| | ᠵᠡᠭᠦᠨᠭᠠᠷ ᠬᠤᠰᠢᠭᠤᠨ ᠤ ᠬᠤᠶᠠᠷ ᠬᠤᠷᠠᠯ ᠤᠨ ᠬᠤᠭᠤᠴᠠᠭᠠᠨ ᠳᠤ ᠂ ᠲᠣᠰᠬᠤᠨ ᠂ ᠨᠡᠶᠢᠭᠡᠮ ᠲᠣᠭᠤᠷᠢᠭ ᠠᠴᠠ ᠬᠦᠷᠤᠯᠴᠡᠨ ᠢᠷᠡᠭᠰᠡᠨ ᠲᠥᠯᠥᠭᠡᠯᠡᠭᠴᠢᠳ ᠬᠡᠷᠡᠯ | ᠲᠥᠪᠯᠡᠷᠡᠭᠦᠯᠬᠦ ᠳ᠋ᠧᠩ ᠤᠨ ᠳᠣᠣᠷᠠᠬᠢ ᠲᠥᠪᠯᠡᠷᠡᠯ ᠤᠨ ᠴᠡᠭ ᠪᠣᠯᠵᠤ ᠂ ᠲᠠᠳᠠ ᠲᠠᠷᠢᠶᠠᠨ ᠭᠠᠵᠠᠷ ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠠᠮᠢᠳᠤᠯᠢᠭ | ᠰᠣᠷᠭᠤᠭ ᠲᠠᠭᠤᠨ ᠢᠶᠠᠷ ᠠᠷᠠᠳ ᠣᠯᠠᠨ ᠤ ᠬᠦᠰᠡᠯ ᠡᠷᠡᠮᠡᠯᠵᠡᠯ ᠢ ᠰᠠᠨᠠᠯ ᠵᠥᠪᠯᠡᠯᠭᠡ ᠪᠠ ᠰᠠᠨᠠᠭᠤᠯᠭ᠎ᠠ ᠪᠣᠯᠭᠠᠨ ᠬᠤᠪᠢᠷᠠᠭᠤᠯᠵᠤ ᠂ ᠲᠥᠷᠥ ᠶᠢᠨ ᠪᠣᠳᠣᠯᠭ᠎ᠠ | ᠲᠣᠭᠲᠠᠭᠠᠬᠤ ᠳᠤ ᠠᠷᠠᠳ ᠤᠨ ᠠᠮᠢᠳᠤᠷᠠᠯ ᠢ ᠨᠠᠩ ᠢᠯᠡᠭᠦᠦ ᠬᠠᠯᠠᠮᠵᠢᠯᠠᠬᠤ ᠠᠭᠤᠷ ᠠᠮᠢᠰᠬᠤᠯ ᠢ ᠨᠡᠮᠡᠷᠢᠯᠡᠪᠡ ᠃ ᠡᠨᠧᠷᠭᠢ ᠶᠢᠨ ᠰᠤᠷᠪᠤᠯᠵᠢ ᠶᠢᠨ ᠳᠡᠰ | ᠳᠡᠪᠰᠢᠯᠳᠡ ᠠᠴᠠ ᠶᠠᠪᠤᠵᠤ ᠰᠠᠭᠤᠬᠤ ᠠᠮᠤᠷ ᠲᠦᠪᠰᠢᠨ ᠬᠦᠷᠲᠡᠯ᠎ᠡ ᠂ ᠨᠡᠶᠢᠭᠡᠮ ᠲᠣᠭᠤᠷᠢᠭ ᠤᠨ ᠵᠠᠰᠠᠯᠲᠠ ᠠᠴᠠ ᠢᠳᠡᠭᠡᠨ ᠤ ᠠᠮᠤᠷ ᠲᠦᠪᠰᠢᠨ ᠬᠦᠷᠲᠡᠯ᠎ᠡ ᠴᠥᠮ | ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠨ ᠂ ᠬᠥᠭᠵᠢᠯᠲᠡ ᠶᠢᠨ ᠰᠤᠳᠠᠰᠤ ᠶᠢ ᠴᠢᠩᠭ᠎ᠠ ᠠᠳᠬᠤᠵᠤ ᠪᠠᠶᠢᠨ᠎ᠠ ᠃ ᠡᠲᠡᠭᠡᠷ ︽ ᠠᠮᠢᠳᠤᠷᠠᠯ ᠲᠠᠢ ᠤᠶᠢᠷᠠᠳᠤᠨ᠂ | ᠠᠷᠠᠳ ᠤᠨ ᠪᠠᠶᠢᠳᠠᠯ ᠢ ᠣᠶᠢᠯᠠᠭᠠᠵᠤ ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠬᠰᠠᠨ ︾ ᠰᠠᠨᠠᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡᠲ᠋ᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠶᠢ ᠢᠯᠡᠷᠡᠭᠦᠯᠦᠭᠰᠡᠨ ᠢᠶᠠᠷ ᠦᠯᠤ | ᠪᠠᠷᠠᠨ ᠂ ᠪᠠᠰᠠ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ ᠃ | ᠥᠨᠥᠳᠥᠷ ᠪᠢᠳᠡ ᠦᠨᠳᠦᠰᠦᠨ ᠱᠠᠲᠤᠨ ᠤ ᠡᠳᠡᠭᠡᠷ ︽ ᠳᠠᠭᠤᠨ ︾ ᠢ ᠬᠠᠮᠲᠤ ᠪᠠᠷ ᠰᠣᠨᠣᠰᠤᠶ᠎ᠠ ᠁ | | ᠠᠷᠠᠳᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠧᠩ ᠺᠦᠨ | ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠶᠢ ᠳᠡᠭᠡᠭᠰᠢᠯᠡᠭᠦᠯᠬᠦ ᠶᠢᠨ ᠬᠠᠮᠲᠤ ᠴᠠᠬᠢᠯᠭᠠᠨ | ᠴᠡᠨᠡᠭᠯᠡᠬᠦ ᠱᠤᠩ ᠤᠨ ᠪᠦᠳᠤᠭᠡᠨ ᠪᠠᠶᠢᠭᠤᠯᠤᠯᠳᠠ ᠶᠢ ᠠᠬᠢᠭᠤᠯᠵᠤ ᠨᠡᠶᠢᠭᠡᠮ ᠲᠣᠭᠤᠷᠢᠭ ᠤᠨ | ᠦᠢᠯᠡᠴᠢᠯᠡᠭᠡᠨ ᠤ ︽ ᠠᠷᠠᠳ ᠲᠤ ᠠᠰᠢᠭ ᠬᠦᠷᠲᠡᠭᠡᠬᠦ ᠵᠠᠮ ︾ ᠢᠶᠠᠷ ᠰᠠᠶᠢᠲᠤᠷ ᠵᠠᠮᠨᠠᠶ᠎ᠠ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠢ ᠰᠣᠨᠣᠰᠤᠭᠠᠳ ᠪᠢ ᠮᠠᠰᠢ ᠭᠦᠨ ᠲᠥᠷᠥᠭᠳᠡᠯ ᠲᠠᠢ ᠪᠣᠯᠪᠠ ᠂ ᠢᠯᠡᠳᠬᠡᠯ ᠳᠤ ᠠᠵᠤ ᠦᠢᠯᠡᠰ ᠤᠨ ᠬᠡᠯᠪᠡᠷᠢ ᠶᠢ | ᠬᠤᠪᠢᠷᠠᠭᠤᠯᠤᠨ ᠲᠡᠰ ᠳᠡᠪᠰᠢᠭᠦᠯᠬᠦ ᠠᠴᠠ ᠠᠷᠠᠳ ᠤᠨ ᠠᠮᠢᠳᠤᠷᠠᠯ ᠤᠨ ᠪᠤᠶᠠᠨ ᠭᠡᠰᠢᠭ ᠢ ᠨᠡᠮᠡᠭᠳᠡᠭᠦᠯᠬᠦ ᠬᠦᠷᠲᠡᠯ᠎ᠡ ᠴᠥᠮ ᠨᠠᠷᠢᠨ ᠨᠢᠭᠲᠠ ᠪᠠᠶᠢᠷᠢᠯᠠᠭᠤᠯᠤᠯᠲᠠ ᠬᠢᠵᠦ ᠂ | ᠦᠭᠡ ᠦᠬᠦᠯᠡᠪᠤᠷᠢ ᠪᠤᠯᠭᠠᠨ ᠨᠢ ᠬᠥᠭᠵᠢᠯᠲᠡ ᠠᠴᠠ ᠡᠭᠦᠰᠴᠦ ᠂ ᠪᠠᠰᠠ ᠠᠷᠠᠳ ᠤᠨ ᠠᠮᠢᠳᠤᠷᠠᠯ ᠳᠤ ᠣᠶᠢᠷᠠᠲᠤᠭᠰᠠᠨ ᠪᠠᠶᠢᠨ᠎ᠠ᠃ ᠨᠡᠶᠢᠭᠡᠮ ᠲᠣᠭᠤᠷᠢᠭ ᠤᠨ ᠨᠢᠭᠡᠨ | ᠠᠵᠢᠯᠲᠠᠨ ᠪᠣᠯᠤᠭᠰᠠᠨ ᠤ ᠬᠤᠪᠢ ᠳᠤ ᠂ ᠢᠯᠡᠳᠬᠡᠯ ᠨᠢ ᠮᠠᠨ ᠤ ᠠᠵᠢᠯ ᠳᠤ ᠴᠢᠭᠯᠡᠯ ᠢ ᠲᠣᠳᠣᠷᠬᠠᠢ ᠵᠢᠭᠠᠭᠰᠠᠨ ᠪᠠᠶᠢᠨ᠎ᠠ ᠃ | ᠨᠡᠶᠢᠭᠡᠮ ᠲᠣᠭᠤᠷᠢᠭ ᠨᠢ ᠨᠡᠶᠢᠭᠡᠮ ᠤᠨ ᠪᠦᠲᠦᠴᠡ ᠶᠢᠨ ᠴᠢᠬᠤᠯᠠ ᠪᠦᠷᠢᠯᠳᠦᠭᠦᠨ ᠬᠡᠰᠡᠭ ᠪᠣᠯᠤᠭᠰᠠᠨ ᠤ ᠬᠤᠪᠢ ᠳᠤ ᠂ ᠨᠡᠶᠢᠭᠡᠮ ᠤᠨ ᠲᠣᠭᠲᠠᠭᠤᠨ ᠪᠠ ᠡᠶ᠎ᠡ | ᠵᠣᠬᠢᠴᠠᠯ ᠢ ᠬᠠᠮᠠᠭᠠᠯᠠᠬᠤ ᠴᠢᠬᠤᠯᠠ ᠳᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ ᠂ ᠡᠶᠢᠮᠦ ᠠᠴᠠ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ | ᠪᠠᠶᠢᠭᠤᠯᠤᠯᠲᠠ ᠶᠢᠨ ᠴᠢᠬᠤᠯᠠ ᠴᠢᠨᠠᠷ ᠨᠢ ᠮᠡᠳᠡᠭᠡᠵᠢ ᠶᠢᠨ ᠴᠢᠬᠤᠯᠠ ᠶᠤᠮ᠂ ᠭᠡᠪᠡᠴᠦ ᠣᠳᠣᠬᠠᠨ ᠳᠤ ᠨᠡᠶᠢᠭᠡᠮ ᠲᠣᠭᠤᠷᠢᠭ ᠤᠨᠭᠡᠰᠡᠭ ᠬᠤᠪᠢᠶᠠᠬᠰᠠᠨ ᠤᠷᠤᠨ ᠤ | ᠠᠵᠢᠯᠲᠠᠨ ᠂ ᠭᠤᠷᠪᠠᠨ ᠠᠵᠢᠯ ᠤᠨ ᠪᠠᠶᠢᠷᠢ ᠠᠷᠪᠠᠨ ᠨᠠᠢᠮᠠᠨ ᠳᠡᠰ ᠲᠤ ᠣᠷᠣᠭᠠᠳᠤᠢ ᠪᠤᠰᠤᠳ ᠠᠵᠢᠯᠲᠠᠨ ᠤ ᠣᠯᠭᠤᠮᠵᠢ ᠨᠢ ᠨᠡᠯᠢᠶᠡᠳ ᠳᠣᠣᠷ᠎ᠠ ᠪᠠᠶᠢᠵᠤ ᠂ ᠬᠥᠮᠥᠨ ᠢ | ᠦᠯᠡᠳᠡᠭᠡᠵᠦ ᠳᠡᠶᠢᠯᠬᠦ ᠦᠭᠡᠢ ᠠᠰᠠᠭᠤᠳᠠᠯ ᠣᠷᠣᠰᠢᠵᠤ ᠪᠠᠶᠢᠨ᠎ᠠ᠂ ᠡᠶᠢᠮᠦ ᠶᠢᠨ ᠳᠤᠯᠠᠳᠠ ᠨᠡᠶᠢᠭᠡᠮ ᠲᠣᠭᠤᠷᠢᠭ ᠤᠨ ᠠᠵᠢᠯᠲᠠᠨ ᠤ ᠣᠯᠭᠤᠮᠵᠢ ᠬᠠᠷᠠᠭᠠᠯᠵᠠᠯ ᠢ ᠠᠯᠬᠤᠮ | ᠠᠯᠬᠤᠮ ᠢᠶᠠᠷ ᠳᠡᠭᠡᠭᠰᠢᠯᠡᠭᠦᠯᠵᠦ ᠂ ᠨᠡᠶᠢᠭᠡᠮ ᠲᠣᠭᠤᠷᠢᠭ ᠤᠨ ᠠᠵᠢᠯᠲᠠᠨ ᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ ᠂ ᠰᠠᠭᠤᠭᠠᠯᠢ ᠠᠷᠠᠳ ᠲᠤ ᠨᠡᠩ | ᠰᠠᠶᠢᠲᠤᠷ ᠦᠢᠯᠡᠴᠢᠯᠡᠬᠦᠯᠤᠨᠠ᠃ ᠡᠭᠦᠨ ᠠᠴᠠ ᠭᠠᠳᠠᠨ᠎ᠠ ᠂ ᠣᠳᠣᠬᠠᠨ ᠳᠤ ᠬᠠᠷᠢᠶ᠎ᠠᠣᠷᠣᠨ ᠳᠤ ᠰᠢᠨ᠎ᠡ ᠡᠨᠧᠷᠭᠢ ᠶᠢᠨ ᠰᠤᠷᠪᠤᠯᠵᠢ ᠶᠢᠨ ᠮᠠᠰᠢᠨ ᠲᠡᠷᠭᠡ ᠂ ᠴᠠᠬᠢᠯᠭᠠᠨ | ᠬᠥᠳᠡᠯᠭᠡᠭᠦᠷᠲᠦ ᠳᠤᠭᠤᠢ ᠲᠡᠷᠭᠡ ᠶᠢᠨ ᠲᠤᠭ᠎ᠠ ᠤᠯᠠᠮ ᠢᠶᠠᠷ ᠨᠡᠮᠡᠭᠳᠡᠵᠦ ᠪᠠᠶᠢᠨ᠎ᠠ ᠃ ᠬᠠᠷᠢᠶ᠎ᠠ ᠣᠷᠣᠨ ᠤ ᠰᠠᠭᠤᠭᠠᠯᠢ ᠠᠷᠠᠳ ᠤᠨ ᠴᠠᠬᠢᠯᠭᠠᠨ ᠬᠥᠳᠡᠯᠭᠡᠭᠦᠷᠲᠦ ᠳᠤᠭᠤᠢ | ᠲᠡᠷᠭᠡᠨ ᠤ ᠴᠠᠬᠢᠯᠭᠠᠨ ᠴᠡᠨᠡᠭᠯᠡᠬᠦ ᠬᠦᠴᠢᠷ ᠠᠰᠠᠭᠤᠳᠠᠯ ᠢ ᠦᠨᠡᠨ ᠬᠦ ᠰᠢᠢᠳᠪᠦᠷᠢᠯᠡᠵᠦ ᠂ ᠠᠰᠠᠷ ᠤᠨ ᠬᠤᠩᠭᠢᠯ ᠳᠤ ᠴᠠᠬᠢᠯᠭᠠᠨ ᠴᠡᠨᠡᠭᠯᠡᠬᠦ ᠪᠠᠷ ᠳᠤᠷ᠎ᠠ ᠪᠠᠷ ᠢᠶᠠᠨ | ᠲᠠᠲᠠᠵᠤ ᠳᠤᠷ᠎ᠠ ᠪᠠᠷ ᠢᠶᠠᠨ ᠵᠠᠯᠭᠠᠬᠤ ᠴᠠᠬᠢᠯᠭᠠᠨ ᠤᠲᠠᠰᠤᠨ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ ᠳᠠᠯᠳᠠ ᠬᠡᠮ ᠢ ᠠᠷᠢᠯᠭᠠᠵᠤ ᠂ ᠰᠠᠭᠤᠭᠠᠯᠢ ᠠᠷᠠᠳ ᠤᠨ | ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ ᠶᠢᠨ ᠳᠤᠰᠠᠳᠠ ᠂ ᠰᠠᠭᠤᠭᠠᠯᠢ ᠠᠷᠠᠳ ᠤᠨ ᠬᠡᠷᠡᠭᠴᠡᠭᠡ ᠪᠠᠷ ᠤᠳᠤᠷᠢᠳᠤᠮᠵᠢ ᠪᠣᠯᠭᠠᠵᠤ ᠂ ᠬᠠᠷᠢᠶ᠎ᠠ | ᠣᠷᠣᠨ ᠤ ᠳᠣᠲᠣᠷᠠᠬᠢ ᠣᠶᠤᠨᠴᠢ ᠴᠠᠬᠢᠯᠭᠠᠨ ᠴᠡᠨᠡᠭᠯᠡᠬᠦ ᠱᠣᠩ ᠤᠭᠰᠠᠷᠠᠬᠤ ᠠᠵᠢᠯ ᠢ ᠠᠬᠢᠭᠤᠯᠵᠤ ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠬᠢᠷᠢ ᠲᠦᠪᠰᠢᠨ ᠢ | ᠪᠥᠬᠦ ᠲᠠᠯ᠎ᠠ ᠪᠠᠷ ᠳᠡᠭᠡᠭᠰᠢᠯᠡᠭᠦᠯᠬᠦ ᠶᠢ ᠰᠠᠨᠠᠭᠤᠯᠪᠠ ᠃ | | |