ᠲᠠᠪᠤᠨ ᠵᠦᠢᠯ ᠤᠨ ᠢᠳᠡᠭᠡᠨ ᠢ ᠡᠳᠦᠷ ᠪᠣᠯᠭᠠᠨ ᠢᠳᠡᠵᠦ ᠪᠣᠯᠣᠨ᠎ᠠ
ᠨᠡᠶᠢᠲᠡᠯᠡᠭᠰᠡᠨ ᠴᠠᠭ᠄
2025/3/10
    ᠵᠦᠭᠡᠢ ᠶᠢᠨ ᠪᠠᠯ ᠄ ᠦᠷᠯᠦᠭᠡ ᠪᠦᠷᠢ ᠨᠢᠭᠡ ᠬᠠᠯᠪᠠᠭ᠎ᠠ ᠪᠠᠯ ᠢ ᠢᠳᠡᠪᠡᠯ ᠲᠠᠪᠤᠨ ᠴᠣᠯᠣ ᠶᠢ ᠲᠠᠶᠢᠪᠣᠰᠢᠷᠠᠭᠤᠯᠵᠤ ᠂ ᠡᠪᠡᠳᠬᠦ ᠶᠢ ᠵᠤᠭᠰᠤᠭᠠᠨ ᠬᠤᠤᠷ ᠢ ᠲᠠᠶᠢᠯᠵᠤ ᠴᠢᠳᠠᠨ᠎ᠠ ᠃ ᠪᠠᠯ ᠢ ᠦᠷᠬᠦᠯᠵᠢ ᠢᠳᠡᠪᠡᠯ ᠴᠢᠰᠤᠯ ᠰᠣᠳᠠᠯ ᠬᠠᠲᠠᠭᠤᠷᠠᠬᠤ ᠶᠢ ᠰᠡᠷᠭᠡᠶᠢᠯᠡᠵᠦ ᠴᠢᠳᠠᠨ᠎ᠠ ᠃ ᠤᠷᠲᠤ ᠬᠤᠭᠤᠴᠠᠭ᠎ᠠ ᠢᠳᠡᠪᠡᠯ ᠨᠠᠰᠤᠨ ᠬᠤᠳᠤᠭ ᠢ ᠤᠷᠳᠤᠳᠬᠠᠵᠤ ᠴᠢᠳᠠᠨ᠎ᠠ ᠃     ᠲᠦᠬᠦᠭᠡᠢ ᠭᠠ ᠄ ᠡᠳᠦᠷ ᠪᠦᠷᠢ ᠦᠷᠯᠦᠭᠡ ᠶᠢᠨ ᠬᠤᠭᠤᠯᠠ ᠢᠳᠡᠬᠦ ᠳᠤ ᠪᠠᠨ ᠬᠡᠳᠦᠨ ᠬᠡᠷᠴᠢᠮᠡᠯ ᠲᠦᠬᠦᠬᠡᠢ ᠭᠠ ᠬᠤᠯᠢᠵᠤ ᠢᠳᠡᠪᠡᠯ ᠴᠢᠰᠤᠨ ᠤ ᠡᠷᠬᠢᠯᠲᠡ ᠶᠢ ᠰᠠᠶᠢᠵᠢᠷᠠᠭᠤᠯᠵᠤ ᠂ ᠰᠢᠩᠭᠡᠭᠡᠬᠦ ᠳᠤ ᠲᠤᠰᠠ ᠪᠣᠯᠣᠨ᠎ᠠ ᠃     ᠯᠤᠬᠠᠱᠧᠩ ᠄ ᠯᠤᠬᠠᠱᠧᠩ ᠳᠤ ᠬᠦᠮᠦᠨ ᠤ ᠪᠡᠶ᠎ᠡ ᠳᠤ ᠬᠡᠷᠡᠭᠰᠡᠬᠦ ᠤᠯᠠᠨ ᠵᠦᠢᠯ ᠤᠨ ᠠᠮᠢᠨᠤ᠋ ᠬᠦᠴᠢᠯ ᠪᠠᠶᠢᠳᠠᠭ ᠃ ᠯᠤᠬᠠᠱᠧᠩ ᠢ ᠦᠷᠬᠦᠯᠵᠢ ᠢᠳᠡᠪᠡᠯ ᠴᠡᠭᠡᠵᠢᠯᠡᠬᠦ ᠴᠢᠳᠠᠪᠤᠷᠢ ᠶᠢ ᠰᠠᠶᠢᠵᠢᠷᠠᠭᠤᠯᠵᠤ ᠴᠢᠰᠤᠨ ᠳᠠᠷᠤᠯᠲᠠ ᠶᠢ ᠪᠠᠭᠤᠷᠠᠭᠤᠯᠵᠤ ᠂ ᠦᠲᠡᠯᠬᠦ ᠶᠢ ᠤᠳᠠᠭᠠᠰᠢᠷᠠᠭᠤᠯᠤᠨ᠎ᠠ ᠃     ᠴᠢᠪᠠᠭ᠎ᠠ ᠄ ᠤᠯᠠᠭᠠᠨ ᠴᠢᠪᠠᠭ᠎ᠠ ᠰᠢᠮ᠎ᠡ ᠲᠡᠵᠢᠭᠡᠯ ᠢᠶᠠᠷ ᠡᠯᠪᠡᠭ ᠪᠠᠶᠢᠳᠠᠭ ᠃ ᠰᠢᠬᠢᠷ ᠂ ᠸᠢᠲ᠋ᠠᠮᠢᠨ ᠂ ᠡᠷᠦᠳᠡᠰᠦ ᠨᠡᠯᠢᠶᠡᠳ ᠠᠷᠪᠢᠨ ᠠᠭᠤᠯᠤᠭᠳᠠᠳᠠᠭ ᠃ ᠡᠶᠢᠮᠦ ᠠᠴᠠ ︽ ᠪᠠᠶᠢᠭᠠᠯᠢ ᠶᠢᠨ ᠸᠢᠲ᠋ᠠᠮᠢᠨ ᠦᠷᠡᠯ ︾ ᠭᠡᠵᠦ ᠨᠡᠷᠡᠯᠡᠭᠳᠡᠭᠰᠡᠨ ᠪᠢᠯᠡ ᠃     ᠰᠠᠷᠢᠮᠰᠠᠭ ᠄ ᠰᠠᠷᠢᠮᠰᠠᠭ ᠤᠨ ᠪᠠᠺᠲ᠋ᠧᠷᠢ ᠠᠯᠠᠬᠤ ᠂ ᠦᠮᠡᠨ ᠢ ᠡᠰᠡᠷᠬᠦᠴᠡᠬᠦ ᠦᠢᠯᠡᠳᠦᠯ ᠨᠢ ᠲᠤᠩ ᠴᠢᠩᠭ᠎ᠠ ᠪᠠᠶᠢᠳᠠᠭ ᠂ ᠲᠡᠬᠦᠨ ᠢ ᠬᠦᠮᠦᠰ ︽ ᠭᠠᠵᠠᠷ ᠲᠤ ᠤᠷᠭᠤᠭᠰᠠᠨ ᠬᠦᠬᠡ ᠬᠦᠬᠡᠴᠦ ︾ ︽ ᠪᠠᠶᠢᠭᠠᠯᠢ ᠶᠢᠨ ᠮᠢᠺᠷᠤᠪ ᠡᠰᠡᠷᠭᠦᠴᠡᠬᠦ ᠡᠳ᠋ ︾ ᠭᠡᠳᠡᠭ ᠃ 
ᠢᠷᠡᠯᠲᠡ᠄ ᠬᠤᠯᠪᠤᠭ᠎ᠠ ᠰᠦᠯᠵᠢᠶ᠎ᠡ