| | ᠵᠡᠭᠦᠨᠭᠠᠷ ᠬᠤᠰᠢᠭᠤᠨ ᠤ ᠬᠤᠶᠠᠷ ᠬᠤᠷᠠᠯ ᠤᠨ ᠬᠤᠭᠤᠴᠠᠭᠠᠨ ᠳᠤ ᠂ ᠲᠣᠰᠬᠤᠨ ᠂ ᠨᠡᠶᠢᠭᠡᠮ ᠲᠣᠭᠤᠷᠢᠭ ᠠᠴᠠ ᠬᠦᠷᠤᠯᠴᠡᠨ ᠢᠷᠡᠭᠰᠡᠨ ᠲᠥᠯᠥᠭᠡᠯᠡᠭᠴᠢᠳ ᠬᠡᠷᠡᠯ | ᠲᠥᠪᠯᠡᠷᠡᠭᠦᠯᠬᠦ ᠳ᠋ᠧᠩ ᠤᠨ ᠳᠣᠣᠷᠠᠬᠢ ᠲᠥᠪᠯᠡᠷᠡᠯ ᠤᠨ ᠴᠡᠭ ᠪᠣᠯᠵᠤ ᠂ ᠲᠠᠳᠠ ᠲᠠᠷᠢᠶᠠᠨ ᠭᠠᠵᠠᠷ ᠂ ᠨᠡᠶᠢᠭᠡᠮ ᠲᠣᠭᠤᠷᠢᠭ ᠤᠨ ᠵᠡᠭᠡᠯᠢ ᠭᠤᠳᠤᠮᠵᠢ ᠶᠢᠨ ᠠᠮᠢᠳᠤᠯᠢᠭ | ᠰᠣᠷᠭᠤᠭ ᠲᠠᠭᠤᠨ ᠢᠶᠠᠷ ᠠᠷᠠᠳ ᠣᠯᠠᠨ ᠤ ᠬᠦᠰᠡᠯ ᠡᠷᠡᠮᠡᠯᠵᠡᠯ ᠢ ᠰᠠᠨᠠᠯ ᠵᠥᠪᠯᠡᠯᠭᠡ ᠪᠠ ᠰᠠᠨᠠᠭᠤᠯᠭ᠎ᠠ ᠪᠣᠯᠭᠠᠨ ᠬᠤᠪᠢᠷᠠᠭᠤᠯᠵᠤ ᠂ ᠲᠥᠷᠥ ᠶᠢᠨ ᠪᠣᠳᠣᠯᠭ᠎ᠠ | ᠲᠣᠭᠲᠠᠭᠠᠬᠤ ᠳᠤ ᠠᠷᠠᠳ ᠤᠨ ᠠᠮᠢᠳᠤᠷᠠᠯ ᠢ ᠨᠠᠩ ᠢᠯᠡᠭᠦᠦ ᠬᠠᠯᠠᠮᠵᠢᠯᠠᠬᠤ ᠠᠭᠤᠷ ᠠᠮᠢᠰᠬᠤᠯ ᠢ ᠨᠡᠮᠡᠷᠢᠯᠡᠪᠡ ᠃ ᠡᠨᠧᠷᠭᠢ ᠶᠢᠨ ᠰᠤᠷᠪᠤᠯᠵᠢ ᠶᠢᠨ ᠳᠡᠰ | ᠳᠡᠪᠰᠢᠯᠳᠡ ᠠᠴᠠ ᠶᠠᠪᠤᠵᠤ ᠰᠠᠭᠤᠬᠤ ᠠᠮᠤᠷ ᠲᠦᠪᠰᠢᠨ ᠬᠦᠷᠲᠡᠯ᠎ᠡ ᠂ ᠨᠡᠶᠢᠭᠡᠮ ᠲᠣᠭᠤᠷᠢᠭ ᠤᠨ ᠵᠠᠰᠠᠯᠲᠠ ᠠᠴᠠ ᠢᠳᠡᠭᠡᠨ ᠤ ᠠᠮᠤᠷ ᠲᠦᠪᠰᠢᠨ ᠬᠦᠷᠲᠡᠯ᠎ᠡ ᠴᠥᠮ | ᠠᠷᠠᠳ ᠣᠯᠠᠨ ᠤ ᠠᠮᠢᠳᠤᠷᠠᠯ ᠲᠠᠢ ᠬᠤᠯᠪᠣᠭᠳᠠᠨ ᠂ ᠬᠥᠭᠵᠢᠯᠲᠡ ᠶᠢᠨ ᠰᠤᠳᠠᠰᠤ ᠶᠢ ᠴᠢᠩᠭ᠎ᠠ ᠠᠳᠬᠤᠵᠤ ᠪᠠᠶᠢᠨ᠎ᠠ ᠃ ᠡᠲᠡᠭᠡᠷ ︽ ᠠᠮᠢᠳᠤᠷᠠᠯ ᠲᠠᠢ ᠤᠶᠢᠷᠠᠳᠤᠨ᠂ | ᠠᠷᠠᠳ ᠤᠨ ᠪᠠᠶᠢᠳᠠᠯ ᠢ ᠣᠶᠢᠯᠠᠭᠠᠵᠤ ᠂ ᠠᠷᠠᠳ ᠤᠨ ᠣᠶᠤᠨ ᠤᠬᠠᠭᠠᠨ ᠢ ᠨᠢᠭᠲᠠᠷᠠᠭᠤᠯᠤᠬᠰᠠᠨ ︾ ᠰᠠᠨᠠᠭᠤᠯᠭ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢ ᠶᠢᠨ ᠠᠷᠠᠳ ᠲᠦᠮᠡᠨ ᠤ ᠲᠥᠯᠥᠭᠡᠲ᠋ᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠤᠭ ᠰᠠᠨᠠᠭ᠎ᠠ ᠶᠢ ᠢᠯᠡᠷᠡᠭᠦᠯᠦᠭᠰᠡᠨ ᠢᠶᠠᠷ ᠦᠯᠤ | ᠪᠠᠷᠠᠨ ᠂ ᠪᠠᠰᠠ ᠪᠥᠬᠦ ᠬᠤᠰᠢᠭᠤᠨ ᠤ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠠᠴᠢᠶᠠᠯᠠᠵᠤ ᠪᠠᠶᠢᠨ᠎ᠠ ᠃ | ᠥᠨᠥᠳᠥᠷ ᠪᠢᠳᠡ ᠦᠨᠳᠦᠰᠦᠨ ᠱᠠᠲᠤᠨ ᠤ ᠡᠳᠡᠭᠡᠷ ︽ ᠳᠠᠭᠤᠨ ︾ ᠢ ᠬᠠᠮᠲᠤ ᠪᠠᠷ ᠰᠣᠨᠣᠰᠤᠶ᠎ᠠ ᠁ | | ᠠᠷᠠᠳᠤᠨ ᠳᠦᠯᠦᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠳ᠋ᠢᠶᠣᠣ ᠬᠤᠩ ᠰᠢᠶᠠ | ᠢᠳᠡᠭᠡᠨ ᠤ ᠦᠢᠯᠡᠳᠬᠡᠯ ᠤᠨ ᠳᠤᠷᠠᠪᠠᠷ ᠪᠠᠶᠢᠭ᠎ᠠ ᠦᠵᠡᠭᠳᠡᠯ ᠳᠤ ᠠᠩᠬᠠᠷᠤᠯ ᠢᠶᠠᠨ | ᠳᠦᠪᠯᠡᠷᠡᠬᠦᠯᠤᠨ ᠢᠳᠡᠭᠡᠨ ᠤ ᠠᠮᠤᠷ ᠲᠦᠪᠰᠢᠨ ᠢ ᠬᠠᠮᠠᠭᠠᠯᠠᠶ᠎ᠠ | ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ ᠥᠩᠭᠡᠷᠡᠭᠰᠡᠨ ᠨᠢᠭᠡ ᠵᠢᠯ ᠤᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠂ ᠠᠷᠠᠳ ᠤᠨ ᠠᠮᠢᠳᠤᠷᠠᠯ | ᠤᠨ ᠰᠠᠶᠢᠵᠢᠷᠠᠯᠳᠠ ᠂ ᠨᠡᠶᠢᠭᠡᠮ ᠤᠨ ᠵᠠᠰᠠᠯᠳᠠ ᠂ ᠠᠮᠢ ᠠᠬᠤᠢ ᠶᠢᠨ ᠬᠠᠮᠠᠭᠠᠯᠠᠯᠳᠠ ᠵᠡᠷᠭᠡ ᠲᠠᠯ᠎ᠠ ᠪᠠᠷ ᠣᠯᠣᠭᠰᠠᠨ ᠢᠯᠡᠷᠭᠡᠢ ᠠᠮᠵᠢᠯᠲᠠ ᠪᠦᠲᠦᠮᠵᠢ ᠶᠢ ᠪᠦᠬᠦ | ᠲᠠᠯ᠎ᠠ ᠪᠠᠷ ᠳ᠋ᠦᠩᠨᠡᠵᠡᠢ ᠃ ᠢᠯᠠᠩᠭᠤᠶ᠎ᠠ ᠦᠨᠳᠦᠰᠦᠨ ᠱᠠᠲᠤᠨ ᠤ ᠠᠷᠠᠳ ᠤᠨ ᠠᠮᠢᠳᠤᠷᠠᠯ ᠤᠨ ᠬᠦᠷᠢᠶ᠎ᠠ ᠴᠠᠷᠠᠭᠠᠨ ᠳᠤ ᠂ ᠬᠤᠰᠢᠭᠤᠨ ᠤ ᠨᠠᠮ ᠤᠨ ᠬᠤᠷᠢᠶ᠎ᠠ | ᠵᠠᠰᠠᠭ ᠤᠨ ᠣᠷᠳᠣᠨ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠢᠮᠠᠭᠲᠠ ᠪᠠᠷᠢᠮᠲᠠᠯᠠᠵᠤ ᠂ ᠣᠯᠠᠨ ᠲᠦᠮᠡᠨ ᠤ ᠠᠩᠬᠠᠷᠴᠤ | ᠪᠠᠶᠢᠭ᠎ᠠ ᠮᠠᠰᠢ ᠣᠯᠠᠨ ᠪᠣᠳᠠᠲᠠᠢ ᠠᠰᠠᠭᠤᠳᠠᠯ ᠢ ᠦᠨᠡᠨ ᠬᠦ ᠰᠢᠢᠳᠪᠦᠷᠢᠯᠡᠨ ᠂ ᠦᠨᠳᠦᠰᠦᠨ ᠱᠠᠲᠤᠨ ᠤ ᠣᠯᠠᠨ ᠲᠦᠮᠡᠨ ᠳᠤ ᠦᠨᠡᠨ ᠪᠣᠳᠠᠲᠠᠢ ᠬᠦᠷᠲᠡᠮᠵᠢ ᠶᠢᠨ | ᠲᠥᠷᠥᠭᠳᠡᠯ ᠂ ᠵᠣᠯ ᠵᠢᠷᠭᠠᠯᠳᠤ ᠲᠥᠷᠥᠭᠳᠡᠯ ᠢ ᠬᠦᠷᠲᠡᠭᠡᠭᠰᠡᠨ ᠪᠠᠶᠢᠨ᠎ᠠ ᠃ | ᠬᠤᠲᠠ ᠶᠢᠨ ᠲᠡᠭᠦᠷᠭᠡ ᠶᠢᠨ ᠠᠭᠤᠯᠵᠠᠷ ᠭᠠᠵᠠᠷ ᠤᠨ ᠢᠳᠡᠭᠡᠨ ᠤ ᠦᠢᠯᠡᠳᠪᠦᠷᠢᠯᠡᠯ ᠤᠨ ᠦᠢᠯᠡᠳᠬᠡᠯ ᠨᠢ ᠢᠳᠡᠭᠡᠨ ᠤ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠬᠦᠴᠢᠷ ᠣᠷᠣᠨ ᠪᠣᠯᠣᠭᠰᠠᠭᠠᠷ ᠢᠷᠡᠵᠡᠶ ᠂ ᠡᠲᠡᠭᠡᠷ ᠦᠢᠯᠡᠳᠬᠡᠯ ᠤᠨ ᠬᠡᠪᠴᠢᠶ᠎ᠡ ᠨᠢ ᠨᠡᠯᠢᠶᠡᠳ ᠪᠠᠭ᠎ᠠ ᠂ ᠦᠢᠯᠡᠳᠪᠦᠷᠢᠯᠡᠯ ᠤᠨ ᠨᠥᠬᠦᠴᠡᠯ ᠨᠢ | ᠳᠥᠭᠦᠮ ᠪᠦᠳᠦᠭᠦᠯᠢᠭ ᠪᠠᠶᠢᠵᠤ ᠂ ᠢᠳᠡᠭᠡᠨ ᠤ ᠵᠠᠬ᠎ᠠ ᠳᠡᠯᠭᠡᠭᠦᠷ ᠤᠨ ᠬᠡᠪ ᠤᠨ ᠡᠮᠬᠢ ᠳᠢᠭᠯᠢᠮ ᠢ ᠰᠠᠮᠠᠭᠤᠷᠠᠭᠤᠯᠵᠠᠢ ᠃ ᠬᠢᠨᠠᠯᠲᠠ ᠬᠠᠮᠢᠶᠠᠷᠤᠯᠲᠠ ᠶᠢᠨ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠬᠤ ᠂ ᠬᠡᠷᠡᠭᠯᠡᠭᠴᠢᠳ ᠤᠨ ᠦᠵᠡᠯ ᠤᠬᠠᠮᠰᠠᠷ ᠢ ᠳᠡᠭᠡᠭᠰᠢᠯᠡᠭᠦᠯᠬᠦ ᠂ ᠬᠠᠤᠯᠢ ᠶᠣᠰᠣᠨ ᠤ ᠡᠵᠡᠩᠨᠡᠯᠲᠡ ᠶᠢ ᠬᠥᠲᠥᠯᠥᠨ ᠳᠠᠭᠠᠭᠤᠯᠬᠤ | ᠪᠤᠶᠤ ᠬᠡᠯᠪᠡᠷᠢ ᠪᠠᠨ ᠬᠤᠪᠢᠷᠠᠭᠤᠯᠬᠤ ᠂ ᠣᠷᠳᠣ ᠬᠤᠭᠤᠴᠠᠭᠠᠨ ᠤ ᠪᠦᠲᠦᠮᠵᠢᠲᠡᠶ ᠬᠢᠨᠠᠯᠲᠠ ᠲᠠᠯᠪᠢᠬᠤ ᠲᠣᠭᠲᠠᠴᠠ ᠶᠢ ᠪᠠᠶᠢᠭᠤᠯᠬᠤ ᠵᠡᠷᠭᠡ ᠲᠠᠯ᠎ᠠ ᠠᠴᠠ ᠭᠠᠷᠳᠠᠵᠤ ᠂ | ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠦᠨ ᠂ ᠢᠳᠡᠭᠡᠨ ᠤ ᠠᠮᠤᠷ ᠲᠦᠪᠰᠢᠨ ᠤ ᠬᠢᠷᠢ ᠲᠦᠪᠰᠢᠨ ᠢ ᠳᠡᠭᠡᠭᠰᠢᠯᠡᠬᠦᠯᠬᠦ ᠶᠢ ᠰᠠᠨᠠᠭᠤᠯᠪᠠ ᠃ | |