ᠬᠤᠶᠠᠷ ᠬᠤᠷᠠᠯ ᠤᠨ ᠳᠠᠭᠤᠨ — ᠲᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠳᠡᠳᠡ ᠢᠩᠬᠢᠵᠤ ᠶᠠᠷᠢᠨ᠎ᠠ ᠬᠤᠶᠠᠷ ︵ᠠᠷᠪᠠᠨ ᠲᠤᠯᠤᠭ᠎ᠠ︶
ᠨᠡᠶᠢᠲᠡᠯᠡᠭᠰᠡᠨ ᠴᠠᠭ᠄
2025/2/28
   2025 ᠣᠨ ᠤ ᠵᠡᠭᠦᠨᠭᠠᠷ ᠬᠤᠰᠢᠭᠤᠨ ᠤ ᠬᠤᠶᠠᠷ ᠬᠤᠷᠠᠯ ᠬᠤᠷᠠᠯᠳᠤᠬᠤ ᠦᠶᠡᠰ ᠪᠦᠬᠦ ᠬᠤᠰᠢᠭᠤᠨ ᠠᠴᠠ ᠬᠦᠷᠤᠯᠴᠡᠨ ᠢᠷᠡᠭᠰᠡᠨ ᠠᠷᠠᠳ ᠤᠨ ᠳᠦᠯᠦᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠥᠭᠵᠢᠯᠲᠡ ᠶᠢᠨ ᠬᠠᠯᠠᠮᠰᠢᠯ  ᠳᠤ ᠠᠩᠬᠠᠷᠤᠯ ᠢᠶᠠᠨ ᠳᠦᠪᠯᠡᠷᠡᠬᠦᠯᠵᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤᠲᠤᠭ᠎ᠠ ᠲᠣᠮᠰᠢ ᠦᠭᠡᠢ ︽ᠮᠡᠷᠭᠡᠨ ᠠᠷᠭ᠎ᠠ︾ ᠶᠢ ᠶᠡᠭᠡ ᠬᠤᠷᠠᠯ ᠳᠤ ᠳᠤᠷᠠᠳᠤᠨ ᠭᠠᠷᠭᠠᠪᠠ   ᠪᠢᠳᠠ‌ᠬᠠᠮᠲᠤ ᠪᠠᠷ ᠲᠡᠳᠡᠨ ᠤ ᠳᠠᠭᠤᠨ  ᠢ ᠰᠣᠨᠣᠰᠤᠶ᠎ᠠ
访谈1(17).jpg
ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠭᠦᠩ ᠯᠢ   ᠨᠠᠰᠤᠵᠢᠯ ᠤᠨ ᠴᠠᠭ ᠦᠶ᠎ᠡ ᠬᠦᠷᠴᠦ ᠢᠷᠡᠬᠦ ᠶᠢ ᠳᠠᠭᠠᠯᠳᠤᠨ ᠂ ᠥᠨᠳᠥᠷ ᠨᠠᠰᠤᠲᠠᠢ ᠥᠨᠥᠴᠢᠨ ᠭᠤᠤᠨᠢ ᠂ ᠬᠥᠳᠡᠯᠵᠦ ᠪᠠᠷᠢᠬᠤ ᠳᠤ ᠳᠥᠭᠦᠮ ᠦᠭᠡᠢ ᠨᠠᠰᠤᠲᠠᠶᠢᠴᠤᠳ ᠶᠠᠪᠤᠬᠤ ᠲᠤᠲᠤᠮ ᠣᠯᠠᠰᠢᠷᠠᠪᠠ ᠃ ᠡᠮᠴᠢᠯᠡᠭᠡ ᠂ ᠡᠷᠡᠭᠦᠯᠵᠢᠯ ᠂ ᠡᠷᠡᠭᠦᠯ ᠮᠡᠨᠳᠦ ᠶᠢᠨ ᠬᠠᠮᠢᠶᠠᠷᠤᠯᠲᠠ ᠶᠢ ᠨᠢᠭᠡ ᠴᠣᠭᠴᠠᠵᠢᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠳᠤᠬᠳᠠᠯᠴᠠᠭ᠎ᠠ  ᠶᠢ ᠪᠠᠶᠢᠭᠤᠯᠵᠤ ᠂ ᠡᠮᠴᠢᠯᠡᠭᠡ ᠰᠤᠪᠢᠯᠠᠯᠲᠠ ᠡᠷᠡᠬᠦᠯᠵᠢᠯ ᠰᠤᠪᠢᠯᠠᠯᠳᠠ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠳᠤᠬᠳᠠᠯᠴᠠᠭ᠎ᠠ  ᠶᠢ ᠪᠠᠶᠢᠭᠤᠯᠤᠨ᠎ᠠ ᠃ ᠠᠳᠠᠯᠢ ᠪᠤᠰᠤ ᠭᠠᠵᠠᠷ ᠣᠷᠣᠨ ᠤ ᠪᠣᠳᠠᠲᠠᠢ ᠪᠠᠶᠢᠳᠠᠯ ᠢ ᠦᠨᠳᠦᠰᠦᠯᠡᠨ ᠂ ᠡᠮᠴᠢᠯᠡᠭᠡ ᠪᠠ ᠰᠤᠪᠢᠯᠠᠯᠳᠠ ᠶᠢ ᠤᠶᠠᠯᠳᠤᠭᠤᠯᠤᠬᠰᠠᠨ ︽ ᠲᠣᠮᠣ ᠨᠠᠰᠤᠵᠢᠯ ᠤᠨ ᠠᠰᠠᠷᠠᠮᠵᠢ + ᠪᠠᠭ᠎ᠠ ᠡᠮᠴᠢᠯᠡᠭᠡ ︾ ᠂ ︽ ᠡᠮ ᠡᠮᠨᠡᠯᠭᠡ ᠪᠠ ᠨᠠᠰᠤᠵᠢᠯ ᠤᠨ ᠠᠰᠠᠷᠠᠮᠵᠢ ᠶᠢ ᠵᠡᠷᠭᠡ ᠪᠠᠷ ᠴᠢᠬᠤᠯᠠᠴᠢᠯᠠᠬᠤ ︾ ᠂ ︽ ᠲᠣᠮᠣ ᠡᠮ ᠡᠮᠨᠡᠯᠭᠡ + ᠪᠠᠭ᠎ᠠ ᠨᠠᠰᠤᠵᠢᠯ ᠤᠨ ᠠᠰᠠᠷᠠᠮᠵᠢ ︾ ᠵᠡᠷᠭᠡ ᠣᠯᠠᠨ ᠵᠦᠢᠯ ᠤᠨ ᠵᠠᠭᠪᠤᠷ ᠢ ᠬᠠᠶᠢᠨ ᠰᠦᠪᠡᠭᠴᠢᠯᠡᠨ᠎ᠡ ᠃ ᠡᠲᠡᠭᠡᠷ ᠵᠠᠭᠪᠤᠷ  ᠨᠢ ᠲᠣᠰ ᠲᠣᠰ ᠤᠨ ᠣᠨᠴᠠᠯᠢᠭ ᠲᠠᠢ ᠪᠠᠶᠢᠳᠠᠭ ᠂ ᠨᠠᠰᠤᠲᠠᠶᠢᠴᠤᠳ ᠪᠣᠳᠠᠲᠠᠢ ᠬᠡᠷᠡᠭᠴᠡᠭᠡ ᠪᠠ ᠡᠬᠢ ᠪᠠᠶᠠᠯᠢᠭ ᠤᠨ ᠨᠥᠬᠦᠴᠡᠯ ᠢᠶᠠᠨ ᠦᠨᠳᠦᠰᠦᠯᠡᠨ ᠲᠣᠬᠢᠷᠠᠮᠵᠢᠲᠠᠢ ᠲᠥᠰᠥᠯ ᠢ ᠰᠣᠩᠭᠤᠵᠤ ᠂ ᠨᠠᠰᠤᠲᠠᠶᠢᠴᠤᠳ ᠤᠨ ᠣᠯᠠᠨ ᠶᠠᠩᠵᠤᠯᠠᠭᠰᠠᠨ ᠨᠠᠰᠤᠵᠢᠯ ᠤᠨ ᠠᠰᠠᠷᠠᠮᠵᠢ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ ᠪᠣᠯᠣᠨ᠎ᠠ ᠃ ᠪᠠᠰᠠ ᠮᠡᠳᠡᠭᠡ ᠵᠠᠩᠭᠢᠵᠢᠯᠲᠠ ᠪᠠᠷ ᠴᠢᠳᠠᠪᠬᠢ ᠣᠯᠭᠤᠬᠤ ᠪᠠᠷ ᠳᠠᠮᠵᠢᠭᠤᠯᠤᠨ ᠨᠡᠶᠢᠭᠡᠮ ᠲᠣᠭᠤᠷᠢᠭ ᠤᠨ ᠡᠮᠨᠡᠯᠭᠡ ᠶᠢᠨ ᠬᠤᠷᠢᠶ᠎ᠠ ᠪᠣᠯᠣᠨ ᠭᠡᠷ ᠲᠡᠭᠡᠨ ᠰᠠᠭᠤᠵᠤ ᠪᠠᠶᠢᠭ᠎ᠠ ᠨᠠᠰᠤᠲᠠᠶᠢᠴᠤᠳ ᠢ ᠠᠰᠠᠷᠠᠬᠤ ᠶᠢ ᠤᠶᠠᠯᠳᠤᠭᠤᠯᠬᠤ  ᠶᠢ ᠰᠠᠨᠠᠭᠤᠯᠪᠠ ᠃  
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ