ᠬᠤᠶᠠᠷ ᠬᠤᠷᠠᠯ ᠤᠨ ᠳᠠᠭᠤᠨ — ᠲᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠳᠡᠳᠡ ᠢᠩᠬᠢᠵᠤ ᠶᠠᠷᠢᠨ᠎ᠠ ︵ᠠᠷᠪᠠᠨ ᠲᠠᠪᠤ︶
ᠨᠡᠶᠢᠲᠡᠯᠡᠭᠰᠡᠨ ᠴᠠᠭ᠄
2025/2/28
     2025 ᠣᠨ ᠤ ᠵᠡᠭᠦᠨᠭᠠᠷ ᠬᠤᠰᠢᠭᠤᠨ ᠤ ᠬᠤᠶᠠᠷ ᠬᠤᠷᠠᠯ ᠬᠤᠷᠠᠯᠳᠤᠬᠤ ᠦᠶᠡᠰ ᠪᠦᠬᠦ ᠬᠤᠰᠢᠭᠤᠨ ᠠᠴᠠ ᠬᠦᠷᠤᠯᠴᠡᠨ ᠢᠷᠡᠭᠰᠡᠨ ᠠᠷᠠᠳ ᠤᠨ ᠳᠦᠯᠦᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ‌‍ᠬᠥ᠋ᠭᠵᠢᠯᠲᠡ ᠶᠢᠨ ᠬᠠᠯᠠᠮᠰᠢᠯ  ᠳᠤ ᠠᠩᠬᠠᠷᠤᠯ ᠢᠶᠠᠨ ᠳᠦᠪᠯᠡᠷᠡᠬᠦᠯᠵᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠲᠤᠭ᠎ᠠ ᠲᠣᠮᠰᠢ ᠦᠭᠡᠢ ︽ᠮᠡᠷᠭᠡᠨ ᠠᠷᠭ᠎ᠠ︾ ᠶᠢ ᠶᠡᠭᠡ ᠬᠤᠷᠠᠯ ᠳᠤ ᠳᠤᠷᠠᠳᠤᠨ ᠭᠠᠷᠭᠠᠪᠠ   ᠪᠢᠳᠠ‌ᠬᠠᠮᠲᠤ ᠪᠠᠷ ᠲᠡᠳᠡᠨ ᠤ ᠳᠠᠭᠤᠨ  ᠢ ᠰᠣᠨᠣᠰᠤᠶ᠎ᠠ
访谈1(16).jpg
ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠰᠢᠨ ᠬᠠᠢ ᠯᠢᠶᠠᠨ   ᠣᠳᠣᠬᠠᠨ ᠳᠤ ᠮᠠᠨ ᠤ ᠬᠤᠰᠢᠭᠤᠨ ᠤ ᠬᠥᠮᠥᠨ ᠠᠮᠠ ᠶᠢᠨ ᠨᠠᠰᠤᠵᠢᠯᠲᠠ ᠶᠢᠨ ᠬᠡᠮᠵᠢᠶ᠎ᠡ ᠤᠯᠠᠮ ᠢᠶᠠᠷ ᠭᠦᠨᠵᠡᠭᠡᠶᠢᠷᠡᠵᠦ ᠂ ᠦᠷᠡᠵᠢᠯ ᠤᠨ ᠨᠣᠷᠮ᠎ᠠ ᠳᠣᠣᠷ᠎ᠠ ᠪᠣᠯᠵᠤ ᠂ ᠬᠥᠮᠥᠨ ᠠᠮᠠ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠶᠢᠨ ᠳᠤᠰᠠᠳᠠ ᠂ ᠦᠷᠡᠵᠢᠯ ᠢ ᠳᠡᠮᠵᠢᠬᠦ ᠪᠦᠷᠢᠨ ᠲᠡᠭᠦᠯᠳᠡᠷ ᠳᠤᠬᠳᠠᠯᠴᠠᠭ᠎ᠠ  ᠶᠢ ᠪᠠᠶᠢᠭᠤᠯᠬᠤ ᠶᠢ ᠴᠢᠩᠭᠠᠳᠬᠠᠬᠤ ᠶᠠᠪᠤᠳᠠᠯ ᠲᠤᠯᠭᠠᠮ᠎ᠠ ᠱᠠᠭᠠᠷᠳᠠᠭᠳᠠᠵᠤ ᠪᠠᠶᠢᠨ᠎ᠠ ᠃ ᠤᠬᠠᠭᠤᠯᠵᠤ ᠬᠥᠲᠥᠯᠥᠨ ᠳᠠᠭᠠᠭᠤᠯᠬᠤ ᠪᠠᠨ ᠴᠢᠩᠭᠠᠳᠬᠠᠵᠤ ᠂ ᠵᠠᠯᠠᠭᠤᠴᠤᠳ ᠤᠨ ᠣᠷᠤᠭ ᠢᠨᠠᠭ ᠤᠨ ᠦᠵᠡᠯᠲᠡ ᠂ ᠦᠷᠡᠵᠢᠯ ᠤᠨ ᠦᠵᠡᠯᠲᠡ ᠂ ᠭᠡᠷ ᠪᠦᠯᠢ ᠶᠢᠨ ᠦᠵᠡᠯᠲᠡ ᠶᠢᠨ ᠵᠢᠯᠣᠭᠤᠳᠤᠯᠭ᠎ᠠ ᠪᠠᠨ ᠴᠢᠩᠭᠠᠳᠬᠠᠵᠤ ᠂ ᠡᠷ᠎ᠡ ᠡᠮ᠎ᠡ ᠬᠤᠶᠠᠭᠤᠯᠠ ᠬᠠᠮᠲᠤ ᠪᠠᠷ ᠡᠭᠦᠷᠭᠡᠯᠡᠬᠦ ᠂ ᠡᠴᠢᠭᠡ ᠡᠬᠡ  ᠨᠢ ᠬᠠᠮᠲᠤ ᠪᠠᠷ ᠬᠡᠦᠬᠡᠳ ᠪᠣᠶᠢᠵᠢᠭᠤᠯᠬᠤ ᠣᠶᠢᠯᠠᠭᠠᠭᠳᠠᠬᠤᠨ ᠢ ᠰᠠᠨᠠᠭᠠᠴᠢᠯᠠᠵᠤ ᠂ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠨ᠎ᠠ ︔ ᠠᠵᠤ ᠠᠬᠤᠢ ᠶᠢᠨ ᠳᠡᠮᠵᠢᠯᠭᠡ ᠶᠢ ᠴᠢᠩᠭᠠᠳᠬᠠᠵᠤ ᠂ ᠡᠳ᠋ ᠤᠨ ᠵᠠᠰᠠᠭ ᠂ ᠭᠠᠶᠢᠯᠢ ᠲᠠᠲᠠᠪᠤᠷᠢ᠂ ᠳᠠᠭᠠᠳᠬᠠᠯ ᠂ ᠣᠷᠣᠨ ᠰᠠᠭᠤᠴᠠ ᠵᠡᠷᠭᠡ ᠦᠷᠡᠵᠢᠯ ᠤᠨ ᠢᠳᠡᠪᠬᠢᠲᠡᠢ ᠳᠡᠮᠵᠢᠯᠭᠡ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠨᠠᠶᠢᠳᠠᠪᠤᠷᠢᠵᠢᠭᠤᠯᠵᠤ ᠂ ᠤᠯᠠᠨ ᠲᠦᠮᠡᠨ ᠳᠤ ᠦᠷᠡᠵᠢᠯ ᠤᠨ ᠳᠤᠮᠳᠠ ᠪᠣᠳᠠᠲᠤ ᠠᠰᠢᠭ ᠬᠦᠷᠲᠡᠭᠡᠬᠦ  ᠶᠢ ᠰᠠᠨᠠᠭᠤᠯᠪᠠ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ