| | 2025 ᠣᠨ ᠤ ᠵᠡᠭᠦᠨᠭᠠᠷ ᠬᠤᠰᠢᠭᠤᠨ ᠤ ᠬᠤᠶᠠᠷ ᠬᠤᠷᠠᠯ ᠬᠤᠷᠠᠯᠳᠤᠬᠤ ᠦᠶᠡᠰ ᠪᠦᠬᠦ ᠬᠤᠰᠢᠭᠤᠨ ᠠᠴᠠ ᠬᠦᠷᠤᠯᠴᠡᠨ ᠢᠷᠡᠭᠰᠡᠨ ᠠᠷᠠᠳ ᠤᠨ | ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨᠬᠥ᠋ᠭᠵᠢᠯᠲᠡ ᠶᠢᠨ ᠬᠠᠯᠠᠮᠰᠢᠯ ᠳᠤ ᠠᠩᠬᠠᠷᠤᠯ ᠢᠶᠠᠨ | ᠳᠦᠪᠯᠡᠷᠡᠬᠦᠯᠵᠤ ᠢᠳᠡᠪᠬᠢᠲᠡᠢ ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ ᠲᠤᠭ᠎ᠠ ᠲᠣᠮᠰᠢ ᠦᠭᠡᠢ ︽ᠮᠡᠷᠭᠡᠨ ᠠᠷᠭ᠎ᠠ︾ ᠶᠢ ᠶᠡᠭᠡ ᠬᠤᠷᠠᠯ ᠳᠤ | ᠳᠤᠷᠠᠳᠤᠨ ᠭᠠᠷᠭᠠᠪᠠ | ᠪᠢᠳᠠᠬᠠᠮᠲᠤ ᠪᠠᠷ ᠲᠡᠳᠡᠨ ᠤ ᠳᠠᠭᠤᠨ ᠢ ᠰᠣᠨᠣᠰᠤᠶ᠎ᠠ | | ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ ᠹᠠᠨ ᠰᠢᠶᠣᠣ ᠯᠦᠩ | ᠵᠡᠭᠦᠨᠭᠠᠷ ᠬᠤᠰᠢᠭᠤᠨ ᠤ ᠡᠯᠧᠺᠲᠷᠣᠨ ᠬᠤᠳᠠᠯᠳᠤᠭᠠᠨ ᠤ ᠠᠵᠤ ᠦᠢᠯᠡᠰ ᠤᠨ ᠡᠷᠡᠭᠦᠯ ᠪᠥᠭᠡᠳ ᠲᠦᠷᠭᠡᠨ ᠬᠥᠭᠵᠢᠯᠲᠡ ᠶᠢ ᠠᠬᠢᠭᠤᠯᠬᠤ ᠲᠠᠯ᠎ᠠ ᠪᠠᠷ ᠂ ᠲᠣᠰ | ᠭᠠᠵᠠᠷ ᠤᠨ ᠲᠠᠷᠢᠶᠠᠯᠠᠩ ᠤᠨ ᠪᠦᠲᠦᠭᠡᠭᠳᠡᠬᠦᠨ ᠢ ᠬᠤᠳᠠᠯᠳᠤᠨ ᠠᠪᠬᠤ ᠡᠷᠴᠢᠮ ᠢᠶᠠᠨ ᠴᠢᠩᠭᠠᠷᠠᠭᠤᠯᠵᠤ ᠂ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ ᠶᠢᠨ | ᠪᠠᠷᠢᠮᠵᠢᠶᠠᠵᠢᠯᠲᠠ ᠪᠠ ᠬᠡᠪᠴᠢᠶᠡᠵᠢᠯᠲᠡ ᠶᠢ ᠪᠡᠶᠡᠯᠡᠭᠦᠯᠵᠦ ᠂ ᠪᠦᠲᠦᠭᠡᠭᠳᠡᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠦᠷ᠎ᠡ ᠪᠦᠲᠦᠮᠵᠢ ᠪᠠ ᠲᠣᠭᠲᠠᠪᠤᠷᠢᠲᠤ ᠴᠢᠨᠠᠷ ᠢ | ᠳᠡᠭᠡᠭᠰᠢᠯᠡᠭᠦᠯᠤᠨ᠎ᠠ ᠃ ᠶᠡᠷᠦᠩᠬᠡᠶᠢᠯᠡᠭᠰᠡᠨ ᠴᠢᠨᠠᠷᠲᠠᠢ ᠬᠤᠰᠢᠭᠤᠨ ᠤ ᠲᠠᠰ ᠤᠨ ᠡᠯᠧᠺᠲᠷᠣᠨ ᠬᠤᠳᠠᠯᠳᠤᠭᠠᠨ ᠤ ᠦᠢᠯᠡᠴᠢᠯᠡᠭᠡᠨ ᠤ ᠲᠠᠪᠴᠠᠩ ᠢ ᠪᠠᠶᠢᠭᠤᠯᠵᠤ ᠂ ᠡᠯ᠎ᠡ | ᠲᠥᠷᠥᠯ ᠤᠨ ᠦᠢᠯᠡᠳᠬᠦᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠲᠣᠰ ᠭᠠᠵᠠᠷ ᠤᠨ ᠬᠤᠳᠠᠯᠳᠤᠭᠠᠴᠢᠳ ᠲᠤ ᠲᠥᠪᠯᠡᠷᠡᠭᠦᠯᠦᠨ ᠳᠡᠯᠭᠡᠨ ᠦᠵᠡᠭᠦᠯᠬᠦ ᠪᠠ | ᠪᠣᠷᠣᠯᠠᠭᠤᠯᠬᠤ ᠴᠤᠩᠬᠤᠪᠴᠢ ᠬᠠᠩᠭᠠᠨ᠎ᠠ ᠃ ᠪᠣᠷᠤᠯᠠᠭᠤᠯᠭ᠎ᠠ ᠶᠢᠨ ᠳᠠᠷᠠᠭᠠᠬᠢ ᠦᠢᠯᠡᠴᠢᠯᠡᠭᠡᠨ ᠤ ᠨᠢᠭᠡᠳᠦᠯᠲᠡᠢ ᠪᠠᠷᠢᠮᠵᠢᠶ᠎ᠠ ᠪᠠ ᠴᠤᠪᠤᠷᠠᠯ ᠢ ᠲᠣᠭᠲᠠᠭᠠᠵᠤ ᠂ | ᠬᠠᠷᠢᠭᠤᠴᠠᠯᠭ᠎ᠠ ᠶᠢᠨ ᠭᠤᠣᠯ ᠴᠣᠭᠴᠠ ᠶᠢ ᠲᠣᠳᠣᠷᠬᠠᠶᠢᠯᠠᠨ ᠂ ᠬᠡᠷᠡᠭᠯᠡᠭᠴᠢᠳ ᠤᠨ ᠡᠷᠬᠡ ᠠᠰᠢᠭ ᠢ ᠪᠦᠲᠦᠮᠵᠢᠲᠡᠶ ᠪᠠᠲᠤᠯᠠᠬᠤ ᠶᠢ ᠦᠨᠡᠨᠬᠦ ᠪᠠᠲᠤᠯᠠᠨ᠎ᠠ ᠃ | ᠲᠠᠷᠢᠶᠠᠯᠠᠩ ᠤᠨ ᠪᠦᠲᠦᠭᠡᠭᠳᠡᠬᠦᠨ ᠢ ᠪᠣᠷᠣᠯᠠᠭᠤᠯᠤᠭᠰᠠᠨ ᠤ ᠳᠠᠷᠠᠭᠠᠬᠢ ᠠᠰᠠᠭᠤᠳᠠᠯ ᠳᠤ ᠂ ᠲᠦᠷᠭᠡᠨ ᠴᠤᠤᠷᠢᠶᠠᠲᠤᠨ ᠳᠠᠭᠠᠬᠤ ᠲᠣᠭᠲᠠᠴᠠ ᠶᠢ ᠪᠠᠶᠢᠭᠤᠯᠵᠤ ᠂ | ᠬᠡᠷᠡᠭᠯᠡᠭᠴᠢᠳ ᠤᠨ ᠬᠠᠷᠢᠭᠤ ᠲᠤᠰᠬᠠᠭᠰᠠᠨ ᠠᠰᠠᠭᠤᠳᠠᠯ ᠢ ᠴᠠᠭ ᠲᠤᠬᠠᠢ ᠳᠤᠨᠢ ᠰᠢᠢᠳᠪᠦᠷᠢᠯᠡᠵᠦ ᠂ ᠪᠠᠷᠠᠭ᠎ᠠ ᠬᠤᠳᠠᠯᠳᠤᠬᠰᠠᠨ ᠨᠡᠪᠲᠡᠷᠡᠭᠦᠯᠦᠭᠴᠢ ᠶᠢᠨ | ᠬᠤᠶᠢᠰᠢᠳᠠ ᠶᠢᠨ ᠵᠣᠪᠠᠨᠢᠯ ᠢ ᠠᠷᠢᠯᠭᠠᠨ᠎ᠠ᠃ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠨᠡᠶᠢᠲᠡᠯᠡᠵᠦ ᠂ ᠪᠠᠷᠠᠭᠠᠨ ᠤ ᠭᠦᠢᠯᠭᠡᠭᠡᠨ ᠤ ᠠᠵᠤ ᠠᠬᠤᠶᠢᠯᠠᠯ ᠤᠨ ᠵᠡᠭᠦᠨᠭᠠᠷ | ᠬᠤᠰᠢᠭᠤᠨ ᠳᠤ ᠰᠠᠯᠪᠤᠷᠢ ᠪᠠᠶᠢᠭᠤᠯᠤᠮᠵᠢ ᠪᠠᠶᠢᠭᠤᠯᠬᠤ ᠪᠤᠶᠤ ᠪᠠᠷᠠᠭᠠᠨ ᠤ ᠭᠦᠢᠯᠭᠡᠭᠡᠨ ᠤ ᠲᠣᠬᠢᠷᠠᠭᠤᠯᠤᠨ ᠬᠦᠷᠭᠡᠬᠦ ᠲᠥᠪ ᠪᠠᠶᠢᠭᠤᠯᠬᠤ ᠶᠢ ᠵᠣᠷᠢᠭᠵᠢᠭᠤᠯᠤᠨ ᠂ | ᠪᠠᠷᠠᠭᠠᠨ ᠤ ᠭᠦᠢᠯᠭᠡᠭᠡᠨ ᠤ ᠲᠡᠭᠡᠭᠡᠪᠦᠷᠢᠯᠡᠬᠦ ᠬᠦᠴᠦᠨ ᠢ ᠨᠡᠮᠡᠭᠳᠡᠭᠦᠯᠵᠦ ᠂ ᠵᠠᠬ᠎ᠠ ᠳᠡᠯᠭᠡᠭᠦᠷ ᠤᠨ ᠥᠷᠢᠰᠦᠯᠳᠦᠭᠡᠨ ᠤ ᠲᠣᠭᠲᠠᠴᠠ ᠶᠢ ᠣᠷᠣᠭᠤᠯᠤᠨ ᠠᠪᠴᠢᠷᠠᠵᠤ ᠂ | ᠪᠠᠷᠠᠭᠠᠨ ᠤ ᠭᠦᠢᠯᠭᠡᠭᠡᠨ ᠤ ᠵᠠᠷᠤᠳᠠᠯ ᠢ ᠵᠦᠢ ᠵᠣᠬᠢᠰᠲᠠᠢ ᠪᠠᠭᠤᠷᠠᠭᠤᠯᠬᠤ ᠶᠢ ᠠᠬᠢᠭᠤᠯᠬᠤ ᠶᠢ ᠰᠠᠨᠠᠭᠤᠯᠪᠠ ᠃ | |