ᠬᠤᠶᠠᠷ ᠬᠤᠷᠠᠯ ᠤᠨ ᠳᠠᠭᠤᠨ — ᠲᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠳᠡᠳᠡ ᠢᠩᠬᠢᠵᠤ ᠶᠠᠷᠢᠨ᠎ᠠ ︵ᠠᠷᠪᠠᠨ ᠵᠢᠷᠭᠤᠭ᠎ᠠ︶
ᠨᠡᠶᠢᠲᠡᠯᠡᠭᠰᠡᠨ ᠴᠠᠭ᠄
2025/2/28
    2025 ᠣᠨ ᠤ ᠵᠡᠭᠦᠨᠭᠠᠷ ᠬᠤᠰᠢᠭᠤᠨ ᠤ ᠬᠤᠶᠠᠷ ᠬᠤᠷᠠᠯ ᠬᠤᠷᠠᠯᠳᠤᠬᠤ ᠦᠶᠡᠰ ᠪᠦᠬᠦ ᠬᠤᠰᠢᠭᠤᠨ ᠠᠴᠠ ᠬᠦᠷᠤᠯᠴᠡᠨ ᠢᠷᠡᠭᠰᠡᠨ ᠠᠷᠠᠳ ᠤᠨ ᠳᠦᠯᠦᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠥᠭᠵᠢᠯᠲᠡ ᠶᠢᠨ ᠬᠠᠯᠠᠮᠰᠢᠯ  ᠳᠤ ᠠᠩᠬᠠᠷᠤᠯ ᠢᠶᠠᠨ ᠳᠦᠪᠯᠡᠷᠡᠬᠦᠯᠵᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤᠲᠤᠭ᠎ᠠ ᠲᠣᠮᠰᠢ ᠦᠭᠡᠢ ︽ᠮᠡᠷᠭᠡᠨ ᠠᠷᠭ᠎ᠠ︾ ᠶᠢ ᠶᠡᠭᠡ ᠬᠤᠷᠠᠯ ᠳᠤ ᠳᠤᠷᠠᠳᠤᠨ ᠭᠠᠷᠭᠠᠪᠠ   ᠪᠢᠳᠠ‌ᠬᠠᠮᠲᠤ ᠪᠠᠷ ᠲᠡᠳᠡᠨ ᠤ ᠳᠠᠭᠤᠨ  ᠢ ᠰᠣᠨᠣᠰᠤᠶ᠎ᠠ
访谈1(15).bmp
ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠵᠠᠩ ᠸᠠᠨ ᠺᠤᠸᠠᠨ  ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ  ᠨᠢ ᠤᠯᠠᠮᠵᠢᠯᠠᠯᠲᠤ ᠲᠠᠷᠢᠶᠠᠯᠠᠩ ᠦᠢᠯᠡᠳᠪᠦᠷᠢᠯᠡᠯ ᠢ ᠲᠣᠮᠣ ᠵᠠᠬ᠎ᠠ ᠳᠡᠯᠭᠡᠭᠦᠷ ᠲᠠᠢ ᠵᠣᠯᠭᠠᠭᠤᠯᠬᠤ ᠪᠠᠶᠢᠷᠢᠰᠢᠯ ᠢ ᠬᠤᠪᠢᠷᠠᠭᠤᠯᠤᠬᠰᠠᠨ  ᠢᠶᠠᠷ ᠦᠯᠤ ᠪᠠᠷᠠᠨ᠂ ᠨᠤᠲᠤᠭ ᠲᠠᠭᠠᠨ ᠪᠤᠴᠠᠵᠤ ᠦᠢᠯᠡᠰ ᠪᠦᠳᠤᠭᠡᠬᠦ ᠵᠠᠯᠠᠭᠤᠴᠤᠳ ᠲᠤ ᠨᠡᠩ ᠤᠯᠠᠨ ᠠᠵᠠ ᠲᠣᠬᠢᠶᠠᠯ ᠣᠯᠭᠤᠵᠠᠢ᠃ ᠣᠳᠣᠬᠠᠨ ᠳᠤ ᠮᠠᠨ ᠤ ᠬᠤᠰᠢᠭᠤᠨ ᠤ ᠡᠯᠧᠺᠲᠷᠣᠨ ᠬᠤᠳᠠᠯᠳᠤᠭᠠᠨ ᠤ ᠡᠵᠡᠩᠨᠡᠯᠲᠡ ᠬᠠᠷᠠᠬᠠᠨ ᠪᠣᠯᠪᠠᠰᠤᠷᠠᠩᠭᠤᠢ ᠪᠣᠯᠣᠭᠠᠳᠤᠢ ᠂ ᠲᠤᠰᠬᠠᠶᠢᠵᠢᠭᠰᠠᠨ ᠡᠯᠧᠺᠲᠷᠣᠨ ᠬᠤᠳᠠᠯᠳᠤᠭᠠᠨ ᠤ ᠭᠤᠣᠯ ᠨᠡᠪᠲᠡᠷᠡᠭᠦᠯᠭᠡ ᠬᠤᠮᠰᠠᠳᠠᠵᠤ ᠂ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠴᠢᠩᠭᠠᠳᠬᠠᠬᠤ ᠴᠢᠬᠤᠯᠠᠲᠠᠢ ᠪᠠᠶᠢᠨ᠎ᠠ ᠃ ᠵᠠᠰᠠᠭ ᠤᠨ ᠣᠷᠳᠣᠨ  ᠠᠴᠠ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠨᠡᠶᠢᠲᠡᠯᠡᠵᠦ ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯ ᠮᠠᠨᠳᠤᠯ ᠳᠠᠬᠢ ᠬᠡᠷᠡᠭᠯᠡᠯᠲᠡ ᠪᠠ ᠬᠥᠭᠵᠢᠯᠲᠡ ᠶᠢ ᠵᠣᠷᠢᠭᠵᠢᠭᠤᠯᠤᠨ ᠳᠡᠮᠵᠢᠬᠦ ᠶᠢᠨ ᠬᠠᠮᠲᠤ ᠬᠥᠳᠡᠭᠡ ᠲᠣᠰᠬᠤᠨ ᠤ ᠣᠨᠴᠠᠯᠢᠭᠲᠤ ᠡᠬᠢ ᠪᠠᠶᠠᠯᠢᠭ ᠲᠠᠢ ᠤᠶᠠᠯᠳᠤᠭᠤᠯᠤᠨ ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ ᠶᠢᠨ ᠲᠠᠪᠴᠠᠩ ᠢ ᠠᠰᠢᠭᠯᠠᠨ ᠂ ᠣᠷᠣᠨ ᠨᠤᠲᠤᠭ ᠤᠨ ᠥᠪᠡᠷᠮᠢᠴᠡ ᠣᠨᠴᠠᠯᠢᠭ ᠲᠠᠢ ᠲᠠᠷᠢᠶᠠᠯᠠᠩ ᠤᠨ ᠪᠦᠲᠦᠭᠡᠭᠳᠡᠬᠦᠨ ᠤ ᠳᠦᠷᠤᠯ ᠳᠡᠮᠳᠡᠭᠳᠤ  ᠶᠢ ᠪᠣᠶ ᠪᠣᠯᠭᠠᠵᠤ ᠂ ᠮᠠᠨ ᠤ ᠲᠣᠰ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠤ ᠭᠠᠳᠠᠭᠰᠢ ᠭᠠᠷᠬᠤ ᠶᠢ ᠬᠠᠪᠰᠤᠷᠬᠤ ᠶᠢ ᠰᠠᠨᠠᠭᠤᠯᠪᠠ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ