| 2 ᠰᠠᠷ᠎ᠠ ᠶᠢᠨ 24 ᠤ ᠡᠳᠦᠷ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠂ ᠵᠡᠭᠦᠨᠭᠠᠷ ᠠᠵᠤ | ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶᠠᠨ ᠤ ᠱᠦᠵᠢ ᠵᠣᠣ ᠱᠤᠸᠠᠨ ᠤᠷᠢᠳ ᠬᠤᠵᠢᠳ ᠱᠠᠬᠳᠠᠷ ᠤᠨ ᠶᠢᠩ ᠪᠢᠨ ᠵᠡᠭᠡᠯᠢ ᠶᠢᠨ | ᠥᠭᠡᠷᠡᠴᠢᠯᠡᠨ ᠵᠠᠰᠠᠯᠳᠠ ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ ᠢ ᠦᠭᠡᠷᠡᠴᠢᠯᠡᠵᠤ ᠥᠷᠭᠡᠳᠬᠡᠨ ᠪᠠᠶᠢᠭᠤᠯᠬᠤ ᠠᠵᠢᠯ ᠂ 20 ᠲᠦᠮᠡᠨ ᠲᠡᠭᠰᠢ | ᠳᠥᠷᠪᠡᠯᠵᠢᠨ ᠮᠧᠲᠷ ᠤᠨ ᠪᠠᠶᠢᠰᠢᠩ ᠭᠡᠷ ᠤᠨ ᠲᠣᠭᠤᠷᠢᠭ ᠤᠨ ᠬᠤᠭᠤᠯᠠᠢ ᠲᠣᠣᠷ ᠰᠦᠯᠵᠢᠶ᠎ᠠ ᠶᠢ ᠡᠷᠦᠬᠡ ᠳᠤ ᠣᠷᠣᠭᠤᠯᠬᠤ ᠵᠢᠴᠢ ᠵᠠᠮ ᠢ ᠬᠠᠲᠠᠭᠤᠷᠠᠭᠤᠯᠬᠤ | ᠪᠠᠷᠢᠯᠭ᠎ᠠ ᠂ ᠬᠡᠰᠡᠭ ᠬᠠᠭᠤᠴᠢᠨ ᠰᠠᠭᠤᠭᠠᠯᠢ ᠲᠣᠭᠤᠷᠢᠭ ᠤᠨ ᠥᠭᠡᠷᠡᠴᠢᠯᠡᠨ ᠵᠠᠰᠠᠬᠤ ᠠᠵᠢᠯ ᠵᠡᠷᠭᠡ ᠶᠢ ᠠᠬᠢᠭᠤᠯᠬᠤ ᠪᠠᠷ ᠲᠥᠯᠥᠪᠯᠡᠵᠦ ᠪᠠᠶᠢᠭ᠎ᠠ ᠪᠠᠶᠢᠳᠠᠯ ᠢ | ᠪᠠᠶᠢᠴᠠᠭᠠᠨ ᠦᠵᠡᠵᠦ ᠂ ᠳᠠᠷᠠᠭ᠎ᠠ ᠨᠢ ᠠᠵᠢᠯ ᠢ ᠠᠬᠢᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ ᠂ ᠬᠠᠮᠢᠶ᠎ᠠ ᠪᠦᠬᠦᠢ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ ᠃ | | ᠵᠢᠷᠤᠭ ᠄ 2 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ᠂ ᠵᠡᠭᠦᠨᠭᠠᠷ | ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠤᠤ ᠱᠤᠸᠠᠨ ᠱᠠᠬᠳᠠᠷ ᠪᠠᠯᠭᠠᠰᠤᠨ ᠤ ᠢ ᠳ᠋ᠦᠩ ᠠᠭᠤᠳᠠᠮ | ᠲᠠᠯᠠᠪᠠᠢ ᠳᠤ ᠬᠦᠷᠴᠦ ᠂ ᠠᠮᠤ ᠪᠤᠳᠠᠭᠠᠨ ᠤ ᠦᠷᠳᠡᠭᠡ ᠶᠢᠨ ᠵᠡᠭᠦᠨ ᠲᠠᠯ᠎ᠠ ᠶᠢᠨ ᠦᠭᠡᠷᠡᠴᠢᠯᠡᠨ ᠵᠠᠰᠠᠬᠤ ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠶᠢᠨ ᠪᠠᠶᠢᠳᠠᠯ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃ ᠶᠤᠸᠠᠢ ᠴᠧᠨ ᠶᠠᠨ ᠰᠡᠭᠦᠳᠡᠷᠯᠡᠪᠡ | ᠵᠣᠣ ᠱᠤᠸᠠᠨ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ | ᠲᠥᠯᠦᠪᠵᠢᠭᠦᠯᠭᠡ ᠶᠢᠨ ᠵᠢᠷᠤᠭ ᠲᠥᠯᠥᠪᠯᠡᠭᠡ ᠂ ᠥᠪᠡᠷ ᠤᠨ ᠥᠷᠲᠡᠭ ᠤᠨ ᠲᠥᠰᠥᠭᠡᠯᠡᠨ ᠪᠣᠳᠣᠯᠲᠠ ᠂ ᠪᠠᠷᠢᠯᠭ᠎ᠠ ᠶᠢᠨ ᠬᠤᠭᠤᠴᠠᠭᠠᠨ ᠤ ᠲᠣᠬᠢᠷᠠᠭᠤᠯᠤᠯᠲᠠ ᠂ | ᠭᠠᠷᠳᠠᠮ ᠤᠨ ᠭᠦᠢᠴᠡᠳᠬᠡᠯ ᠂ ᠬᠦᠴᠤᠨ ᠵᠤᠶᠢᠯ ᠤᠨ ᠪᠠᠲᠤᠯᠠᠭ᠎ᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠤ ᠳᠠᠷᠠᠭ᠎ᠠ ᠂ ᠠᠵᠢᠯ ᠤᠨ | ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠂ ᠪᠦᠲᠦᠭᠡᠨ ᠪᠠᠶᠢᠭᠤᠯᠤᠯᠲᠠ ᠶᠢᠨ ᠪᠣᠳᠠᠲᠤ ᠦᠷ᠎ᠡ ᠪᠦᠲᠦᠮᠵᠢ ᠶᠢ ᠪᠠᠲᠤᠯᠠᠬᠤ ᠲᠠᠯ᠎ᠠ ᠪᠠᠷ ᠲᠥᠯᠦᠪᠵᠢᠭᠦᠯᠭᠡ ᠪᠠᠷ | ᠬᠥᠲᠥᠯᠥᠨ ᠳᠠᠭᠠᠭᠤᠯᠬᠤ ᠶᠢ ᠴᠢᠩᠭᠠᠳᠬᠠᠬᠤ ᠂ ᠰᠠᠭᠤᠭᠠᠯᠢ ᠠᠷᠠᠳ ᠤᠨ ᠬᠡᠷᠡᠭᠴᠡᠭᠡ ᠶᠢ ᠬᠠᠩᠭᠠᠬᠤ ᠂ ᠪᠠᠯᠭᠠᠰᠤ ᠲᠣᠭᠤᠷᠢᠭ ᠤᠨ ᠴᠢᠳᠠᠮᠵᠢ ᠶᠢ ᠲᠡᠭᠦᠯᠳᠡᠷᠵᠢᠭᠦᠯᠬᠦ ᠂ | ᠪᠠᠯᠭᠠᠰᠤ ᠲᠣᠭᠤᠷᠢᠭ ᠤᠨ ᠣᠷᠴᠢᠨ ᠳᠤᠭᠤᠷᠢᠨ ᠢ ᠰᠠᠶᠢᠵᠢᠷᠠᠭᠤᠯᠬᠤ ᠂ ᠪᠠᠶᠢᠭᠤᠯᠵᠤ ᠬᠠᠮᠢᠶᠠᠷᠬᠤ ᠲᠣᠭᠲᠠᠴᠠ ᠶᠢ ᠪᠦᠷᠢᠨᠰᠢᠭᠦᠯᠬᠦ ᠂ ᠬᠠᠭᠤᠴᠢᠨ ᠪᠠᠯᠭᠠᠰᠤᠨ ᠤ | ᠳᠦᠷᠰᠦ ᠪᠠᠶᠢᠳᠠᠯ ᠢ ᠦᠯᠡᠳᠡᠭᠡᠬᠦ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃ | ᠳᠡᠷᠡ ᠴᠢᠬᠤᠯᠠᠴᠢᠯᠠᠬᠤ ᠳᠠᠭᠠᠨ᠂ ᠡᠯ᠎ᠡ ᠲᠥᠷᠥᠯ ᠤᠨ ᠤᠬᠠᠭᠤᠯᠭ᠎ᠠ ᠶᠢᠨ ᠲᠠᠪᠴᠠᠩ ᠢ ᠭᠦᠢᠴᠡᠳ ᠠᠰᠢᠭᠯᠠᠨ ᠂ ᠰᠠᠭᠤᠭᠠᠯᠢ ᠠᠷᠠᠳ ᠤᠨ ᠲᠥᠷᠥᠯ ᠵᠦᠢᠯ ᠤᠨ | ᠬᠡᠷᠡᠭᠵᠢᠭᠦᠯᠦᠯᠲᠡ ᠶᠢ ᠣᠶᠢᠯᠠᠭᠠᠬᠤ ᠬᠡᠮᠵᠢᠶ᠎ᠡ ᠪᠠ ᠳᠡᠮᠵᠢᠬᠦ ᠬᠦᠴᠤᠯᠡᠴᠡ ᠶᠢ ᠳᠡᠭᠡᠭᠰᠢᠯᠡᠭᠦᠯᠵᠦ ᠂ ᠲᠥᠷᠥᠯ ᠵᠦᠢᠯ ᠤᠨ ᠬᠡᠷᠡᠭᠵᠢᠭᠦᠯᠦᠯᠲᠡ ᠳᠤ ᠰᠠᠶᠢᠨ ᠰᠠᠶᠢᠬᠠᠨ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠢ ᠃ | ᠰᠠᠶᠢᠨ ᠶᠠᠪᠤᠳᠠᠯ ᠢ ᠲᠦᠷᠭᠡᠨ ᠮᠦᠷᠳᠡᠭᠡᠨ ᠰᠠᠶᠢᠨ ᠬᠢᠵᠦ ᠂ ᠨᠢᠭᠡᠳᠦᠯᠲᠡᠢ ᠲᠥᠯᠥᠪᠵᠢᠭᠦᠯᠦᠨ ᠪᠠᠶᠢᠷᠢᠰᠢᠭᠤᠯᠵᠤ ᠂ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ ᠂ | ᠲᠦᠷᠦᠯ ᠵᠦᠢᠯ ᠢ ᠠᠬᠢᠭᠤᠯᠬᠤ ᠳᠤᠮᠳᠠᠬᠢ ᠪᠣᠳᠠᠲᠠᠢ ᠠᠰᠠᠭᠤᠳᠠᠯ ᠢ ᠬᠦᠴᠦ ᠪᠠᠨ ᠬᠠᠮᠲᠤᠳᠬᠠᠨ ᠰᠢᠢᠳᠪᠦᠷᠢᠯᠡᠵᠦ ᠂ ᠲᠦᠷᠦᠯ ᠵᠦᠢᠯ ᠢ ᠲᠣᠭᠲᠠᠭᠰᠠᠨ | ᠬᠤᠭᠤᠴᠠᠭᠠᠨ ᠳᠤ ᠠᠵᠢᠯ ᠡᠬᠢᠯᠡᠭᠦᠯᠦᠨ ᠪᠦᠲᠦᠭᠡᠨ ᠪᠠᠶᠢᠭᠤᠯᠬᠤ ᠶᠢ ᠠᠬᠢᠭᠤᠯᠵᠤ ᠂ ᠪᠣᠳᠠᠲᠤ ᠠᠵᠢᠯᠯᠠᠭ᠎ᠠ ᠪᠠᠷ ᠢᠶᠠᠨ ᠵᠠᠰᠠᠭ ᠤᠨ ᠣᠷᠳᠣᠨ ᠤ ᠥᠷᠭᠡᠨ ᠤᠯᠠᠨ | ᠬᠤᠳᠠ ᠶᠢᠨ ᠠᠷᠠᠳ ᠲᠤ ᠠᠮᠠᠯᠳᠠᠭᠰᠠᠨ ᠠᠮᠠᠯᠠᠯᠲᠠ ᠶᠢ ᠦᠢᠯᠡᠳᠦᠯᠭᠡᠵᠢᠭᠦᠯᠬᠦ ᠬᠡᠷᠡᠭᠲᠡᠢ᠃ | ᠰᠠᠭᠤᠭᠠᠯᠢ ᠠᠷᠠᠳ ᠤᠨ ᠰᠠᠨᠠᠯ ᠰᠠᠨᠠᠭᠤᠯᠭ᠎ᠠ ᠶᠢ ᠢᠯᠡᠭᠦᠬᠡᠨ ᠰᠣᠨᠣᠰᠴᠤ ᠂ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠤᠨ ᠰᠠᠭᠤᠷᠢ ᠳᠦᠬᠦᠭᠡᠷᠤᠮᠵᠢ ᠶᠢᠨ | ᠢᠵᠢ ᠪᠦᠷᠢᠳᠦᠭᠦᠯᠬᠦ ᠶᠢ ᠲᠡᠭᠦᠯᠳᠡᠷᠵᠢᠭᠦᠯᠵᠦ ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠶᠢ ᠴᠢᠩᠭᠠᠳᠬᠠᠨ ᠂ ᠪᠠᠯᠭᠠᠰᠤᠨ ᠤ ᠲᠣᠭᠤᠷᠢᠭ ᠤᠨ | ᠴᠢᠨᠠᠷ ᠳᠡᠰ ᠢ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ ᠃ | ᠠᠵᠢᠯ ᠤᠨ ᠪᠣᠳᠠᠲᠤ ᠪᠠᠶᠢᠳᠠᠯ ᠢᠶᠠᠨ ᠦᠨᠳᠦᠰᠦᠯᠡᠨ ᠂ ᠬᠤᠲᠠ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠲᠣᠭᠲᠠᠴᠠ ᠶᠢ ᠱᠠᠯᠠᠪᠳᠠᠨ ᠲᠡᠭᠦᠯᠳᠡᠷᠵᠢᠭᠦᠯᠵᠦ ᠂ | ᠨᠡᠭᠡᠭᠡᠯᠲᠡ ᠶᠢᠨ ᠤᠷᠤᠨ ᠂ ᠱᠠᠬᠳᠠᠷ ᠪᠠᠯᠭᠠᠰᠤ ᠶᠢᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠰᠢᠯᠤᠭᠤᠳᠬᠠᠨ ᠂ ᠬᠠᠤᠯᠢ ᠬᠡᠷᠡᠭᠵᠢᠭᠦᠯᠦᠯᠲᠡ ᠶᠢᠨ | ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠳᠦᠪᠰᠢᠨ ᠢ | ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠡᠢ ᠃ | ᠨᠡᠭᠡᠭᠡᠯᠲᠡ ᠶᠢᠨ ᠤᠷᠤᠨ ᠤ ᠤᠳᠤᠷᠢᠳᠤᠯᠭ᠎ᠠ ᠴᠢᠶᠣᠤ ᠠᠢ ᠫᠢᠩ ᠂ ᠳ᠋ᠦ᠋ ᠭᠦᠸᠧ ᠬᠤᠸᠠ ᠂ ᠱᠠᠬᠳᠠᠷ ᠪᠠᠯᠭᠠᠰᠤ ᠵᠢᠴᠢ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | | | |