ᠬᠤᠶᠠᠷ ᠬᠤᠷᠠᠯ ᠤᠨ ᠳᠠᠭᠤᠨ — ᠲᠠᠨ ᠤ ᠬᠠᠯᠠᠮᠵᠢᠯᠠᠨ ᠠᠩᠬᠠᠷᠴᠤ ᠪᠠᠶᠢᠭ᠎ᠠ ᠠᠰᠠᠭᠤᠳᠠᠯ ᠢ ᠳᠡᠳᠡ ᠢᠩᠬᠢᠵᠤ ᠶᠠᠷᠢᠨ᠎ᠠ ︵ᠠᠷᠪᠠᠨ ᠨᠠᠢᠮᠠ︶
ᠨᠡᠶᠢᠲᠡᠯᠡᠭᠰᠡᠨ ᠴᠠᠭ᠄
2025/2/28
   2025 ᠣᠨ ᠤ ᠵᠡᠭᠦᠨᠭᠠᠷ ᠬᠤᠰᠢᠭᠤᠨ ᠤ ᠬᠤᠶᠠᠷ ᠬᠤᠷᠠᠯ ᠬᠤᠷᠠᠯᠳᠤᠬᠤ ᠦᠶᠡᠰ ᠪᠦᠬᠦ ᠬᠤᠰᠢᠭᠤᠨ ᠠᠴᠠ ᠬᠦᠷᠤᠯᠴᠡᠨ ᠢᠷᠡᠭᠰᠡᠨ ᠠᠷᠠᠳ ᠤᠨ ᠳᠦᠯᠦᠭᠡᠯᠡᠭᠴᠢᠳ  ᠤᠨ ᠶᠡᠭᠡ ᠬᠤᠷᠠᠯ  ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠬᠥᠭᠵᠢᠯᠲᠡ ᠶᠢᠨ ᠬᠠᠯᠠᠮᠰᠢᠯ  ᠳᠤ ᠠᠩᠬᠠᠷᠤᠯ ᠢᠶᠠᠨ ᠳᠦᠪᠯᠡᠷᠡᠬᠦᠯᠵᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠲᠤᠭ᠎ᠠ ᠲᠣᠮᠰᠢ ᠦᠭᠡᠢ ︽ᠮᠡᠷᠭᠡᠨ ᠠᠷᠭ᠎ᠠ︾ ᠶᠢ ᠶᠡᠭᠡ ᠬᠤᠷᠠᠯ ᠳᠤ ᠳᠤᠷᠠᠳᠤᠨ ᠭᠠᠷᠭᠠᠪᠠ   ᠪᠢᠳᠠ‌ᠬᠠᠮᠲᠤ ᠪᠠᠷ ᠲᠡᠳᠡᠨ ᠤ ᠳᠠᠭᠤᠨ  ᠢ ᠰᠣᠨᠣᠰᠤᠶ᠎ᠠ
访谈1(18).jpg
ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠬᠦᠸᠧ ᠰᠢᠸ ᠢᠩ   ᠬᠤᠰᠢᠭᠤᠨ ᠤ ᠠᠯᠪᠠᠨ  ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠳᠤ ᠰᠢᠮ᠎ᠡ ᠲᠡᠵᠢᠭᠡᠯ ᠤᠨ ᠡᠬᠦᠳᠡᠨ ᠡᠮᠨᠡᠯᠭᠡ ᠭᠠᠷᠭᠠᠨ᠎ᠠ ᠃ ᠬᠤᠯᠪᠣᠭᠳᠠᠯ ᠪᠦᠬᠦᠢ ᠬᠤᠰᠢᠭᠤᠨ  ᠤ ᠲᠠᠰ ᠤᠨ ᠡᠮᠨᠡᠯᠭᠡ ᠶᠢᠨ ᠬᠤᠷᠢᠶ᠎ᠠ   ᠨᠢ ᠴᠢᠳᠠᠪᠤᠷᠢᠲᠠᠨ ᠢ ᠬᠥᠮᠥᠵᠢᠭᠦᠯᠬᠦ ᠪᠠᠨ ᠴᠢᠩᠭᠠᠳᠬᠠᠵᠤ ᠂ ᠡᠮᠨᠡᠯᠭᠡ ᠶᠢᠨ ᠠᠵᠢᠯᠲᠠᠨ ᠢ ᠰᠣᠩᠭᠤᠨ ᠲᠣᠮᠢᠯᠠᠵᠤ ᠲᠤᠰᠬᠠᠢ ᠮᠡᠷᠭᠡᠵᠢᠯ ᠤᠨ ᠰᠢᠮ᠎ᠡ ᠲᠡᠵᠢᠭᠡᠯ ᠤᠨ ᠪᠣᠯᠪᠠᠰᠤᠷᠠᠯ ᠳᠤ ᠣᠷᠣᠯᠴᠠᠭᠤᠯᠤᠨ᠎ᠠ᠃ ᠳᠦᠬᠦᠭᠡᠷᠤᠮᠵᠢ ᠶᠢᠨ ᠲᠣᠬᠢᠷᠠᠭᠤᠯᠤᠯᠲᠠ ᠶᠢ ᠲᠡᠭᠦᠯᠳᠡᠷᠵᠢᠭᠦᠯᠵᠦ ᠂ ᠲᠤᠰᠠᠭᠠᠷ ᠰᠢᠮ᠎ᠡ ᠲᠡᠵᠢᠭᠡᠯ ᠤᠨ ᠡᠭᠦᠳᠡᠨ ᠡᠮᠨᠡᠯᠭᠡ ᠶᠢᠨ ᠡᠮᠴᠢᠯᠡᠭᠡᠨ ᠤ ᠲᠠᠰᠤᠭ ᠪᠠᠶᠢᠭᠤᠯᠤᠨ᠎ᠠ ᠃ ᠤᠬᠠᠭᠤᠯᠤᠨ ᠳᠡᠯᠭᠡᠷᠡᠭᠦᠯᠬᠦ ᠶᠢ ᠴᠢᠩᠭᠠᠳᠬᠠᠵᠤ ᠂ ᠡᠮᠨᠡᠯᠭᠡ ᠶᠢᠨ ᠬᠤᠷᠢᠶ᠎ᠠ ᠶᠢᠨ ᠠᠯᠪᠠᠨ ᠤ ᠰᠦᠯᠵᠢᠶ᠎ᠡ ᠂ ᠵᠢᠷᠬᠢᠶ᠎ᠠ  ᠶᠢᠨ ᠨᠡᠶᠢᠲᠡ ᠶᠢᠨ ᠳᠠᠪᠴᠠᠩ ᠂ ᠡᠷᠡᠭᠦᠯ ᠮᠡᠨᠳᠦ ᠶᠢᠨ ᠲᠠᠶᠢᠯᠤᠮᠵᠢ ᠵᠡᠷᠭᠡ ᠣᠯᠠᠨ ᠵᠦᠢᠯ ᠤᠨ ᠵᠠᠮ ᠮᠦᠷ ᠢᠶᠠᠷ ᠳᠠᠮᠵᠢᠭᠤᠯᠤᠨ ᠰᠠᠭᠤᠭᠠᠯᠢ ᠠᠷᠠᠳ ᠲᠤ ᠰᠢᠮ᠎ᠡ ᠲᠡᠵᠢᠭᠡᠯ ᠤᠨ ᠡᠭᠦᠳᠡᠨ ᠡᠮᠨᠡᠯᠭᠡ ᠶᠢᠨ ᠦᠢᠯᠡᠴᠢᠯᠡᠭᠡᠨ ᠤ ᠠᠭᠤᠯᠭ᠎ᠠ ᠵᠢᠴᠢ ᠴᠢᠬᠤᠯᠠ ᠴᠢᠨᠠᠷ ᠢ ᠤᠬᠠᠭᠤᠯᠤᠨ ᠲᠠᠨᠢᠯᠴᠠᠭᠤᠯᠤᠨ᠎ᠠ ᠃ ᠬᠠᠮᠵᠢᠯᠴᠠᠬᠤ ᠲᠣᠭᠲᠠᠴᠠ ᠶᠢ ᠪᠠᠶᠢᠭᠤᠯᠵᠤ ᠂ ᠰᠢᠮ᠎ᠡ ᠲᠡᠵᠢᠭᠡᠯ ᠤᠨ ᠡᠭᠦᠳᠡᠨ ᠡᠮᠨᠡᠯᠭᠡ ᠬᠢᠭᠡᠳ ᠡᠮᠴᠢᠯᠡᠭᠡᠨ ᠤ ᠰᠠᠯᠠᠭ᠎ᠠ ᠲᠠᠰᠤᠭ ᠤᠨ ᠬᠠᠮᠵᠢᠯᠴᠠᠨ ᠬᠠᠮᠲᠤᠷᠠᠯᠴᠠᠬᠤ ᠶᠢ ᠴᠢᠩᠭᠠᠳᠬᠠᠨ ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠵᠢᠴᠢ ᠡᠪᠡᠳᠴᠢᠲᠡᠨ ᠢ ᠵᠠᠪᠰᠠᠷ ᠦᠭᠡᠢ ᠰᠢᠯᠵᠢᠭᠦᠯᠦᠨ ᠡᠮᠨᠡᠭᠦᠯᠬᠦ ᠶᠢ ᠲᠣᠬᠢᠷᠠᠭᠤᠯᠬᠤ  ᠪᠠᠷ ᠰᠠᠨᠠᠭᠤᠯᠪᠠ ᠃ 
ᠢᠷᠡᠯᠲᠡ᠄ ᠵᠡᠭᠦᠨᠭᠠᠷ ᠬᠤᠰᠢᠭᠤᠨ ᠤ ᠬᠠᠮ ᠵᠠᠭᠤᠴᠢᠯᠠᠭᠤᠷ ᠤᠨ ᠲᠥᠪ