| | ᠵᠡᠭᠦᠨᠭᠠᠷ ᠬᠤᠰᠢᠭᠤᠨ ᠤ ᠬᠤᠶᠠᠷ ᠬᠤᠷᠠᠯ ᠤᠨ ᠬᠤᠭᠤᠴᠠᠭᠠᠨ ᠳᠤ ᠂ ᠲᠣᠰᠬᠤᠨ ᠂ ᠨᠡᠶᠢᠭᠡᠮ ᠲᠣᠭᠤᠷᠢᠭ ᠠᠴᠠ ᠬᠦᠷᠤᠯᠴᠡᠨ ᠢᠷᠡᠭᠰᠡᠨ ᠲᠥᠯᠥᠭᠡᠯᠡᠭᠴᠢᠳ ᠬᠡᠷᠡᠯ | ᠲᠥᠪᠯᠡᠷᠡᠭᠦᠯᠬᠦ ᠳ᠋ᠧᠩ ᠤᠨ ᠳᠣᠣᠷᠠᠬᠢ ᠲᠥᠪᠯᠡᠷᠡᠯ ᠤᠨ ᠴᠡᠭ ᠪᠣᠯᠵᠤ ᠂ ᠲᠠᠳᠠ ᠲᠠᠷᠢᠶᠠᠨ ᠭᠠᠵᠠᠷ ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠠᠮᠢᠳᠤᠯᠢᠭ | ᠰᠣᠷᠭᠤᠭ ᠲᠠᠭᠤᠨ ᠢᠶᠠᠷ ᠠᠷᠠᠳ ᠣᠯᠠᠨ ᠤ ᠬᠦᠰᠡᠯ ᠡᠷᠡᠮᠡᠯᠵᠡᠯ ᠢ ᠰᠠᠨᠠᠯ ᠵᠥᠪᠯᠡᠯᠭᠡ ᠪᠠ ᠰᠠᠨᠠᠭᠤᠯᠭ᠎ᠠ ᠪᠣᠯᠭᠠᠨ ᠬᠤᠪᠢᠷᠠᠭᠤᠯᠵᠤ ᠂ ᠲᠥᠷᠥ ᠶᠢᠨ ᠪᠣᠳᠣᠯᠭ᠎ᠠ | ᠲᠣᠭᠲᠠᠭᠠᠬᠤ ᠳᠤ ᠠᠷᠠᠳ ᠤᠨ ᠠᠮᠢᠳᠤᠷᠠᠯ ᠢ ᠨᠠᠩ ᠢᠯᠡᠭᠦᠦ ᠬᠠᠯᠠᠮᠵᠢᠯᠠᠬᠤ ᠠᠭᠤᠷ ᠠᠮᠢᠰᠬᠤᠯ ᠢ ᠨᠡᠮᠡᠷᠢᠯᠡᠪᠡ ᠃ ᠡᠨᠧᠷᠭᠢ ᠶᠢᠨ ᠰᠤᠷᠪᠤᠯᠵᠢ ᠶᠢᠨ ᠳᠡᠰ | ᠳᠡᠪᠰᠢᠯᠳᠡ ᠠᠴᠠ ᠶᠠᠪᠤᠵᠤ ᠰᠠᠭᠤᠬᠤ ᠠᠮᠤᠷ ᠲᠦᠪᠰᠢᠨ ᠬᠦᠷᠲᠡᠯ᠎ᠡ ᠂ ᠨᠡᠶᠢᠭᠡᠮ ᠲᠣᠭᠤᠷᠢᠭ ᠤᠨ ᠵᠠᠰᠠᠯᠲᠠ ᠠᠴᠠ ᠢᠳᠡᠭᠡᠨ ᠤ ᠠᠮᠤᠷ ᠲᠦᠪᠰᠢᠨ ᠬᠦᠷᠲᠡᠯ᠎ᠡ ᠴᠥᠮ | ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠨ ᠂ ᠬᠥᠭᠵᠢᠯᠲᠡ ᠶᠢᠨ ᠰᠤᠳᠠᠰᠤ ᠶᠢ ᠴᠢᠩᠭ᠎ᠠ ᠠᠳᠬᠤᠵᠤ ᠪᠠᠶᠢᠨ᠎ᠠ ᠃ ᠡᠲᠡᠭᠡᠷ ︽ ᠠᠮᠢᠳᠤᠷᠠᠯ ᠲᠠᠢ ᠤᠶᠢᠷᠠᠳᠤᠨ᠂ | ᠠᠷᠠᠳ ᠤᠨ ᠪᠠᠶᠢᠳᠠᠯ ᠢ ᠣᠶᠢᠯᠠᠭᠠᠵᠤ ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠬᠰᠠᠨ ︾ ᠰᠠᠨᠠᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡᠲ᠋ᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠶᠢ ᠢᠯᠡᠷᠡᠭᠦᠯᠦᠭᠰᠡᠨ ᠢᠶᠠᠷ ᠦᠯᠤ | ᠪᠠᠷᠠᠨ ᠂ ᠪᠠᠰᠠ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ ᠃ | ᠥᠨᠥᠳᠥᠷ ᠪᠢᠳᠡ ᠦᠨᠳᠦᠰᠦᠨ ᠱᠠᠲᠤᠨ ᠤ ᠡᠳᠡᠭᠡᠷ ︽ ᠳᠠᠭᠤᠨ ︾ ᠢ ᠬᠠᠮᠲᠤ ᠪᠠᠷ ᠰᠣᠨᠣᠰᠤᠶ᠎ᠠ ᠁ | | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠲᠢᠶᠠᠨ ᠷᠦᠢ | ᠬᠥᠳᠡᠭᠡ ᠲᠣᠰᠬᠤᠨ ᠨᠡᠶᠢᠭᠡᠮ ᠲᠣᠭᠤᠷᠢᠭ ᠤᠨ ᠠᠮᠢᠳᠤᠷᠠᠯ ᠤᠨ ᠴᠢᠨᠠᠷ ᠳᠡᠰ ᠢ ᠳᠡᠭᠡᠭᠰᠢᠯᠡᠬᠦᠯᠵᠤ | ᠣᠯᠠᠨ ᠲᠦᠮᠡᠨ ᠤ ᠠᠮᠢᠳᠤᠷᠠᠯ ᠤᠨ ︽ ᠵᠣᠯ ᠵᠢᠷᠭᠠᠯ ᠤᠨ ᠰᠠᠭᠤᠷᠢ ᠥᠩᠭᠡ ︾ ᠶᠢ ᠭᠡᠷᠡᠯᠲᠦᠭᠦᠯᠦᠨ᠎ᠡ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠪᠤᠯᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠮᠡᠳᠡᠬᠦᠯᠦᠯᠳᠡ ᠶᠢ ᠰᠣᠨᠣᠰᠤᠭᠠᠳ | ᠪᠢ ᠶᠡᠬᠡᠳᠡ ᠵᠣᠷᠢᠭᠵᠢᠯ᠎ᠠ᠂ ᠡᠭᠦᠨ ᠤ ᠬᠠᠮᠲᠤ ᠪᠢ ᠪᠠᠰᠠ ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠪᠤᠯ ᠬᠢᠯᠪᠠᠷᠬᠠᠨ ᠢᠶᠠᠷ ᠢᠷᠡᠭᠰᠡᠨ ᠪᠢᠰᠢ | ᠭᠡᠳᠡᠭ ᠢ ᠭᠦᠨᠵᠡᠭᠡᠢ ᠣᠶᠢᠯᠠᠭᠠᠪᠠ᠃ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠨᠢ ᠪᠢᠳᠡᠨ ᠤ ᠬᠤᠶᠢᠰᠢᠳᠠ ᠶᠢᠨ ᠬᠥᠭᠵᠢᠯᠲᠡ ᠳᠤ ᠴᠢᠭᠯᠡᠯ ᠢ ᠲᠣᠳᠣᠷᠬᠠᠢ ᠵᠢᠭᠠᠨ | ᠥᠭᠴᠦ ᠂ ᠪᠢᠳᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠂ ᠠᠵᠤ ᠦᠢᠯᠡᠰ ᠢ ᠬᠥᠭᠵᠢᠭᠦᠯᠬᠦ ᠂ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ | ᠨᠡᠮᠡᠭᠳᠡᠬᠦᠯᠬᠦ ᠵᠡᠷᠭᠡ ᠠᠵᠢᠯ ᠤᠨ ᠲᠠᠯ᠎ᠠ ᠪᠠᠷ ᠨᠡᠩ ᠲᠣᠳᠣᠷᠬᠠᠢ ᠰᠡᠳᠬᠢᠴᠡ ᠲᠠᠢ ᠪᠣᠯᠭᠠᠪᠠ᠃ ᠡᠨᠡ ᠵᠢᠯ ᠪᠢ ︽ᠬᠥᠳᠡᠭᠡ ᠲᠣᠰᠬᠤᠨ ᠨᠡᠶᠢᠭᠡᠮ ᠲᠣᠭᠤᠷᠢᠭ ᠤᠨ | ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢᠨ ᠪᠦᠲᠦᠭᠡᠨ ᠪᠠᠶᠢᠭᠤᠯᠤᠯᠲᠠ ᠶᠢᠨ ᠬᠡᠷᠡᠭᠯᠡᠯᠲᠡ ᠶᠢ ᠲᠦᠷᠭᠡᠳᠬᠡᠬᠦ ᠲᠤᠬᠠᠢ ᠰᠠᠨᠠᠭᠤᠯᠭ᠎ᠠ︾ ᠶᠢ ᠳᠤᠷᠠᠳᠤᠬᠰᠠᠨ ᠶᠤᠮ᠃ | ᠰᠢᠨ᠎ᠡ ᠴᠠᠭ ᠦᠶ᠎ᠡ ᠶᠢᠨ ᠠᠬᠤᠢ ᠪᠠᠶᠢᠳᠠᠯ ᠳᠣᠣᠷ᠎ᠠ᠂ ᠬᠥᠳᠡᠭᠡ ᠲᠣᠰᠬᠤᠨ ᠤ ᠠᠮᠢᠳᠤᠷᠠᠯ ᠤᠨ ᠲᠦᠪᠰᠢᠨ ᠲᠠᠰᠤᠷᠠᠯᠲᠠ ᠦᠭᠡᠢ ᠳᠡᠭᠡᠭᠰᠢᠯᠡᠵᠦ ᠂ ᠲᠣᠰᠬᠤᠨ ᠤ ᠠᠷᠠᠳ | ᠴᠤ ᠠᠮᠢᠳᠤᠷᠠᠯ ᠤᠨ ᠴᠢᠨᠠᠷ ᠳᠡᠰ ᠤᠨ ᠳᠡᠭᠡᠭᠰᠢᠯᠡᠯᠲᠡ ᠳᠤ ᠰᠢᠨ᠎ᠡ ᠱᠠᠭᠠᠷᠳᠠᠯᠭ᠎ᠠ ᠲᠠᠢ ᠪᠣᠯᠪᠠ᠂ ᠮᠠᠨ ᠤ ᠪᠠᠯᠭᠠᠰᠤᠨ ᠤ ᠤᠳᠤ ᠪᠠᠶᠢᠭ᠎ᠠ ᠰᠠᠭᠤᠭᠠᠯᠢ ᠠᠷᠠᠳ ᠤᠨ | ᠲᠣᠭᠤᠷᠢᠭ ᠤᠨ ᠪᠦᠲᠦᠭᠡᠨ ᠪᠠᠶᠢᠭᠤᠯᠤᠯᠲᠠ ᠬᠢᠭᠰᠡᠨ ᠣᠨ ᠵᠢᠯ ᠨᠡᠯᠢᠶᠡᠳ ᠡᠷᠲᠡ᠂ ᠰᠢᠲᠠᠮᠠᠬᠠᠢ ᠬᠡᠢ ᠶᠢᠨ ᠬᠤᠭᠤᠯᠠᠢ ᠱᠤᠭᠤᠮ ᠭᠦᠢᠴᠡᠳ ᠪᠦᠷᠬᠦᠭᠰᠡᠨ ᠦᠭᠡᠢ ᠂ | ᠰᠠᠭᠤᠭᠠᠯᠢ ᠠᠷᠠᠳ ᠤᠨ ᠠᠮᠢᠳᠤᠷᠠᠯ ᠭᠤᠣᠯᠳᠠᠭᠤ ᠴᠠᠬᠢᠯᠭᠠᠨ᠂ ᠰᠠᠪᠠᠨ ᠳᠤ ᠰᠠᠪᠠᠯᠠᠭᠰᠠᠨ ᠰᠢᠩᠭᠡᠨᠵᠢᠮᠡᠯ ᠬᠡᠢ ᠳᠤ ᠲᠦᠰᠢᠭᠯᠡᠵᠦ ᠂ ᠪᠠᠶᠢᠰᠢᠩ ᠭᠡᠷ ᠤᠨ ᠲᠣᠭᠤᠷᠢᠭ ᠤᠨ | ᠰᠠᠭᠤᠭᠠᠯᠢ ᠠᠷᠠᠳ ᠨᠡᠭᠦᠷᠡᠰᠦ ᠂ ᠲᠦᠯᠡᠭᠡ ᠡᠪᠡᠰᠦ ᠵᠡᠷᠭᠡ ᠲᠦᠯᠡᠰᠢ ᠶᠢ ᠢᠯᠡᠭᠦᠦ ᠬᠡᠷᠡᠭᠯᠡᠵᠤ ᠪᠠᠶᠢᠳᠠᠭ ᠃ ᠪᠠᠶᠢᠭᠠᠯᠢ ᠶᠢᠨ ᠰᠢᠲᠠᠮᠠᠬᠠᠢ ᠬᠡᠢ ᠨᠢ ᠨᠢᠭᠡ ᠵᠦᠢᠯ ᠤᠨ | ᠲᠥᠪᠯᠡᠷᠡᠭᠦᠯᠦᠨ ᠬᠠᠩᠭᠠᠬᠤ ᠰᠢᠨ᠎ᠡ ᠡᠨᠧᠷᠭᠢ ᠪᠣᠯᠤᠭᠰᠠᠨ ᠤ ᠬᠤᠪᠢ ᠳᠤ ᠂ ᠰᠠᠪᠠᠨ ᠳᠤ ᠰᠠᠪᠠᠯᠠᠭᠰᠠᠨ ᠰᠢᠩᠭᠡᠨᠵᠢᠮᠡᠯ ᠬᠡᠢ ᠂ ᠨᠡᠭᠦᠷᠡᠰᠦ ᠂ ᠲᠦᠯᠡᠭᠡ ᠡᠪᠡᠰᠦ ᠵᠡᠷᠭᠡ | ᠲᠦᠯᠡᠰᠢ ᠶᠢᠨ ᠬᠡᠷᠡᠭᠯᠡᠭᠡ ᠲᠠᠢ ᠬᠠᠷᠢᠴᠠᠭᠤᠯᠪᠠᠯ ᠂ ᠬᠡᠷᠡᠭᠯᠡᠬᠦ ᠳᠤ ᠠᠮᠤᠷ ᠲᠦᠪᠰᠢᠨ᠂ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ ᠵᠡᠷᠭᠡ ᠳᠠᠪᠠᠭᠤᠯᠢᠭ | ᠲᠠᠯ᠎ᠠ ᠲᠠᠢ ᠶᠤᠮ᠂ ᠬᠥᠳᠡᠭᠡ ᠲᠣᠰᠬᠤᠨ ᠨᠡᠶᠢᠭᠡᠮ ᠲᠣᠭᠤᠷᠢᠭ ᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠰᠢᠨ᠎ᠡ ᠪᠠᠷ ᠪᠠᠶᠢᠭᠤᠯᠵᠤ ᠂ ᠬᠥᠳᠡᠭᠡ | ᠲᠣᠰᠬᠤᠨᠨᠡᠶᠢᠭᠡᠮ ᠲᠣᠭᠤᠷᠢᠭ ᠢ ᠬᠠᠪᠰᠤᠷᠤᠨ ᠪᠠᠶᠢᠭᠠᠯᠢ ᠶᠢᠨ ᠰᠢᠲᠠᠮᠠᠬᠠᠢ ᠬᠡᠢ ᠶᠢᠨ ᠬᠤᠭᠤᠯᠠᠢ ᠶᠢ ᠪᠦᠷᠬᠦᠭᠦᠯᠬᠦ ᠶᠢ ᠡᠷᠲᠡᠬᠡᠨ ᠪᠡᠶᠡᠯᠡᠭᠦᠯᠵᠦ ᠂ ᠤᠯᠠᠨ ᠲᠦᠮᠡᠨ ᠤ | ᠵᠣᠯ ᠵᠢᠷᠭᠠᠯᠳᠤ ᠲᠥᠷᠥᠭᠳᠡᠯ ᠢ ᠦᠨᠡᠨᠬᠦ ᠳᠡᠭᠡᠭᠰᠢᠯᠡᠭᠦᠯᠬᠦ ᠶᠢ ᠰᠠᠨᠠᠭᠤᠯᠪᠠ᠃ | | | | |