︽ ᠴᠢᠰᠤ ᠪᠦᠲᠦᠭᠡᠬᠦ ᠬᠡᠯᠪᠡᠷᠢ ︾ ᠶᠢᠨ ᠳᠡᠮᠵᠢᠯᠭᠡ ᠶᠢ ᠲᠦᠷᠭᠡᠳᠬᠡᠵᠦ ᠂ ᠲᠠᠷᠢᠶᠠᠯᠠᠩ ᠦᠢᠯᠡᠳᠪᠦᠷᠢᠯᠡᠯ ᠤᠨ ᠳᠣᠲᠣᠭᠠᠳᠤ ᠬᠥᠳᠡᠯᠭᠡᠬᠦ ᠬᠦᠴᠦᠨ ᠢ | ᠬᠥᠭᠵᠢᠭᠡᠨ᠎ᠡ ᠃ ᠠᠵᠤ ᠦᠢᠯᠡᠳᠪᠦᠷᠢ ᠪᠠᠷ ᠰᠠᠭᠤᠷᠢ ᠪᠣᠯᠭᠠᠨ ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ | ᠲᠦᠷᠭᠡᠳᠬᠡᠵᠦ ᠂ ᠨᠡᠭᠦᠷᠡᠰᠦᠨ ᠤ ᠠᠵᠤ ᠦᠢᠯᠡᠰ ᠤᠨ ᠳᠠᠪᠠᠭᠤᠯᠢᠭ ᠢ ᠪᠠᠬᠢᠵᠢᠭᠦᠯᠬᠦ ᠶᠢᠨ ᠬᠠᠮᠲᠤ ᠂ ᠬᠤᠶᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠢᠨ ᠤ | ᠳᠠᠷᠢᠶᠠᠯᠠᠩ ᠤᠶᠢᠯᠡᠳᠪᠤᠷᠢᠯᠡᠯ ᠤᠨ ᠠᠵᠤ ᠦᠢᠯᠡᠰ ᠤᠨ ᠬᠠᠪᠰᠤᠷᠤᠨ ᠲᠡᠳᠬᠦᠬᠦ ᠳᠤ ᠭᠦᠨᠵᠡᠭᠡᠢ ᠣᠷᠣᠯᠴᠠᠬᠤ ᠶᠢ ᠠᠬᠢᠭᠤᠯᠵᠤ ᠂ ︽ᠠᠵᠤ ᠠᠬᠤᠶᠢᠯᠠᠯ + ᠳᠤᠰᠬᠠᠢ | ᠬᠤᠷᠰᠢᠶᠠᠵᠢᠯ + ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠳᠠᠮᠵᠢᠭᠤᠯᠤᠨ᠂ ᠠᠵᠤ ᠦᠢᠯᠡᠳᠪᠦᠷᠢ ᠶᠢᠨ ᠬᠥᠷᠥᠩᠭᠡ ᠶᠢᠨ ᠮᠡᠷᠭᠡᠵᠢᠯ ᠢ ᠳᠠᠷᠢᠶᠠᠯᠠᠩ ᠤᠶᠢᠯᠡᠳᠪᠤᠷᠢᠯᠡᠯ | ᠤᠨ ᠠᠵᠤ ᠦᠢᠯᠡᠰ ᠲᠤ ᠣᠷᠣᠭᠤᠯᠵᠤ ᠂ ᠳᠠᠷᠢᠶᠠᠯᠠᠩ ᠤᠶᠢᠯᠡᠳᠪᠤᠷᠢᠯᠡᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠨᠡᠮᠡᠯᠲᠡ ᠦᠷᠳᠡᠭ ᠢ | ᠳᠡᠭᠡᠭᠰᠢᠯᠡᠭᠦᠯᠵᠦ ᠂ ︽ᠠᠵᠤ ᠦᠢᠯᠡᠳᠪᠦᠷᠢ ᠪᠠᠷ ᠳᠠᠷᠢᠶᠠᠯᠠᠩ ᠢ ᠳᠠᠶᠢᠴᠢᠯᠠᠬᠤ ᠂ ᠳᠠᠷᠢᠶᠠᠯᠠᠩ ᠢ ᠠᠵᠤ ᠦᠢᠯᠡᠳᠪᠦᠷᠢ ᠳᠤ ᠤᠶᠢᠯᠡᠴᠢᠯᠡᠬᠦᠯᠬᠦ ᠂ ᠭᠤᠷᠪᠠᠨ ᠠᠵᠤ | ᠦᠢᠯᠡᠰ ᠢ ᠠᠭᠤᠰᠤᠯᠴᠠᠭᠤᠯᠤᠨ ᠬᠥᠭᠵᠢᠭᠦᠯᠬᠦ︾ ᠤᠳᠤ ᠦᠶ᠎ᠡ ᠶᠢᠨ ᠠᠵᠤ ᠦᠢᠯᠡᠰ ᠤᠨ ᠳᠤᠬᠳᠠᠯᠴᠠᠭ᠎ᠠ ᠶᠢ ᠪᠦᠷᠢᠯᠳᠦᠭᠦᠯᠦᠨ᠎ᠡ᠃ ᠦᠢᠯᠡᠳᠪᠦᠷᠢ ᠠᠭᠤᠷᠬᠠᠢ ᠶᠢᠨ | ᠠᠵᠤ ᠠᠬᠤᠶᠢᠯᠠᠯ ᠤᠨ ᠣᠨᠴᠠᠯᠢᠭ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠬᠤᠶᠠᠳᠤᠭᠠᠷ ᠠᠵᠤ ᠦᠢᠯᠡᠰ ᠤᠨ ᠬᠥᠳᠡᠭᠡ ᠲᠣᠰᠬᠤᠨ ᠳᠤ ᠭᠦᠨᠵᠡᠭᠡᠶᠢᠷᠡᠬᠦ ᠶᠢ | ᠲᠦᠷᠭᠡᠳᠬᠡᠨ ᠬᠥᠲᠥᠯᠥᠨ ᠵᠢᠯᠤᠭᠤᠳᠴᠤ ᠂ ᠤᠶᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠤ ᠰᠠᠭᠤᠷᠢᠨ ᠭᠠᠵᠠᠷ ᠢ ᠪᠠᠶᠢᠭᠤᠯᠤᠨ᠂ ᠤᠶᠢᠯᠡᠳᠪᠤᠷᠢᠯᠡᠯ ᠵᠢᠭᠠᠨ | ᠰᠤᠷᠭᠠᠯᠳᠠ ᠰᠤᠳᠤᠯᠭᠠᠨ ᠤ ᠬᠠᠮᠳᠤᠷᠠᠯᠴᠠᠭ᠎ᠠ ᠶᠢ ᠠᠬᠢᠭᠤᠯᠵᠤ ᠂ ︽ᠦᠢᠯᠡᠳᠪᠦᠷᠢᠯᠡᠬᠦ — ᠪᠣᠯᠪᠠᠰᠤᠷᠠᠭᠤᠯᠬᠤ — ᠪᠣᠷᠣᠯᠠᠭᠤᠯᠬᠤ︾ ᠶᠢ ᠨᠢᠭᠡ ᠴᠣᠭᠴᠠᠵᠢᠭᠤᠯᠤᠬᠰᠠᠨ | ᠬᠡᠪ ᠵᠠᠭᠪᠤᠷ ᠢ ᠪᠤᠢ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠠᠬᠢᠭᠤᠯᠵᠤ ᠂ | ᠲᠠᠷᠢᠶᠠᠯᠠᠩ ᠦᠢᠯᠡᠳᠪᠦᠷᠢᠯᠡᠯ ᠤᠨ ᠥᠪᠡᠷ ᠢᠶᠠᠨ ︽ᠴᠢᠰᠤ ᠪᠦᠲᠦᠭᠡᠬᠦ︾ ᠴᠢᠳᠠᠪᠤᠷᠢ ᠶᠢ ᠨᠡᠮᠡᠭᠳᠡᠭᠦᠯᠦᠨ᠎ᠡ᠃ ᠲᠦᠷᠦ ᠶᠢᠨ ᠪᠣᠳᠣᠯᠭ᠎ᠠ ᠶᠢᠨ ᠤᠷᠮᠠᠰᠢᠭᠤᠯᠬᠤ | ᠲᠣᠭᠲᠠᠴᠠ ᠪᠠᠷ ᠳᠠᠮᠵᠢᠭᠤᠯᠤᠨ᠂ ᠠᠵᠤ ᠠᠬᠤᠶᠢᠯᠠᠯ ᠢ ᠵᠣᠬᠢᠶᠠᠨ ᠪᠠᠶᠢᠭᠤᠯᠤᠨ ᠲᠠᠷᠢᠶᠠᠴᠢᠳ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠥᠷᠨᠢᠭᠦᠯᠵᠦ ᠂ ᠠᠵᠢᠯ | ᠣᠯᠭᠤᠬᠤ ᠵᠠᠮ ᠮᠦᠷ ᠢ ᠥᠷᠭᠡᠳᠬᠡᠨ᠂ ᠲᠠᠷᠢᠶᠠᠴᠢᠳ ᠤᠨ ᠠᠵᠤ ᠦᠢᠯᠡᠰ ᠤᠨ ᠠᠵᠢᠯᠴᠢᠨ ᠲᠡᠶᠢᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ ᠂ ᠨᠢᠭᠡ ᠪᠦᠯᠦᠭ | ᠮᠡᠷᠭᠡᠵᠢᠯ ᠲᠠᠢ ᠂ ᠬᠠᠮᠢᠶᠠᠷᠴᠤ ᠴᠢᠳᠠᠳᠠᠭ ᠰᠢᠨ᠎ᠡ ᠮᠠᠶ᠋ᠢᠭ ᠤᠨ ᠠᠵᠢᠯ ᠮᠡᠷᠭᠡᠵᠢᠯ ᠤᠨ ᠲᠠᠷᠢᠶᠠᠴᠢᠳ ᠢ ᠬᠥᠮᠥᠵᠢᠭᠦᠯᠵᠦ ᠂ ᠣᠷᠣᠯᠭ᠎ᠠ ᠶᠢᠨ ᠢᠷᠡᠯᠲᠡ ᠶᠢ ᠨᠢ | ᠨᠡᠮᠡᠭᠳᠡᠭᠦᠯᠦᠨ᠎ᠡ᠃ | ︵ᠬᠤᠶᠠᠷ︶ ︽ᠭᠤᠣᠯᠳᠠᠯᠭ᠎ᠠ ᠲᠠᠢ ᠬᠡᠯᠪᠡᠷᠢ︾ ᠶᠢᠨ ᠳᠡᠮᠵᠢᠯᠭᠡ ᠶᠢ ᠨᠡᠮᠡᠭᠳᠡᠭᠦᠯᠵᠦ ᠂ ᠲᠠᠷᠢᠶᠠᠯᠠᠩ ᠬᠥᠳᠡᠭᠡ ᠲᠣᠰᠬᠤᠨ ᠤ ᠬᠥᠭᠵᠢᠯᠲᠡ ᠳᠤ ᠤᠨᠢᠨ ᠳᠡᠭᠡᠷ᠎ᠡ ᠨᠢ | ᠬᠦᠴᠦ ᠨᠡᠮᠡᠷᠢᠯᠡᠨ᠎ᠡ᠃ ︽ ᠠᠵᠤ ᠦᠢᠯᠡᠳᠪᠦᠷᠢ ᠪᠠᠷ ᠲᠠᠷᠢᠶᠠᠯᠠᠩ ᠢ ᠳᠡᠮᠵᠢᠬᠦ ︾ ᠳᠦᠷᠢᠮ ᠤᠨ ᠪᠣᠷᠣ ᠲᠥᠯᠥᠪ ᠤᠨ ᠳᠤᠬᠳᠠᠯᠴᠠᠭ᠎ᠠ ᠶᠢ ᠲᠦᠷᠭᠡᠳᠬᠡᠨ ᠪᠠᠶᠢᠭᠤᠯᠵᠤ ᠂ | ᠲᠥᠷᠥ ᠶᠢᠨ ᠪᠣᠳᠣᠯᠭ᠎ᠠ ᠪᠠᠷ ᠳᠡᠮᠵᠢᠬᠦ ᠪᠠ ᠬᠥᠲᠥᠯᠥᠨ ᠵᠢᠯᠤᠭᠤᠳᠬᠤ ᠡᠷᠴᠢᠮ ᠢᠶᠠᠨ ᠴᠢᠩᠭᠠᠷᠠᠭᠤᠯᠤᠨ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠳᠤ | ᠬᠡᠷᠡᠭᠯᠡᠬᠦ ᠭᠠᠵᠠᠷ ᠰᠢᠷᠣᠢ ᠶᠢᠨ ᠭᠦᠢᠴᠡᠳᠬᠡᠯ ᠲᠤᠭ᠎ᠠ ᠶᠢ ᠬᠡᠯᠪᠡᠶᠢᠯᠭᠡᠬᠦ ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠦᠵᠡᠭᠦᠯᠬᠦ ᠂ ᠵᠦᠢ ᠶᠣᠰᠣᠨ ᠤ ᠢᠲᠡᠭᠡᠮᠵᠢᠲᠦ | ᠵᠢᠭᠡᠯᠡᠯᠭᠡ ᠳᠠᠯᠪᠢᠬᠤ ᠵᠡᠷᠭᠡ ᠲᠥᠷᠥ ᠶᠢᠨ ᠪᠣᠳᠣᠯᠭ᠎ᠠ ᠶᠢᠨ ᠤᠷᠮᠠᠰᠢᠭᠤᠯᠤᠯ ᠢ ᠵᠣᠬᠢᠰᠲᠠᠢ ᠣᠯᠭᠤᠵᠤ ᠂ ᠦᠢᠯᠡᠳᠪᠦᠷᠢ ᠠᠭᠤᠷᠬᠠᠢ ᠶᠢᠨ ᠠᠵᠤ ᠠᠬᠤᠶᠢᠯᠠᠯ ᠤᠨ ᠮᠠᠯᠲᠠᠵᠤ | ᠬᠤᠭᠤᠰᠤᠷᠠᠭᠤᠯᠤᠭᠰᠠᠨ ᠴᠥᠮᠥᠷᠡᠭᠰᠡᠨ ᠣᠷᠣᠨ ᠢ ᠵᠠᠰᠠᠬᠤ ᠰᠢᠨᠵᠢᠯᠡᠬᠦ ᠤᠬᠠᠭᠠᠨ ᠮᠡᠷᠭᠡᠵᠢᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ ᠨᠡᠮᠡᠭᠳᠡᠭᠦᠯᠬᠦ ᠶᠢ | ᠵᠣᠷᠢᠭᠵᠢᠭᠤᠯᠤᠨ᠎ᠠ ᠃ ︽ ᠬᠥᠷᠥᠰᠥ ᠰᠢᠷᠣᠢ ᠶᠢ ᠳᠠᠬᠢᠨ ᠴᠣᠭᠴᠠᠯᠠᠬᠤ + ᠤᠰᠤ ᠠᠷᠪᠢᠯᠠᠬᠤ ᠤᠰᠤᠯᠠᠯᠲᠠ + ᠠᠮᠢ ᠠᠬᠤᠢ ᠶᠢᠨ ᠬᠠᠮᠠᠭᠠᠯᠠᠯᠲᠠ ︾ ᠵᠡᠷᠭᠡ ᠬᠤᠷᠠᠮᠠᠯ | ᠮᠡᠷᠭᠡᠵᠢᠯ ᠤᠨ ᠳᠤᠬᠳᠠᠯᠴᠠᠭ᠎ᠠ ᠶᠢ ᠬᠡᠷᠡᠭᠯᠡᠨ ᠂ ︽ ᠨᠢᠭᠡ ᠭᠠᠵᠠᠷ ᠢ ᠣᠯᠠᠨ ᠭᠡᠷᠡᠭᠯᠡᠬᠦ ︾ ᠶᠢ ᠠᠬᠢᠭᠤᠯᠤᠨ ᠂ ᠬᠡᠪᠴᠢᠶᠡᠵᠢᠭᠦᠯᠦᠨ ᠪᠠᠶᠢᠷᠢᠰᠢᠭᠤᠯᠵᠤ ᠂ ︽ ᠠᠭᠤᠷᠬᠠᠢ ᠶᠢ | ᠰᠡᠷᠭᠦᠭᠡᠬᠦ + ᠣᠲᠣ ᠦᠶ᠎ᠡ ᠶᠢᠨ ᠲᠠᠷᠢᠶᠠᠯᠠᠩ ︾ ᠤᠨ ᠵᠠᠭᠪᠤᠷ ᠢ ᠳᠡᠯᠭᠡᠷᠡᠭᠦᠯᠦᠨ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠂ ᠱᠠᠲᠤᠨ ᠲᠠᠷᠢᠶ᠎ᠠ ᠶᠢ ᠪᠦᠲᠦᠭᠡᠨ | ᠪᠠᠶᠢᠭᠤᠯᠤᠨ᠎ᠠ ᠃ ︽ ᠬᠠᠪᠲᠠᠰᠤᠨ ᠳᠡᠭᠡᠷ᠎ᠡ ᠴᠠᠬᠢᠯᠭᠠᠨ ᠭᠠᠷᠭᠠᠬᠤ ᠂ ᠬᠠᠪᠲᠠᠰᠤᠨ ᠳᠣᠣᠷ᠎ᠠ ᠳᠠᠷᠢᠵᠤ ᠲᠡᠵᠢᠭᠡᠬᠦ ︾ ᠪᠣᠰᠤᠭ᠎ᠠ ᠴᠣᠭᠴᠠᠲᠤ ᠠᠵᠤ ᠠᠬᠤᠢ ᠶᠢ | ᠬᠥᠭᠵᠢᠭᠦᠯᠵᠦ ᠂ ︽ ᠠᠭᠤᠷᠬᠠᠢ ᠶᠢᠨ ᠣᠷᠣᠨ ᠤ ᠠᠮᠢ ᠠᠬᠤᠢ ᠶᠢᠨ ᠠᠵᠤ ᠦᠢᠯᠡᠰ ᠤᠨ ᠬᠦᠷᠢᠶᠡᠯᠡᠩ ︾ ᠢ ᠪᠦᠲᠦᠭᠡᠨ ᠪᠠᠶᠢᠭᠤᠯᠵᠤ ᠂ ᠣᠨᠴᠠᠯᠢᠭᠲᠤ ᠲᠠᠷᠢᠮᠠᠯ ᠂ ᠠᠮᠢ | ᠠᠬᠤᠢ ᠶᠢᠨ ᠳᠡᠵᠢᠭᠡᠪᠤᠷᠢ ᠶᠢᠨ ᠤᠶᠢᠯᠡᠰ ᠵᠡᠷᠭᠡ ᠳᠣᠣᠷ᠎ᠠ ᠨᠡᠭᠦᠷᠡᠰᠦᠲᠥ᠋ᠷᠥᠭᠴᠢᠲᠦ ᠠᠵᠤ ᠦᠢᠯᠡᠰ ᠢ ᠴᠤᠬᠴᠠᠯᠠᠨ᠎ᠠ ᠃ ︽ ᠠᠭᠤᠷᠬᠠᠢ ᠶᠢ ᠵᠠᠰᠠᠨ ᠰᠡᠷᠭᠦᠭᠡᠬᠦ + ᠠᠮᠢ | ᠠᠬᠤᠢ ᠶᠢᠨ ᠵᠤᠭᠠᠴᠠᠯ ︾ ᠤᠨ ᠵᠠᠭᠪᠤᠷ ᠢ ᠬᠠᠶᠢᠨ ᠰᠦᠪᠡᠭᠴᠢᠯᠡᠵᠦ ᠂ ᠵᠠᠰᠠᠨ ᠰᠡᠷᠭᠦᠭᠡᠭᠰᠡᠨ ᠤ ᠳᠠᠷᠠᠭᠠᠬᠢ ᠪᠠᠶᠢᠭᠠᠯᠢ ᠶᠢᠨ ᠦᠵᠡᠮᠵᠢ ᠪᠠ ᠠᠵᠤ ᠦᠢᠯᠡᠳᠪᠦᠷᠢ ᠶᠢᠨ | ᠦᠯᠡᠳᠡᠭᠳᠡᠯ ᠢ ᠠᠰᠢᠭᠯᠠᠨ ᠂ ᠠᠮᠢ ᠠᠬᠤᠢ ᠶᠢᠨ ᠲᠣᠭᠤᠷᠢᠨ ᠦᠵᠡᠬᠦ ᠂ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠬᠥᠮᠦᠵᠢᠯ ᠵᠡᠷᠭᠡ ᠰᠣᠶᠣᠯ ᠵᠤᠭᠠᠴᠠᠯ ᠤᠨ ᠠᠵᠤ | ᠦᠢᠯᠡᠰ ᠢ ᠬᠥᠭᠵᠢᠭᠦᠯᠵᠦ ᠂ ᠣᠨᠴᠠᠯᠢᠭᠲᠤ ᠠᠮᠢ ᠠᠬᠤᠢ ᠶᠢᠨ ᠵᠤᠭᠠᠴᠠᠯ ᠢ ᠪᠣᠶ ᠪᠣᠯᠭᠠᠨ᠎ᠠ ᠃ | ︵ᠭᠤᠷᠪᠠ︶ ︽ᠲᠣᠬᠢᠷᠠᠮᠵᠢᠲᠠᠢ ᠬᠡᠯᠪᠡᠷᠢ︾ ᠶᠢᠨ ᠳᠡᠮᠵᠢᠯᠭᠡ ᠶᠢ ᠴᠢᠩᠭᠠᠳᠬᠠᠵᠤ ᠂ ᠲᠠᠷᠢᠶᠠᠯᠠᠩ ᠤᠨ ᠠᠵᠤ ᠦᠢᠯᠡᠰ ᠤᠨ ᠦᠷᠭᠦᠯᠵᠢᠯᠡᠬᠦ ᠬᠥᠭᠵᠢᠯᠲᠡ ᠶᠢ | ᠪᠡᠶᠡᠯᠡᠭᠦᠯᠦᠨ᠎ᠡ᠃ ᠬᠤᠶᠠᠳᠤᠭᠠᠷ ᠠᠵᠤ ᠦᠢᠯᠡᠰ ᠢᠶᠠᠷ ᠨᠢᠭᠡᠳᠦᠭᠡᠷ ᠠᠵᠤ ᠦᠢᠯᠡᠰ ᠢ ᠳᠠᠶᠢᠴᠢᠯᠠᠬᠤ ᠪᠠ ᠣᠷᠣᠨ ᠨᠤᠲᠤᠭ ᠪᠤᠯᠤᠨ ᠠᠵᠤ ᠠᠬᠤᠶᠢᠯᠠᠯ ᠬᠠᠮᠲᠤᠪᠠᠷ | ᠪᠠᠶᠢᠭᠤᠯᠬᠤ ᠂ ᠲᠦᠮᠡᠨ ᠠᠵᠤ ᠠᠬᠤᠶᠢᠯᠠᠯ ᠢᠶᠠᠷ ᠲᠦᠮᠡᠨ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠶᠢ ᠨᠢᠭᠲᠠ ᠤᠶᠠᠯᠳᠤᠭᠤᠯᠬᠤ ᠶᠢ ᠪᠠᠷᠢᠮᠲᠠᠯᠠᠵᠤ ᠂ | ᠬᠥᠳᠡᠭᠡ ᠲᠣᠰᠬᠤᠨ ᠤ ᠬᠥᠭᠵᠢᠯᠲᠡ᠂ ᠬᠥᠳᠡᠭᠡ ᠲᠣᠰᠬᠤᠨ ᠤ ᠵᠠᠰᠠᠯᠲᠠ᠂ ᠪᠣᠬᠢᠷᠲᠤᠯ ᠦᠭᠡᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠵᠡᠷᠭᠡ ᠬᠦᠷᠢᠶ᠎ᠡ ᠴᠠᠷᠠᠭᠠᠨ | ᠤ ᠲᠣᠭᠤᠷᠢᠨ ᠳᠤ ᠂ ᠠᠵᠤ ᠠᠬᠤᠶᠢᠯᠠᠯ ᠤᠨ ᠬᠥᠳᠡᠭᠡ ᠲᠣᠰᠬᠤᠨ ᠤ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠬᠢᠬᠦ ᠪᠠ ᠬᠦᠮᠤᠨ ᠠᠷᠠᠳ ᠤᠨ | ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠳᠤ ᠣᠷᠣᠯᠴᠠᠬᠤ ᠶᠢ ᠵᠣᠷᠢᠭᠵᠢᠭᠤᠯᠤᠨ ᠂ ᠬᠥᠳᠡᠭᠡ ᠲᠣᠰᠬᠤᠨ ᠤ ᠦᠢᠯᠡᠳᠪᠦᠷᠢᠯᠡᠯ | ᠠᠮᠢᠳᠤᠷᠠᠯ ᠤᠨ ᠨᠥᠬᠦᠴᠡᠯ ᠢ ᠰᠠᠶᠢᠵᠢᠷᠠᠭᠤᠯᠵᠤ ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠤᠨ᠎ᠠ᠃ ᠲᠣᠮᠣ ᠬᠡᠯᠪᠡᠷᠢ ᠶᠢᠨ | ᠠᠵᠤ ᠠᠬᠤᠶᠢᠯᠠᠯ ᠤᠨ ᠨᠡᠶᠢᠭᠡᠮ ᠤᠨ ᠬᠠᠷᠢᠭᠤᠴᠠᠯᠭ᠎ᠠ ᠶᠢ ᠢᠳᠡᠪᠬᠢᠲᠡᠢ ᠡᠭᠦᠷᠭᠡᠯᠡᠵᠦ ᠂ ᠳᠠᠷᠢᠶᠠᠯᠠᠩ ᠤᠶᠢᠯᠡᠳᠪᠤᠷᠢᠯᠡᠯ ᠬᠥᠳᠡᠭᠡ ᠲᠣᠰᠬᠤᠨ ᠤ ᠬᠥᠭᠵᠢᠯᠲᠡ ᠳᠤ | ᠰᠠᠨᠠᠭᠠᠴᠢᠯᠠᠭ᠎ᠠ ᠠᠴᠠ ᠪᠠᠨ ᠣᠷᠣᠯᠴᠠᠬᠤ ᠶᠢ ᠵᠣᠷᠢᠭᠵᠢᠭᠤᠯᠵᠤ ᠂ ᠵᠣᠬᠢᠴᠠᠩᠭᠤᠢ ᠤᠷᠮᠠᠰᠢᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠥᠷᠥᠯ ᠬᠤᠪᠢᠶᠠᠨ | ᠲᠣᠭᠲᠠᠭᠠᠵᠤ ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠣᠨᠴᠠᠯᠢᠭᠲᠤ ᠲᠠᠷᠢᠶᠠᠯᠠᠩ ᠂ ᠬᠥᠳᠡᠭᠡ ᠲᠣᠰᠬᠤᠨ ᠤ ᠵᠤᠭᠠᠴᠠᠯ ᠵᠡᠷᠭᠡ ᠶᠢ ᠬᠥᠭᠵᠢᠭᠦᠯᠵᠦ ᠂ | ᠳᠠᠭᠤᠷᠢᠶᠠᠵᠤ ᠪᠣᠯᠬᠤ ᠂ ᠳᠡᠯᠭᠡᠷᠡᠭᠦᠯᠵᠦ ᠪᠣᠯᠬᠤ ᠲᠤᠷᠰᠢᠯᠭ᠎ᠠ ᠶᠢᠨ ᠵᠠᠭᠪᠤᠷ ᠢ ᠰᠦᠪᠡᠭᠴᠢᠯᠡᠨ ᠂ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠬᠠᠮᠲᠤ ᠪᠠᠷ ᠴᠢᠨᠡᠭᠡᠯᠢᠭᠵᠢᠬᠦ ᠳᠤ ᠦᠷᠭᠦᠯᠵᠢᠯᠡᠬᠦᠶᠢᠴᠡ ᠲᠤᠯᠭᠠᠭᠤᠷᠢᠯᠠᠯ ᠬᠠᠩᠭᠠᠨ᠎ᠠ ᠃ ᠬᠠᠩᠭᠠᠯᠭ᠎ᠠ ᠶᠢᠨ ᠬᠡᠯᠬᠢᠶ᠎ᠡ ᠶᠢᠨ ᠡᠬᠢ ᠪᠠᠶᠠᠯᠢᠭ ᠪᠠ ᠮᠡᠳᠡᠭᠡ | ᠵᠠᠩᠭᠢ ᠶᠢᠨ ᠦᠢᠯᠡᠴᠢᠯᠡᠭᠡ ᠶᠢ ᠢᠳᠡᠪᠬᠢᠲᠡᠢ ᠡᠮᠬᠢᠯᠡᠨ ᠂ ᠲᠣᠭᠠᠴᠢᠯᠠᠭᠰᠠᠨ ᠦᠢᠯᠡᠴᠢᠯᠡᠭᠡᠨ ᠤ ᠵᠠᠭᠪᠤᠷ ᠢ ᠣᠷᠣᠭᠤᠯᠤᠨ ᠠᠪᠴᠢᠷᠠᠵᠤ ᠂ ᠨᠡᠶᠢᠭᠡᠮ ᠤᠨ ᠡᠯ᠎ᠡ ᠲᠠᠯ᠎ᠠ ᠶᠢᠨ | ᠬᠦᠴᠦᠨ ᠢ ᠳᠠᠶᠢᠴᠢᠯᠠᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ ᠂ ᠲᠤᠬᠠᠢ ᠶᠢᠨ ᠭᠠᠵᠠᠷ ᠤᠨ ᠡᠯ᠎ᠡ ᠲᠥᠷᠥᠯ | ᠬᠡᠯᠪᠡᠷᠢ ᠶᠢᠨ ᠠᠵᠤ ᠠᠬᠤᠶᠢᠯᠠᠯ ᠯᠤᠭ᠎ᠠ ᠣᠷᠳᠣ ᠬᠤᠭᠤᠴᠠᠭᠠᠨ ᠤ ᠲᠣᠭᠲᠠᠪᠤᠷᠢᠲᠠᠢ ᠦᠢᠯᠡᠳᠪᠦᠷᠢᠯᠡᠯ ᠪᠣᠷᠤᠯᠠᠭᠤᠯᠭ᠎ᠠ ᠶᠢ ᠵᠣᠯᠭᠠᠭᠤᠯᠬᠤ ᠲᠣᠭᠲᠠᠴᠠ ᠪᠠ ᠣᠷᠳᠣ | ᠬᠤᠭᠤᠴᠠᠭᠠᠨ ᠤ ᠪᠦᠲᠦᠮᠵᠢᠲᠡᠶ ᠬᠠᠮᠲᠤᠷᠠᠯᠴᠠᠬᠤ ᠲᠣᠭᠲᠠᠴᠠ ᠶᠢ ᠪᠠᠶᠢᠭᠤᠯᠤᠨ ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠬᠠᠩᠭᠠᠯᠭ᠎ᠠ ᠶᠢᠨ ᠬᠡᠯᠬᠢᠶ᠎ᠡ ᠶᠢ | ᠲᠡᠭᠦᠯᠳᠡᠷᠵᠢᠭᠦᠯᠦᠨ ᠂ ᠥᠷᠲᠡᠭ ᠤᠨ ᠬᠡᠯᠬᠢᠶ᠎ᠡ ᠶᠢ ᠳᠡᠭᠡᠭᠰᠢᠯᠡᠭᠦᠯᠵᠦ ᠂ ᠣᠷᠣᠨ ᠨᠤᠲᠤᠭ ᠪᠤᠯᠤᠨ ᠠᠵᠤ ᠠᠬᠤᠶᠢᠯᠠᠯ ᠬᠠᠮᠲᠤ ᠪᠠᠷ ᠪᠠᠶᠢᠭᠤᠯᠬᠤ ᠬᠦᠴᠦᠨ ᠴᠢᠳᠠᠪᠤᠷᠢ ᠶᠢ | ᠦᠷᠭᠦᠯᠵᠢᠯᠡᠨ ᠳᠡᠭᠡᠭᠰᠢᠯᠡᠭᠦᠯᠦᠨ ᠂ ᠬᠥᠳᠡᠭᠡ ᠲᠣᠰᠬᠤᠨ ᠤ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠪᠣᠶᠢᠵᠢᠭᠤᠯᠵᠤ ᠂ ᠣᠷᠳᠣᠰ ᠬᠤᠲᠠ ᠶᠢᠨ ᠬᠠᠮᠲᠤ ᠪᠠᠷ | ᠴᠢᠨᠡᠭᠡᠯᠢᠭᠵᠢᠬᠦ ᠬᠤᠰᠢᠭᠤᠴᠢ ᠣᠷᠣᠨ ᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠨ᠎ᠠ ᠃ | |