ᠬᠤᠲᠠ ᠶᠢᠨ ᠵᠠᠰᠠᠭ ᠤᠨ ᠣᠷᠳᠣᠨ ᠪᠠᠶᠢᠩᠭᠤ ᠶᠢᠨ ᠬᠤᠷᠠᠯ ᠬᠤᠷᠠᠯᠳᠤᠭᠤᠯᠵᠤ ᠢᠦᠢ ᠬᠠᠢ ᠢᠦᠢ ᠬᠤᠷᠠᠯ ᠢ ᠡᠷᠭᠢᠯᠡᠪᠡ
ᠨᠡᠶᠢᠲᠡᠯᠡᠭᠰᠡᠨ ᠴᠠᠭ᠄
2025/3/11
      3 ᠰᠠᠷ᠎ᠠ ᠶᠢᠨ 7 ᠤ ᠡᠳᠦᠷ ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ ᠂ ᠬᠤᠲᠠ ᠶᠢᠨ ᠳᠠᠷᠤᠭ᠎ᠠ ᠢᠦᠢ ᠬᠠᠢ ᠢᠦᠢ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠠᠷᠪᠠᠨ ᠳᠥᠷᠪᠡᠳᠦᠭᠡᠷ ᠬᠤᠭᠤᠴᠠᠭᠠᠨ ᠤ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠭᠤᠷᠪᠠᠳᠤᠭᠠᠷ ᠬᠤᠷᠠᠯᠳᠤᠭᠠᠨ ᠤ ᠵᠢᠶᠠᠩᠰᠤ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ︽ ᠪᠣᠭᠤᠮᠲᠠ ᠰᠢᠪᠲᠤᠯᠬᠤ ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠠᠵᠤ ᠦᠢᠯᠡᠰ ᠪᠠ ᠰᠢᠨ᠎ᠡ ᠶᠢ ᠡᠭᠦᠳᠬᠦ ᠶᠢ ᠠᠭᠤᠰᠤᠯᠴᠠᠭᠤᠯᠬᠤ ᠶᠢ ᠴᠢᠩᠭᠠᠳᠬᠠᠵᠤ ᠂ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠪᠤᠶᠢᠵᠢᠭᠤᠯᠤᠨ ᠪᠤᠵᠠᠭᠠᠶᠢᠷᠠᠭᠤᠯᠬᠤ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠶᠢ ᠭᠦᠨᠵᠡᠭᠡᠶᠢᠷᠡᠭᠦᠯᠵᠦ ᠂ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠲᠠᠰᠤᠷᠠᠯᠲᠠ ᠦᠭᠡᠢ ᠰᠢᠯᠢᠳᠡᠭᠵᠢᠭᠦᠯᠵᠦ ᠂ ᠬᠠᠮᠲᠤᠷᠠᠯᠴᠠᠭᠠᠨ ᠤ ᠣᠷᠣᠨ ᠵᠠᠢ ᠶᠢ ᠥᠷᠭᠡᠳᠬᠡᠬᠦ ᠬᠡᠷᠡᠭᠲᠡᠢ ᠃ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠶᠢ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠡᠢ ᠃ ᠬᠠᠮᠲᠤ ᠪᠠᠷ ᠴᠢᠨᠡᠭᠡᠯᠢᠭᠵᠢᠬᠦ ᠶᠢ ᠠᠬᠢᠭᠤᠯᠵᠤ ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ ᠵᠣᠯ ᠵᠢᠷᠭᠠᠯᠲᠤ ᠲᠥᠷᠥᠭᠳᠡᠯ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠪᠦᠬᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠭᠤᠷᠪᠠᠳᠤᠭᠠᠷ ᠬᠤᠷᠠᠯ ᠳᠤ ᠣᠷᠣᠯᠴᠠᠭᠰᠠᠨ ᠳᠤᠮᠳᠠᠳᠤ ᠤᠯᠤᠰ ᠤᠨ ᠠᠷᠠᠳᠴᠢᠯᠠᠭᠰᠠᠨ ᠬᠤᠯᠪᠣᠭ᠎ᠠ ᠂ ᠠᠷᠠᠳᠴᠢᠯᠠᠯ ᠢᠶᠠᠷ ᠠᠬᠢᠭᠤᠯᠬᠤ ᠬᠤᠷᠠᠯ ᠂ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠬᠢᠨ ᠦᠵᠡᠬᠦ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠰᠢᠯᠢᠳᠡᠭ ᠰᠤᠷᠭᠠᠨ ᠬᠥᠮᠦᠵᠢᠯ ᠢ ᠰᠠᠶᠢᠲᠤᠷ ᠡᠷᠬᠢᠯᠡᠵᠦ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠰᠠᠶᠢᠲᠤᠷ ᠠᠳᠬᠤᠵᠤ ᠂ ᠴᠢᠳᠠᠪᠤᠷᠢᠲᠠᠨ ᠤ ᠪᠠᠲᠤᠯᠠᠭ᠎ᠠ ᠶᠢ ᠴᠢᠩᠭᠠᠳᠬᠠᠵᠤ ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠶᠡᠷᠦᠩᠬᠡᠢ ᠰᠠᠶᠢᠳ ᠯᠢ ᠴᠢᠶᠠᠩ ᠤᠨ ᠬᠢᠭᠰᠡᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠢ ᠰᠤᠳᠤᠯᠵᠤ ᠂ ᠭᠤᠣᠯᠳᠠᠯᠭ᠎ᠠ ᠲᠠᠢ ᠠᠵᠢᠯ ᠢ ᠲᠦᠷᠭᠡᠪᠴᠢᠯᠡᠨ ᠠᠬᠢᠭᠤᠯᠵᠤ ᠂ ᠪᠦᠬᠦ ᠵᠢᠯ ᠤᠨ ᠬᠠᠷᠠᠯᠲᠠ ᠡᠭᠦᠷᠭᠡ ᠪᠠᠨ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠲᠡᠷᠢᠭᠦᠯᠡᠭᠴᠢ ᠸᠠᠩ ᠯᠢ ᠰᠢᠶᠠ ᠶᠢᠨ ᠪᠦᠬᠦ ᠣᠷᠣᠨ ᠤ ᠠᠶᠤᠯᠭᠦᠢ ᠦᠢᠯᠡᠳᠪᠦᠷᠢᠯᠡᠯ ᠪᠣᠯᠣᠨ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠸᠢᠳᠢᠤ᠋ ᠬᠤᠷᠠᠯ ᠳᠡᠭᠡᠷᠡᠬᠢ ᠶᠠᠷᠢᠶᠠᠨ ᠤ ᠵᠣᠷᠢᠭ ᠰᠠᠨᠠᠭ᠎ᠠ ᠂ ᠯᠢ ᠯᠢ ᠱᠦᠵᠢ ᠶᠢᠨ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠪᠠ ᠃ ᠠᠶᠤᠯᠭᠦᠢ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠪᠣᠯᠣᠨ ᠣᠨᠴᠠᠭᠠᠢ ᠠᠵᠢᠯ ᠲᠦᠷᠦᠯ ᠤᠨ ᠬᠦᠷᠢᠶ᠎ᠡ ᠴᠠᠷᠠᠭ᠎ᠠ ᠶᠢᠨ ᠲᠤᠰᠬᠠᠢ ᠵᠠᠰᠠᠯᠲᠠ ᠶᠢᠨ ᠠᠵᠢᠯ ᠢ ᠰᠤᠳᠤᠯᠤᠨ ᠪᠠᠶᠢᠷᠢᠯᠠᠭᠤᠯᠵᠤ ᠂ ᠣᠨ ᠤ ᠬᠠᠷᠠᠯᠲᠠ ᠡᠭᠦᠷᠭᠡ ᠶᠢ ᠨᠠᠷᠢᠨ ᠨᠠᠶᠢᠳᠠᠪᠤᠷᠢᠵᠢᠭᠤᠯᠬᠤ ᠶᠢ ᠴᠢᠬᠤᠯᠠᠴᠢᠯᠠᠵᠤ ᠂ ︽ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ︾ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ ᠦᠢᠯᠡᠳᠪᠦᠷᠢᠯᠡᠯ ᠤᠨ ᠡᠯ᠎ᠡ ᠵᠦᠢᠯ ᠤᠨ ᠠᠵᠢᠯ ᠢ ᠰᠠᠶᠢᠲᠤᠷ ᠠᠳᠬᠤᠵᠤ ᠂ ᠪᠦᠬᠦ ᠬᠤᠳᠠ ᠶᠢᠨ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ ᠬᠤᠷᠠᠯ ᠠᠴᠠ ᠪᠠᠰᠠ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠣᠨ ᠴᠢᠨᠠᠷ ᠰᠠᠶᠢᠲᠠᠢ ᠬᠥᠭᠵᠢᠯᠲᠡ ᠂ ᠵᠡᠮᠳᠡᠭᠴᠦᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠤᠴᠢᠷ ᠶᠠᠪᠤᠳᠠᠯ ᠢ ᠰᠤᠳᠤᠯᠪᠠ ᠃    
ᠢᠷᠡᠯᠲᠡ᠄ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠶᠠᠪᠤᠳᠠᠯ ᠤᠨ ᠮᠣᠩᠭᠤᠯ ᠬᠡᠯᠡᠨ ᠤ ᠰᠦᠯᠵᠢᠶ᠎ᠡ