| | ᠵᠡᠭᠦᠨᠭᠠᠷ ᠬᠤᠰᠢᠭᠤᠨ ᠤ ᠬᠤᠶᠠᠷ ᠬᠤᠷᠠᠯ ᠤᠨ ᠬᠤᠭᠤᠴᠠᠭᠠᠨ ᠳᠤ ᠂ ᠲᠣᠰᠬᠤᠨ ᠂ ᠨᠡᠶᠢᠭᠡᠮ ᠲᠣᠭᠤᠷᠢᠭ ᠠᠴᠠ ᠬᠦᠷᠤᠯᠴᠡᠨ ᠢᠷᠡᠭᠰᠡᠨ ᠲᠥᠯᠥᠭᠡᠯᠡᠭᠴᠢᠳ ᠬᠡᠷᠡᠯ | ᠲᠥᠪᠯᠡᠷᠡᠭᠦᠯᠬᠦ ᠳ᠋ᠧᠩ ᠤᠨ ᠳᠣᠣᠷᠠᠬᠢ ᠲᠥᠪᠯᠡᠷᠡᠯ ᠤᠨ ᠴᠡᠭ ᠪᠣᠯᠵᠤ ᠂ ᠲᠠᠳᠠ ᠲᠠᠷᠢᠶᠠᠨ ᠭᠠᠵᠠᠷ ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠠᠮᠢᠳᠤᠯᠢᠭ | ᠰᠣᠷᠭᠤᠭ ᠲᠠᠭᠤᠨ ᠢᠶᠠᠷ ᠠᠷᠠᠳ ᠣᠯᠠᠨ ᠤ ᠬᠦᠰᠡᠯ ᠡᠷᠡᠮᠡᠯᠵᠡᠯ ᠢ ᠰᠠᠨᠠᠯ ᠵᠥᠪᠯᠡᠯᠭᠡ ᠪᠠ ᠰᠠᠨᠠᠭᠤᠯᠭ᠎ᠠ ᠪᠣᠯᠭᠠᠨ ᠬᠤᠪᠢᠷᠠᠭᠤᠯᠵᠤ ᠂ ᠲᠥᠷᠥ ᠶᠢᠨ ᠪᠣᠳᠣᠯᠭ᠎ᠠ | ᠲᠣᠭᠲᠠᠭᠠᠬᠤ ᠳᠤ ᠠᠷᠠᠳ ᠤᠨ ᠠᠮᠢᠳᠤᠷᠠᠯ ᠢ ᠨᠠᠩ ᠢᠯᠡᠭᠦᠦ ᠬᠠᠯᠠᠮᠵᠢᠯᠠᠬᠤ ᠠᠭᠤᠷ ᠠᠮᠢᠰᠬᠤᠯ ᠢ ᠨᠡᠮᠡᠷᠢᠯᠡᠪᠡ ᠃ ᠡᠨᠧᠷᠭᠢ ᠶᠢᠨ ᠰᠤᠷᠪᠤᠯᠵᠢ ᠶᠢᠨ ᠳᠡᠰ | ᠳᠡᠪᠰᠢᠯᠳᠡ ᠠᠴᠠ ᠶᠠᠪᠤᠵᠤ ᠰᠠᠭᠤᠬᠤ ᠠᠮᠤᠷ ᠲᠦᠪᠰᠢᠨ ᠬᠦᠷᠲᠡᠯ᠎ᠡ ᠂ ᠨᠡᠶᠢᠭᠡᠮ ᠲᠣᠭᠤᠷᠢᠭ ᠤᠨ ᠵᠠᠰᠠᠯᠲᠠ ᠠᠴᠠ ᠢᠳᠡᠭᠡᠨ ᠤ ᠠᠮᠤᠷ ᠲᠦᠪᠰᠢᠨ ᠬᠦᠷᠲᠡᠯ᠎ᠡ ᠴᠥᠮ | ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠨ ᠂ ᠬᠥᠭᠵᠢᠯᠲᠡ ᠶᠢᠨ ᠰᠤᠳᠠᠰᠤ ᠶᠢ ᠴᠢᠩᠭ᠎ᠠ ᠠᠳᠬᠤᠵᠤ ᠪᠠᠶᠢᠨ᠎ᠠ ᠃ ᠡᠲᠡᠭᠡᠷ ︽ ᠠᠮᠢᠳᠤᠷᠠᠯ ᠲᠠᠢ ᠤᠶᠢᠷᠠᠳᠤᠨ᠂ | ᠠᠷᠠᠳ ᠤᠨ ᠪᠠᠶᠢᠳᠠᠯ ᠢ ᠣᠶᠢᠯᠠᠭᠠᠵᠤ ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠬᠰᠠᠨ ︾ ᠰᠠᠨᠠᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡᠲ᠋ᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠶᠢ ᠢᠯᠡᠷᠡᠭᠦᠯᠦᠭᠰᠡᠨ ᠢᠶᠠᠷ ᠦᠯᠤ | ᠪᠠᠷᠠᠨ ᠂ ᠪᠠᠰᠠ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ ᠃ | ᠥᠨᠥᠳᠥᠷ ᠪᠢᠳᠡ ᠦᠨᠳᠦᠰᠦᠨ ᠱᠠᠲᠤᠨ ᠤ ᠡᠳᠡᠭᠡᠷ ︽ ᠳᠠᠭᠤᠨ ︾ ᠢ ᠬᠠᠮᠲᠤ ᠪᠠᠷ ᠰᠣᠨᠣᠰᠤᠶ᠎ᠠ ᠁ | | ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠠᠩ ᠷᠠᠨ | ᠦᠨᠳᠤᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ ᠤᠨ ᠲᠣᠭᠤᠷᠢᠯ ᠵᠠᠮ ᠢ ︽ ᠲᠠᠰ | ᠳᠡᠪᠰᠢᠭᠦᠯᠵᠤ︾ ᠵᠠᠮ ᠨᠡᠪᠲᠡᠷᠡᠯᠭᠡ ᠶᠢᠨ ᠠᠮᠤᠷ ᠲᠦᠪᠰᠢᠨ ᠢ ᠰᠠᠬᠢᠨ ᠬᠠᠮᠠᠭᠠᠯᠠᠶ᠎ᠠ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠠᠭᠤᠯᠭ᠎ᠠ ᠨᠢ ᠨᠠᠷᠢᠨ ᠪᠣᠳᠠᠲᠠᠢ᠂ ᠲᠤᠭ᠎ᠠ ᠪᠠᠷᠢᠮᠲᠠ ᠨᠢ ᠲᠣᠳᠣᠷᠬᠠᠢ ᠪᠠᠶᠢᠵᠤ ᠂ ᠠᠮᠵᠢᠯᠲᠠ ᠪᠠᠨ | ᠨᠤᠲᠠᠯᠠᠭᠰᠠᠨ ᠢᠶᠠᠷ ᠦᠯᠤ ᠪᠠᠷᠠᠨ᠂ ᠪᠠᠰᠠ ᠠᠰᠠᠭᠤᠳᠠᠯ ᠳᠤ ᠰᠢᠭᠤᠳ ᠬᠠᠨᠳᠤᠵᠤ ᠂ ᠵᠠᠰᠠᠭ ᠤᠨ ᠣᠷᠳᠣᠨ ᠤ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠ | ᠡᠬᠦᠷᠭᠡᠯᠡᠯ ᠡᠭᠦᠷᠭᠡᠯᠡᠬᠦ ᠵᠣᠷᠢᠭ ᠰᠠᠨᠠᠭ᠎ᠠ ᠶᠢ ᠢᠯᠡᠷᠡᠭᠦᠯᠪᠡ᠃ ᠢᠯᠠᠩᠭᠤᠶ᠎ᠠ ᠠᠷᠠᠳ ᠤᠨ ᠠᠮᠢᠳᠤᠷᠠᠯ ᠤᠨ ᠪᠠᠲᠤᠯᠠᠭ᠎ᠠ᠂ ᠠᠵᠤ ᠠᠬᠤᠢ ᠶᠢᠨ ᠬᠥᠭᠵᠢᠯᠲᠡ᠂ ᠨᠡᠶᠢᠭᠡᠮ ᠤᠨ | ᠵᠠᠰᠠᠯᠲᠠ ᠵᠡᠷᠭᠡ ᠲᠠᠯ᠎ᠠ ᠪᠠᠷ ᠵᠠᠰᠠᠭ ᠤᠨ ᠣᠷᠳᠣᠨ ᠠᠴᠠ ᠠᠯᠢ ᠤᠯᠠᠨ ᠬᠦᠴᠦᠲᠡᠢ ᠠᠷᠭ᠎ᠠ ᠬᠡᠮᠵᠢᠶ᠎ᠡ ᠠᠪᠴᠠᠢ ᠃ ᠦᠨᠳᠦᠰᠦᠨ ᠱᠠᠲᠤᠨ ᠤ ᠲᠥᠯᠥᠭᠡᠯᠡᠭᠴᠢ | ᠪᠣᠯᠤᠭᠰᠠᠨ ᠤ ᠬᠤᠪᠢ ᠳᠤ ᠂ ᠪᠢ ᠡᠳᠡᠭᠡᠷ ᠲᠦᠷᠦ ᠶᠢᠨ ᠪᠣᠳᠣᠯᠭ᠎ᠠ ᠶᠢ ᠦᠨᠳᠦᠰᠦᠨ ᠱᠠᠲᠤᠨ ᠳᠤ ᠨᠠᠶᠢᠳᠠᠪᠤᠷᠢᠵᠢᠭᠤᠯᠬᠤ ᠳᠤ ᠠᠪᠴᠢᠷᠠᠭᠰᠠᠨ ᠢᠳᠡᠪᠬᠢᠲᠡᠢ | ᠬᠤᠪᠢᠷᠠᠯᠲᠠ ᠶᠢ ᠭᠦᠨᠵᠡᠭᠡᠢ ᠣᠶᠢᠯᠠᠭᠠᠵᠤ ᠪᠠᠶᠢᠨ᠎ᠠ᠃ | ᠢᠯᠡᠳᠭᠡᠯ ᠳᠤ ᠳᠤᠷᠠᠳᠤᠭᠰᠠᠨ ︽ ᠠᠷᠠᠳ ᠤᠨ ᠰᠠᠨᠠᠭᠠᠨ ᠳᠤ ᠨᠡᠶᠢᠴᠡᠭᠰᠡᠨ ᠬᠤᠲᠠ ᠶᠢ ᠪᠦᠳᠤᠭᠡᠨ ᠪᠠᠶᠢᠭᠤᠯᠬᠤ ︾ ᠡᠨᠡᠬᠦ ᠠᠭᠤᠯᠭ᠎ᠠ ᠲᠠᠢ ᠤᠶᠠᠯᠳᠤᠭᠤᠯᠤᠨ ᠂ ᠪᠢ | ︽ ᠮᠠᠨ ᠤ ᠬᠤᠰᠢᠭᠤᠨ ᠤ ᠦᠨᠳᠤᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ ᠤᠨ ᠲᠣᠭᠤᠷᠢᠯ ᠵᠠᠮ ᠤᠨ ᠭᠡᠷᠡᠯᠳᠦᠬᠦᠯᠭᠡ ᠬᠢᠬᠦ ᠪᠠᠠᠮᠤᠷ ᠳᠦᠪᠰᠢᠨ ᠴᠢᠨᠠᠷ ᠢ | ᠳᠡᠭᠡᠭᠰᠢᠯᠡᠭᠦᠯᠬᠦ ᠲᠤᠬᠠᠢ ︾ ᠰᠠᠨᠠᠭᠤᠯᠭ᠎ᠠ ᠶᠢ ᠳᠤᠷᠠᠳᠴᠠᠢ ᠃ ᠮᠠᠨ ᠤ ᠤᠯᠤᠰ ᠤᠨ ᠦᠨᠳᠤᠷ ᠬᠤᠷᠳᠤᠴᠠᠳᠤ ᠵᠠᠰᠠᠮᠠᠯ ᠵᠠᠮ ᠤᠨ ᠳᠤᠤᠷ ᠤᠨ ᠲᠦᠷᠭᠡᠨ ᠬᠥᠭᠵᠢᠯᠲᠡ ᠶᠢ | ᠳᠠᠭᠠᠯᠳᠤᠨ ᠂ ᠦᠨᠳᠤᠷ ᠬᠤᠷᠳᠤᠴᠠᠳᠤ ᠵᠠᠰᠠᠮᠠᠯ ᠵᠠᠮ ᠤᠨ ᠠᠭᠤᠯᠵᠠᠷ ᠤᠨ ᠲᠣᠭᠤᠷᠢᠯ ᠵᠠᠮ ᠨᠢ ᠲᠡᠷᠭᠡ ᠬᠥᠰᠬᠡ ᠶᠢᠨ ᠲᠦᠷᠭᠡᠨ ᠳᠠᠪᠬᠢᠬᠤ ᠵᠠᠰᠠᠮᠠᠯ ᠵᠠᠮ ᠢᠶᠠᠷ ᠣᠷᠣᠵᠤ | ᠭᠠᠷᠬᠤ ᠴᠢᠬᠤᠯᠠ ᠵᠠᠩᠭᠢᠯᠠᠭ᠎ᠠ ᠶᠢᠨ ᠴᠡᠭ ᠪᠣᠯᠤᠭᠰᠠᠨ ᠤ ᠬᠤᠪᠢ ᠳᠤ ᠂ ᠲᠡᠭᠦᠨ ᠤ ᠠᠮᠤᠷ ᠲᠦᠪᠰᠢᠨ ᠤ ᠲᠥᠬᠦᠭᠡᠷᠦᠮᠵᠢ ᠶᠢᠨ ᠴᠢᠬᠤᠯᠠ ᠴᠢᠨᠠᠷ ᠨᠢ ᠡᠳᠦᠷ | ᠢᠷᠡᠬᠦᠶᠡᠢᠯᠡᠷᠭᠡᠢ ᠪᠤᠯᠤᠬᠰᠠᠨ ᠪᠠᠶᠢᠨ᠎ᠠ᠃ ᠵᠡᠭᠦᠨᠭᠠᠷ ᠬᠤᠰᠢᠭᠤᠨ ᠤ ᠦᠨᠳᠤᠷ ᠬᠤᠷᠳᠤᠴᠠᠲᠤ ᠵᠠᠰᠠᠮᠠᠯ ᠵᠠᠮ ᠤᠨ ᠠᠭᠤᠯᠵᠠᠷ ᠤᠨ ᠭᠡᠷᠡᠯᠲᠦᠭᠦᠯᠭᠡ ᠬᠦᠷᠦᠯᠴᠡᠬᠦ ᠦᠭᠡᠢ | ᠲᠣᠭᠤᠷᠢᠯ ᠵᠠᠮ ᠤᠨ ᠣᠷᠣᠨ ᠳᠤ ᠂ ᠭᠡᠷᠡᠯᠳᠦᠬᠦᠯᠭᠡ ᠰᠠᠶᠢᠳᠠᠢ ᠂ ᠡᠨᠧᠷᠭᠢ ᠶᠢᠨ ᠬᠤᠷᠣᠭᠳᠠᠯ ᠢᠶᠠᠷ ᠪᠠᠭ᠎ᠠ LED ᠭᠡᠷᠡᠯᠲᠦᠭᠦᠯᠭᠡ ᠶᠢᠨ ᠲᠥᠬᠦᠭᠡᠷᠦᠮᠵᠢ ᠶᠢ ᠨᠡᠮᠡᠨ | ᠤᠬᠰᠠᠷᠠᠵᠤ ᠂ ᠰᠥᠨᠢ ᠶᠢᠨ ᠪᠠ ᠮᠠᠭᠤ ᠴᠠᠭ ᠠᠭᠤᠷ ᠤᠨ ᠨᠥᠬᠦᠴᠡᠯ ᠳᠣᠣᠷᠠᠬᠢ ᠬᠠᠷᠠᠭᠳᠠᠴᠠ ᠶᠢ ᠦᠨᠡᠨ ᠬᠦ ᠪᠠᠲᠤᠯᠠᠨ᠎ᠠ︔ ᠬᠠᠭᠤᠴᠢᠷᠠᠬᠰᠠᠨ᠂ ᠡᠪᠳᠡᠷᠡᠵᠦ | ᠰᠦᠢᠳᠦᠭᠰᠡᠨ ᠭᠡᠷᠡᠯ ᠣᠶᠢᠯᠲᠠ ᠶᠢᠨ ᠲᠡᠮᠳᠡᠭ ᠢ ᠨᠢᠭᠡᠳᠦᠯᠲᠡᠢ ᠰᠣᠯᠢᠵᠤ ᠂ ᠥᠨᠳᠥᠷ ᠣᠶᠢᠯᠲᠠ ᠶᠢᠨ ᠨᠤᠷᠮ᠎ᠠ ᠲᠠᠢ ᠂ ᠳᠠᠭᠠᠭᠠᠮᠠᠭᠠᠢ ᠴᠢᠨᠠᠷ ᠢᠶᠠᠷ ᠴᠢᠩᠭ᠎ᠠ ᠭᠡᠷᠡᠯ | ᠣᠶᠢᠯᠲᠠ ᠶᠢᠨ ᠮᠠᠲ᠋ᠧᠷᠢᠶᠠᠯ ᠢ ᠬᠡᠷᠡᠭᠯᠡᠵᠦ ᠂ ᠲᠡᠭᠦᠨ ᠤ ᠰᠥᠨᠢ ᠪᠠ ᠮᠠᠭᠤ ᠴᠠᠭ ᠠᠭᠤᠷ ᠤᠨ ᠨᠥᠬᠦᠴᠡᠯ ᠳᠣᠣᠷ᠎ᠠ ᠮᠥᠨ ᠲᠣᠳᠣᠷᠬᠠᠢ ᠬᠠᠷᠠᠭᠳᠠᠬᠤ ᠶᠢ ᠦᠨᠡᠨ ᠬᠦ | ᠪᠠᠲᠤᠯᠠᠨ᠎ᠠ︔ ᠭᠡᠷᠡᠯᠲᠦᠭᠦᠯᠭᠡ ᠶᠢᠨ ᠳᠦᠬᠦᠭᠡᠷᠤᠮᠵᠢ ᠶᠢ ᠨᠡᠮᠡᠭᠳᠡᠭᠦᠯᠬᠦ ᠪᠠ ᠬᠡᠷᠡᠯ ᠣᠶᠢᠬᠤ ᠲᠡᠮᠳᠡᠭ ᠢ ᠰᠣᠯᠢᠬᠤ ᠶᠢᠨ ᠬᠠᠮᠲᠤ ᠂ ᠲᠣᠭᠤᠷᠢᠯ ᠵᠠᠮ ᠤᠨ ᠣᠷᠣᠨ ᠤ ᠲᠡᠮᠳᠡᠭ | ᠵᠢᠷᠤᠭᠠᠰᠤ ᠪᠠ ᠬᠡᠷᠡᠯ ᠣᠶᠢᠬᠤ ᠳᠦᠬᠦᠭᠡᠷᠤᠮᠵᠢ ᠶᠢ ᠰᠢᠯᠢᠳᠡᠭᠵᠢᠭᠦᠯᠵᠦ ᠂ ᠵᠢᠯᠣᠭᠤᠴᠢ ᠶᠢᠨ ᠡᠯ᠎ᠡ ᠵᠦᠢᠯ ᠤᠨ ᠨᠥᠬᠦᠴᠡᠯ ᠳᠣᠣᠷ᠎ᠠ ᠴᠥᠮ ᠵᠠᠮ ᠤᠨ ᠮᠡᠳᠡᠭᠡ ᠵᠠᠩᠭᠢ ᠶᠢ | ᠲᠣᠳᠣᠷᠬᠠᠢ ᠢᠯᠭᠠᠨ ᠲᠠᠨᠢᠬᠤ ᠶᠢ ᠦᠨᠡᠨᠬᠦ ᠪᠠᠲᠤᠯᠠᠬᠤ ᠶᠢ ᠰᠠᠨᠠᠭᠤᠯᠪᠠ ᠃ | |