| ᠴᠢᠳᠠᠪᠤᠷᠢᠲᠠᠨ ᠪᠣᠯ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠨᠢᠭᠡᠳᠦᠭᠡᠷ ᠡᠬᠢ ᠪᠠᠶᠠᠯᠢᠭ ᠮᠥᠨ᠂ ᠪᠠᠰᠠ ᠴᠤ ᠰᠢᠨᠵᠢᠯᠡᠬᠦ ᠤᠬᠠᠭᠠᠨ | ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ ᠭᠤᠣᠯᠯᠠᠬᠤ ᠬᠥᠳᠡᠯᠭᠡᠭᠴᠢ ᠬᠦᠴᠦᠨ ᠮᠥᠨ᠃ ᠣᠶᠢᠷ᠎ᠠ ᠶᠢᠨ ᠵᠢᠯ ᠠᠴᠠ ᠨᠠᠭᠠᠰᠢ ᠂ ᠵᠡᠭᠦᠨᠭᠠᠷ ᠬᠤᠰᠢᠭᠤ ᠶᠡᠭᠡ | ᠳᠡᠭᠡᠳᠦ ᠰᠤᠷᠭᠠᠭᠤᠯᠢ ᠲᠠᠢ ᠭᠦᠨᠵᠡᠭᠡᠢ ᠬᠠᠮᠲᠤᠷᠠᠯᠴᠠᠭ᠎ᠠ ᠥᠷᠨᠢᠭᠦᠯᠵᠦ ᠂ ᠠᠵᠤ ᠦᠢᠯᠡᠰ ᠤᠨ ᠰᠢᠨ᠎ᠡ ᠶᠢ ᠡᠭᠦᠳᠴᠦ ᠰᠤᠳᠤᠯᠤᠨ ᠨᠡᠭᠡᠭᠡᠬᠦ ᠶᠢ ᠭᠠᠷ ᠬᠤᠯᠪᠣᠨ | ᠠᠬᠢᠭᠤᠯᠵᠤ ᠂ ᠴᠢᠳᠠᠪᠤᠷᠢᠲᠠᠨ ᠤ ︽ ᠬᠤᠷᠠᠮᠳᠤᠯ︾ ᠢ ᠪᠦᠬᠦ ᠲᠠᠯ᠎ᠠ ᠪᠠᠷ ᠠᠮᠢᠯᠠᠭᠤᠯᠵᠤ ᠂ ᠴᠢᠨᠠᠷ ᠰᠠᠶᠢᠲᠠᠢ ᠬᠥᠭᠵᠢᠯᠲᠡ ᠳᠤ ᠲᠠᠰᠤᠷᠠᠯᠳᠡ ᠦᠭᠡᠢ ᠠᠮᠢᠵᠢᠷᠠᠯ ᠤᠨ | ᠬᠦᠴᠦᠨ ᠪᠠ ᠬᠥᠳᠡᠯᠭᠡᠬᠦ ᠬᠦᠴᠦᠨ ᠨᠡᠮᠡᠷᠢᠯᠡᠵᠡᠢ ᠃ | | | | ᠥᠪᠥᠷ ᠮᠣᠩᠭᠤᠯ ᠤᠨ ᠢ ᠳ᠋ᠦᠩ ᠳ᠋ᠦᠩ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠂ ᠡᠯ᠎ᠡ ᠶᠡᠭᠡ ᠳᠡᠭᠡᠳᠦ | ᠰᠤᠷᠭᠠᠭᠤᠯᠢ ᠠᠴᠠ ᠬᠦᠷᠤᠯᠴᠡᠨ ᠢᠷᠡᠭᠰᠡᠨ ᠰᠤᠳᠤᠯᠤᠨ ᠨᠡᠭᠡᠭᠡᠬᠦ ᠠᠵᠢᠯᠲᠠᠨ ᠵᠢᠴᠢ ᠰᠤᠷᠭᠠᠭᠤᠯᠢ ᠳᠤ ᠪᠠᠶᠢᠭ᠎ᠠ ᠠᠰᠫᠢᠷᠠᠨᠲ ᠲᠤᠷᠰᠢᠯᠲᠠ ᠶᠢᠨ ᠲᠠᠰᠤᠭ ᠢᠶᠠᠷ | ᠲᠠᠷᠬᠠᠵᠤ ᠂ ᠰᠢᠨ᠎ᠡ ᠨᠢᠭᠡ ᠡᠭᠡᠯᠵᠢ ᠶᠢᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠲᠦᠷᠦᠯ ᠵᠦᠢᠯ ᠢ ᠰᠤᠳᠤᠯᠤᠨ ᠨᠡᠭᠡᠭᠡᠵᠦ ᠪᠠᠶᠢᠯ᠎ᠠ᠃ | ᠸᠠᠩ ᠶᠠᠩ ᠪᠣᠯ ᠲᠠᠶᠢᠶᠦᠸᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠶᠢᠨ ᠬᠢᠮᠢ ᠶᠢᠨ ᠢᠨᠵᠧᠨᠧᠷᠢᠩ ᠤᠨ ᠲᠤᠰᠬᠠᠢ ᠮᠡᠷᠭᠡᠵᠢᠯ ᠢᠶᠠᠷ | ᠰᠤᠷᠤᠯᠴᠠᠵᠤ ᠪᠠᠶᠢᠭ᠎ᠠ ᠨᠢᠭᠡᠨ ᠠᠰᠫᠢᠷᠠᠨᠲ ᠪᠣᠯᠣᠨ᠎ᠠ᠂ 2024 ᠣᠨ ᠳᠤ ᠂ ᠰᠤᠷᠭᠠᠭᠤᠯᠢ ᠶᠢᠨ ᠤᠨᠤᠯ ᠤᠨ ᠮᠡᠳᠡᠯᠭᠡ ᠶᠢᠨ ᠰᠤᠷᠤᠯᠴᠠᠯᠭ᠎ᠠ ᠪᠠᠨ ᠳᠠᠭᠤᠰᠬᠠᠭᠰᠠᠨ ᠤ | ᠳᠠᠷᠠᠭ᠎ᠠ᠂ ᠲᠡᠷᠡ ᠵᠢᠯᠣᠭᠤᠳᠤᠭᠴᠢ ᠪᠠᠭᠰᠢ ᠪᠠᠨ ᠲᠠᠭᠠᠵᠦ ᠥᠪᠥᠷ ᠮᠣᠩᠭᠤᠯ ᠤᠨ ᠢ ᠳ᠋ᠦᠩ ᠳ᠋ᠦᠩ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ | ᠺᠣᠮᠫᠠᠨᠢ ᠳᠤ ᠬᠦᠷᠴᠦ ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠵᠡᠷᠭᠡ ᠰᠢᠨ᠎ᠡ ᠶᠢ ᠡᠭᠦᠳᠬᠦ ᠲᠦᠷᠦᠯ ᠵᠦᠢᠯ ᠢ ᠰᠤᠳᠤᠯᠤᠨ ᠨᠡᠭᠡᠭᠡᠬᠦ ᠳᠤ ᠣᠷᠣᠯᠴᠠᠪᠠ᠃ | ᠨᠢᠭᠡ ᠵᠢᠯ ᠤᠨ ᠲᠤᠷᠰᠢ ᠂ ᠲᠡᠷᠡ ᠰᠤᠷᠤᠯᠴᠠᠵᠤ ᠪᠠᠶᠢᠭ᠎ᠠ ᠰᠤᠷᠭᠠᠭᠤᠯᠢ ᠠᠴᠠ ᠪᠠᠨ ᠠᠵᠤ ᠠᠬᠤᠶᠢᠯᠠᠯ ᠳᠤ ᠰᠢᠯᠵᠢᠵᠦ ᠂ ᠨᠢᠭᠡᠳᠦᠭᠡᠷ ᠹᠷᠣᠨᠲ ᠲᠤ ᠲᠠᠰᠤᠷᠠᠯᠳᠡ ᠦᠭᠡᠢ | ᠭᠦᠨᠵᠡᠭᠡᠶᠢᠷᠡᠵᠦ ᠂ ᠦᠢᠯᠡᠳᠦᠯᠭᠡ ᠶᠢᠨ ᠴᠢᠳᠠᠪᠤᠷᠢ ᠪᠠᠨ ᠪᠦᠬᠦ ᠲᠠᠯ᠎ᠠ ᠪᠠᠷ ᠳᠡᠭᠡᠭᠰᠢᠯᠡᠭᠦᠯᠵᠤ ᠪᠤᠢ ᠃ | ︽ᠰᠤᠷᠭᠠᠭᠤᠯᠢ ᠪᠣᠯᠣᠨ ᠠᠵᠤ ᠠᠬᠤᠶᠢᠯᠠᠯ ᠬᠠᠮᠲᠤᠷᠠᠨ ᠪᠣᠯᠪᠠᠰᠤᠷᠠᠭᠤᠯᠬᠤ ᠬᠡᠯᠪᠡᠷᠢ ᠪᠠᠷ ᠳᠠᠮᠵᠢᠨ ᠢ ᠳ᠋ᠦᠩ ᠳ᠋ᠦᠩ ᠰᠤᠳᠤᠯᠭᠠᠨ ᠤ ᠺᠣᠮᠫᠠᠨᠢ ᠳᠤ ᠢᠷᠡᠭᠰᠡᠨ ᠤ | ᠳᠠᠷᠠᠭ᠎ᠠ ᠂ ᠨᠢᠭᠡ ᠪᠦᠯᠦᠭ PPT ᠲᠤᠰᠠᠯᠠᠭᠴᠢ ᠡᠳ᠋ ᠵᠢᠴᠢ ᠡᠷᠳᠡᠨᠢ ᠰᠢᠰᠢ ᠶᠢᠨ ᠤᠰᠤᠨ ᠪᠣᠷᠳᠣᠭᠤᠷ ᠵᠡᠷᠭᠡ ᠠᠯᠢ ᠣᠯᠠᠨ ᠰᠢᠨᠵᠢᠯᠡᠬᠦ ᠤᠬᠠᠭᠠᠨ ᠮᠡᠷᠭᠡᠵᠢᠯ ᠤᠨ | ᠦᠷ᠎ᠡ ᠪᠦᠲᠦᠭᠡᠯ ᠢ ᠬᠤᠪᠢᠷᠠᠭᠤᠯᠬᠤ ᠳᠦᠷᠤᠯ ᠵᠤᠶᠢᠯ ᠳᠤ ᠣᠷᠣᠯᠴᠠᠪᠠ ᠂ ᠡᠨᠡ ᠨᠢᠭᠡ ᠵᠢᠯ ᠤᠨ ᠰᠤᠷᠤᠯᠴᠠᠯᠭ᠎ᠠ ᠪᠠᠷ ᠳᠡᠮᠵᠢᠨ ᠂ ᠮᠢᠨᠤ ᠪᠡᠶ᠎ᠡ ᠪᠠᠨ ᠳᠠᠭᠠᠭᠠᠵᠤ | ᠰᠤᠷᠤᠯᠴᠠᠬᠤ ᠴᠢᠳᠠᠪᠤᠷᠢ ᠶᠢ ᠳᠠᠪᠲᠠᠨ ᠪᠣᠯᠪᠠᠰᠤᠷᠠᠭᠤᠯᠤᠭᠰᠠᠨ ᠢᠶᠠᠷ ᠦᠯᠤ ᠪᠠᠷᠠᠨ ᠂ ᠪᠠᠰᠠ ᠤᠷᠢᠳᠴᠢᠯᠠᠨ ᠨᠡᠶᠢᠭᠡᠮ ᠳᠡᠭᠡᠷ᠎ᠠ ᠭᠠᠷᠴᠤ ᠂ ᠠᠵᠤ ᠠᠬᠤᠶᠢᠯᠠᠯ ᠲᠠᠢ | ᠣᠶᠢᠷᠠᠲᠤᠨ ᠂ ᠮᠠᠰᠢ ᠲᠦᠷᠭᠡᠨ ᠢᠶᠠᠷ ᠦᠰᠦᠨ ᠪᠣᠶᠢᠵᠢᠭᠰᠠᠨ ᠪᠠᠶᠢᠨ᠎ᠠ ︾ ᠭᠡᠵᠦ ᠸᠠᠩ ᠶᠠᠩ ᠢᠯᠡᠳᠬᠡᠨ᠎ᠠ ᠃ | ᠸᠠᠩ ᠶᠠᠩ ᠲᠠᠢ ᠬᠠᠮᠲᠤ ᠢ ᠳ᠋ᠦᠩ ᠳ᠋ᠦᠩ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠳᠤ ᠢᠷᠡᠭᠰᠡᠳ ᠤᠨ ᠳᠤᠳᠤᠷ᠎ᠠ ᠥᠪᠥᠷ | ᠮᠣᠩᠭᠤᠯ ᠤᠨ ᠶᠡᠭᠡ ᠰᠤᠷᠭᠠᠭᠤᠯᠢ ᠶᠢᠨ ᠮᠠᠲ᠋ᠧᠷᠢᠶᠠᠯ ᠪᠣᠯᠣᠨ ᠬᠢᠮᠢ ᠶᠢᠨ ᠠᠵᠤ ᠦᠢᠯᠡᠳᠪᠦᠷᠢ ᠶᠢᠨ ᠲᠤᠰᠬᠠᠢ ᠮᠡᠷᠭᠡᠵᠢᠯ ᠤᠨ ᠠᠰᠫᠢᠷᠠᠨᠲ ᠬᠦ᠋ ᠶᠦᠨ ᠺᠠᠢ ᠪᠤᠢ ᠂ | ᠲᠡᠭᠦᠨ ᠤ ᠣᠷᠣᠯᠴᠠᠵᠤ ᠪᠠᠶᠢᠭ᠎ᠠ ᠤᠰᠤ ᠨᠡᠭᠦᠷᠡᠰᠦᠨ ᠡᠭᠡᠳᠡᠩ ᠤᠨ ᠨᠡᠮᠡᠯᠲᠡ ᠡᠳ᠋ ᠤᠨ ᠲᠦᠷᠦᠯ ᠵᠦᠢᠯ ᠢ ᠨᠢᠭᠡᠨᠲᠡ ᠤᠷᠤᠭᠰᠢᠲᠠᠢ ᠪᠠᠷ ᠤᠯᠠᠷᠢᠭᠤᠯᠤᠨ | ᠤᠷᠤᠨᠵᠢᠭᠤᠯᠵᠠᠢ ᠃ ᠰᠤᠷᠭᠠᠭᠤᠯᠢ ᠶᠢᠨ ᠬᠦᠷᠢᠶᠡᠨ ᠠᠴᠠ ᠭᠠᠷᠴᠤ ᠂ ᠠᠵᠤ ᠠᠬᠤᠶᠢᠯᠠᠯ ᠳᠤ ᠬᠦᠷᠴᠦ ᠢᠷᠡᠭᠡᠳ᠂ ᠨᠢᠭᠡᠨ ᠲᠦᠷᠦᠯ ᠵᠦᠢᠯ ᠢ ᠰᠤᠳᠤᠯᠤᠨ ᠨᠡᠭᠡᠭᠡᠬᠦ ᠠᠴᠠ | ᠪᠣᠳᠠᠲᠠᠢ ᠪᠠᠷ ᠤᠷᠤᠨᠵᠢᠭᠤᠯᠤᠨ ᠦᠢᠯᠡᠳᠪᠦᠷᠢᠯᠡᠬᠦ ᠬᠦᠷᠲᠡᠯᠡᠬᠢ ᠪᠦᠬᠦ ᠶᠠᠪᠤᠴᠠ ᠶᠢ ᠪᠡᠶ᠎ᠡ ᠪᠠᠷ ᠢᠶᠠᠨ ᠥᠩᠭᠡᠷᠡᠭᠦᠯᠵᠦ ᠂ ᠣᠬᠤᠷᠬᠠᠨ ᠬᠠᠭᠠᠰ ᠵᠢᠯ ᠤᠨ | ᠰᠤᠷᠤᠯᠴᠠᠯᠭ᠎ᠠ ᠶᠢᠨ ᠥᠩᠭᠡᠷᠡᠯᠲᠡ ᠨᠢ ᠡᠨᠡᠬᠦ ᠬᠤᠶᠠᠷ ᠮᠢᠩᠭᠠᠨ ᠣᠨ ᠠᠴᠠ ᠰᠡᠬᠦᠯᠡᠷ ᠳᠦᠷᠦᠭᠰᠡᠨ ᠵᠠᠯᠠᠭᠤ ᠶᠢ ᠭᠠᠨᠵᠤᠭ᠎ᠠ ᠳᠦᠭᠦᠷᠡᠩ ᠠᠮᠵᠢᠯᠳᠠ ᠲᠠᠢ ᠪᠤᠯᠭᠠᠵᠠᠢ ᠃ | ︽ᠬᠠᠭᠠᠰ ᠵᠢᠯ ᠤᠨ ᠬᠤᠭᠤᠴᠠᠭᠠᠨ ᠤ ᠰᠤᠳᠤᠯᠭᠠᠨ ᠰᠤᠷᠤᠯᠴᠠᠯᠭ᠎ᠠ ᠪᠠᠷ ᠳᠡᠮᠵᠢᠨ ᠂ ᠤᠶᠢᠯᠡᠳᠪᠤᠷᠢᠯᠡᠯ ᠵᠢᠭᠠᠨ ᠰᠤᠷᠭᠠᠯᠳᠠ ᠰᠤᠳᠤᠯᠭᠠᠨ ᠭᠡᠷᠡᠭᠯᠡᠭᠡᠨ ᠢ ᠨᠢᠭᠡ | ᠴᠣᠭᠴᠠᠵᠢᠭᠤᠯᠤᠭᠰᠠᠨ ᠠᠴᠠ ᠪᠣᠯᠤᠭᠰᠠᠨ ᠰᠠᠶᠢᠨ ᠲᠠᠯ᠎ᠠ ᠶᠢ ᠭᠦᠨᠵᠡᠭᠡᠢ ᠣᠶᠢᠯᠠᠭᠠᠵᠤ ᠮᠡᠳᠡᠭᠰᠡᠨ ᠪᠠᠶᠢᠨ᠎ᠠ ᠂ ᠮᠢᠨᠤ ᠬᠤᠪᠢ ᠬᠥᠮᠥᠨ ᠤ ᠲᠠᠯ᠎ᠠ ᠠᠴᠠ ᠠᠪᠴᠤ ᠬᠡᠯᠡᠪᠡᠯ ᠂ | ᠰᠢᠨᠵᠢᠯᠡᠬᠦ ᠤᠬᠠᠭᠠᠨ ᠤ ᠰᠤᠳᠤᠯᠭᠠᠨ ᠤ ᠴᠢᠳᠠᠪᠤᠷᠢ ᠶᠢᠨ ᠳᠡᠭᠡᠭᠰᠢᠯᠡᠯᠲᠡ ᠲᠡᠳᠦᠢ ᠪᠢᠰᠢ ᠂ ᠬᠤᠶᠢᠰᠢᠳᠠ ᠶᠢᠨ ᠠᠵᠢᠯ ᠳᠤ ᠣᠷᠣᠯᠴᠠᠬᠤ ᠳᠤ ᠴᠤ ᠡᠷᠬᠢᠮ ᠨᠠᠨᠳᠢᠨ | ᠦᠢᠯᠡᠳᠦᠯᠭᠡ ᠶᠢᠨ ᠲᠤᠷᠰᠢᠯᠭ᠎ᠠ ᠬᠠᠩᠭᠠᠭᠰᠠᠨ ᠪᠠᠶᠢᠨ᠎ᠠ ︾ ᠭᠡᠵᠦ ᠬᠥ᠋ ᠶᠦᠨ ᠺᠠᠢ ᠶᠠᠷᠢᠨ᠎ᠠ ᠃ | ᠥᠪᠥᠷ ᠮᠣᠩᠭᠤᠯ ᠤᠨ ᠢ ᠳ᠋ᠦᠩ ᠳ᠋ᠦᠩ ᠰᠤᠳᠤᠯᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠤ ᠺᠣᠮᠫᠠᠨᠢ ᠪᠣᠯ ᠨᠡᠭᠦᠷᠡᠰᠦ ᠬᠢᠮᠢ ᠶᠢᠨ ᠠᠵᠤ | ᠦᠢᠯᠡᠳᠪᠦᠷᠢ ᠶᠢᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠮᠡᠷᠭᠡᠵᠢᠯ ᠢ ᠰᠤᠳᠤᠯᠤᠨ ᠨᠡᠭᠡᠭᠡᠬᠦ ᠪᠠᠷ ᠭᠤᠣᠯ ᠪᠣᠯᠭᠠᠭᠰᠠᠨ ᠰᠢᠨᠵᠢᠯᠡᠬᠦ ᠤᠬᠠᠭᠠᠨ ᠮᠡᠷᠭᠡᠵᠢᠯ ᠤᠨ | ᠰᠢᠨ᠎ᠡ ᠶᠢ ᠡᠭᠦᠳᠬᠦ ᠬᠡᠯᠪᠡᠷᠢ ᠶᠢᠨ ᠨᠢᠭᠡᠨ ᠠᠵᠤ ᠠᠬᠤᠶᠢᠯᠠᠯ ᠪᠣᠯᠣᠨ᠎ᠠ᠃ 2023 ᠣᠨ ᠤ 9 ᠰᠠᠷ᠎ᠠ ᠳᠤ ᠂ ᠺᠣᠮᠫᠠᠨᠢ ᠨᠢ ᠳᠤᠮᠳᠠᠳᠤ ᠤᠯᠤᠰ ᠤᠨ ᠰᠢᠨᠵᠢᠯᠡᠬᠦ | ᠤᠬᠠᠭᠠᠨ ᠤ ᠬᠦᠷᠢᠶᠡᠯᠡᠩ ᠤᠨ ᠱᠠᠨ ᠰᠢ ᠶᠢᠨ ᠨᠡᠭᠦᠷᠡᠰᠦᠨ ᠤ ᠬᠢᠮᠢ ᠶᠢᠨ ᠰᠤᠳᠤᠯᠭᠠᠨ ᠤ ᠭᠠᠵᠠᠷ ᠂ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠳ᠋ᠠᠯᠢᠶᠠᠨ ᠤ ᠬᠢᠮᠢ ᠹᠢᠽᠢᠺ ᠤᠨ ᠰᠤᠳᠤᠯᠭᠠᠨ ᠤ ᠭᠠᠵᠠᠷ ᠂ ᠲᠠᠶᠢᠶᠦᠸᠠᠨ ᠤ ᠪᠠᠶᠢᠭᠠᠯᠢ ᠶᠢᠨ ᠰᠢᠨᠵᠢᠯᠡᠬᠦ ᠤᠬᠠᠭᠠᠨ ᠤ ᠶᠡᠭᠡ ᠰᠤᠷᠭᠠᠭᠤᠯᠢ ᠵᠡᠷᠭᠡ 8 ᠰᠢᠨᠵᠢᠯᠡᠬᠦ | ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠵᠢᠴᠢ ᠶᠡᠭᠡ ᠳᠡᠭᠡᠳᠦ ᠰᠤᠷᠭᠠᠭᠤᠯᠢ ᠲᠠᠢ ᠬᠠᠮᠳᠤᠷᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠵᠢᠴᠢ | ᠨᠡᠭᠦᠷᠡᠰᠦ ᠪᠠᠷ ᠰᠠᠭᠤᠷᠢ ᠪᠣᠯᠭᠠᠭᠰᠠᠨ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠮᠡᠷᠭᠡᠵᠢᠯ ᠤᠨ ᠰᠢᠨ᠎ᠡ ᠶᠢ ᠡᠭᠦᠳᠬᠦ ᠬᠤᠯᠪᠣᠭ᠎ᠠ ᠶᠢ ᠫᠠᠶᠢᠰᠠ ᠡᠯᠭᠦᠨ ᠪᠠᠶᠢᠭᠤᠯᠪᠠ᠃ | | | | ᠨᠢᠭᠡ ᠵᠢᠯ ᠭᠠᠷᠤᠢ ᠶᠢᠨ ᠲᠤᠷᠰᠢ᠂ ᠰᠤᠷᠭᠠᠭᠤᠯᠢ ᠪᠤᠯᠤᠨ ᠠᠵᠤ ᠠᠬᠤᠶᠢᠯᠠᠯ ᠤᠨ ᠡᠯ᠎ᠡ ᠲᠠᠯ᠎ᠠ ᠶᠢᠨ ᠬᠢᠨ ᠰᠢᠨᠵᠢᠯᠡᠬᠦ ᠤᠬᠠᠭᠠᠨ ᠤ ᠰᠤᠳᠤᠯᠭᠠᠨ ᠤ ᠦᠷ᠎ᠡ | ᠪᠦᠲᠦᠭᠡᠯ ᠢ ᠬᠤᠪᠢᠷᠠᠭᠤᠯᠬᠤ ᠂ ᠰᠤᠳᠤᠯᠤᠨ ᠨᠡᠭᠡᠭᠡᠬᠦ ᠲᠠᠪᠴᠠᠩ ᠢ ᠪᠠᠶᠢᠭᠤᠯᠬᠤ ᠂ ᠰᠢᠨᠵᠢᠯᠡᠬᠦ ᠤᠬᠠᠭᠠᠨ ᠮᠡᠷᠭᠡᠵᠢᠯ ᠴᠢᠳᠠᠪᠤᠷᠢᠲᠠᠨ ᠢ ᠣᠷᠣᠭᠤᠯᠤᠨ ᠠᠪᠴᠢᠷᠠᠬᠤ | ᠵᠡᠷᠭᠡ ᠲᠠᠯ᠎ᠠ ᠪᠠᠷ ᠪᠣᠳᠠᠲᠠᠢ ᠶᠢ ᠡᠷᠬᠢᠮᠯᠡᠭᠰᠡᠨ ᠬᠠᠮᠲᠤᠷᠠᠯᠴᠠᠭ᠎ᠠ ᠥᠷᠨᠢᠭᠦᠯᠵᠡᠢ᠃ ᠡᠯ᠎ᠡ ᠶᠡᠭᠡ ᠳᠡᠭᠡᠳᠦ ᠰᠤᠷᠭᠠᠭᠤᠯᠢ ᠴᠤ ᠰᠢᠯᠢᠳᠡᠭ ᠠᠰᠫᠢᠷᠠᠨᠲ ᠢ ᠰᠣᠩᠭᠤᠨ | ᠲᠣᠮᠢᠯᠠᠵᠤ ᠠᠵᠤ ᠠᠬᠤᠶᠢᠯᠠᠯ ᠳᠤ ᠰᠠᠭᠤᠯᠭᠠᠵᠤ ᠂ ᠰᠤᠷᠭᠠᠭᠤᠯᠢ ᠪᠠ ᠠᠵᠤ ᠠᠬᠤᠶᠢᠯᠠᠯ ᠤᠨ ᠬᠠᠮᠲᠤᠷᠠᠨ ᠬᠦᠮᠤᠵᠢᠬᠦᠯᠬᠦ ᠠᠷᠭ᠎ᠠ ᠮᠠᠶ᠋ᠢᠭ ᠢᠶᠠᠷ ᠳᠠᠮᠵᠢᠭᠤᠯᠤᠨ | ᠰᠣᠷᠣᠭᠴᠢ ᠶᠢᠨ ᠢᠨᠵᠧᠨᠧᠷᠢᠩ ᠤᠨ ᠦᠢᠯᠡᠳᠦᠯᠭᠡ ᠶᠢᠨ ᠴᠢᠳᠠᠪᠤᠷᠢ ᠪᠠ ᠨᠡᠭᠡᠭᠡᠨ ᠬᠥᠭᠵᠢᠭᠦᠯᠵᠦ ᠡᠭᠦᠳᠦᠨ ᠪᠦᠲᠦᠭᠡᠬᠦ ᠴᠢᠳᠠᠪᠤᠷᠢ ᠶᠢ ᠪᠥᠬᠦ ᠲᠠᠯ᠎ᠠ ᠪᠠᠷ | ᠳᠡᠭᠡᠭᠰᠢᠯᠡᠭᠦᠯᠵᠦ ᠂ ᠠᠵᠤ ᠠᠬᠤᠶᠢᠯᠠᠯ ᠳᠤ ᠴᠢᠳᠠᠪᠤᠷᠢᠲᠠᠨ ᠤ ᠬᠠᠩᠭᠠᠯᠭ᠎ᠠ ᠶᠢ ᠭᠦᠢᠴᠡᠳ ᠬᠠᠩᠭᠠᠵᠤ ᠪᠠᠶᠢᠨ᠎ᠠ ᠃ | ︽ᠨᠢᠭᠡ ᠲᠠᠯ᠎ᠠ ᠪᠠᠷ ᠪᠢᠳᠠ ᠦᠢᠯᠡᠳᠦᠯᠭᠡ ᠶᠢᠨ ᠲᠠᠪᠴᠠᠩ ᠢ ᠪᠠᠶᠢᠭᠤᠯᠵᠤ ᠂ ᠡᠯ᠎ᠡ ᠶᠡᠭᠡ ᠳᠡᠭᠡᠳᠦ ᠰᠤᠷᠭᠠᠭᠤᠯᠢ ᠶᠢᠨ ᠰᠢᠯᠢᠳᠡᠭ ᠠᠰᠫᠢᠷᠠᠨᠲ ᠢ ᠠᠵᠤ | ᠠᠬᠤᠶᠢᠯᠠᠯ ᠳᠤ ᠰᠣᠩᠭᠤᠨ ᠲᠣᠮᠢᠯᠠᠵᠤ ᠲᠦᠷᠦᠯ ᠵᠦᠢᠯ ᠢ ᠰᠤᠳᠤᠯᠤᠨ ᠨᠡᠭᠡᠭᠡᠬᠦ ᠳᠤ ᠣᠷᠣᠯᠴᠠᠭᠤᠯᠤᠭᠰᠠᠨ ᠪᠥᠭᠡᠳ ᠮᠠᠨ ᠤ ᠠᠵᠤ ᠠᠬᠤᠶᠢᠯᠠᠯ ᠳᠤ ᠴᠤ ᠰᠢᠯᠢᠳᠡᠭ | ᠴᠢᠳᠠᠪᠤᠷᠢᠲᠠᠨ ᠢ ᠬᠦᠷᠭᠡᠵᠦ ᠥᠭᠴᠡᠢ ︔ ᠨᠥᠭᠦᠭᠡ ᠲᠠᠯ᠎ᠠ ᠪᠠᠷ ᠳᠡᠭᠡᠳᠦ ᠰᠤᠷᠭᠠᠭᠤᠯᠢ ᠶᠢᠨ ᠲᠤᠰᠬᠠᠢ ᠮᠡᠷᠭᠡᠵᠢᠯᠲᠡᠨ ᠤ ᠵᠢᠯᠣᠭᠤᠳᠤᠭᠴᠢ ᠪᠠᠭᠰᠢ ᠪᠡᠶ᠎ᠡ ᠪᠠᠷ ᠢᠶᠠᠨ | ᠲᠤᠬᠠᠢ ᠶᠢᠨ ᠲᠠᠯᠠᠪᠤᠷ ᠲᠤ ᠬᠦᠷᠴᠦ ᠂ ᠮᠠᠨ ᠤ ᠠᠵᠢᠯᠲᠠᠨ ᠠᠵᠢᠯᠴᠢᠨ ᠢ ᠬᠥᠮᠥᠵᠢᠭᠦᠯᠦᠭᠰᠡᠨ ᠪᠠᠶᠢᠨ᠎ᠠ᠃ ᠡᠶᠢᠮᠦᠷᠬᠦ ᠬᠤᠣᠰ ᠴᠢᠭᠯᠡᠯ ᠢᠶᠠᠷ ᠤᠷᠤᠭᠰᠢᠯᠠᠨ ᠲᠠᠪᠰᠢᠬᠤ | ᠬᠠᠮᠲᠤᠷᠠᠯᠴᠠᠭᠠᠨ ᠤ ᠵᠠᠭᠪᠤᠷ ᠨᠢ ᠮᠠᠨ ᠤ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ ᠶᠢᠨ ᠴᠢᠳᠠᠪᠤᠷᠢᠲᠠᠨ ᠢ ᠬᠥᠮᠥᠵᠢᠭᠦᠯᠬᠦ ᠠᠵᠢᠯ ᠳᠤ ᠪᠠᠲᠤ ᠪᠠᠬᠢ | ᠰᠠᠭᠤᠷᠢ ᠶᠢ ᠲᠠᠯᠪᠢᠵᠤ ᠥᠭᠴᠡᠢ᠃ ᠣᠳᠣᠬᠠᠨ ᠳᠤ ᠡᠯ᠎ᠡ ᠶᠡᠭᠡ ᠳᠡᠭᠡᠳᠦ ᠰᠤᠷᠭᠠᠭᠤᠯᠢ ᠠᠴᠠ ᠨᠡᠶᠢᠲᠡ 20 ᠠᠰᠫᠢᠷᠠᠨᠲ ᠲᠣᠮᠢᠯᠠᠵᠤ ᠂ ᠲᠡᠳᠡᠨ ᠤ ᠣᠷᠣᠯᠴᠠᠭᠰᠠᠨ ᠨᠢ | ︽ ᠪᠠᠷᠰ ᠲᠤ ᠵᠢᠭᠦᠷ ᠤᠷᠭᠤᠭᠤᠯᠤᠭᠰᠠᠨ ᠮᠡᠲᠦ︾ ᠪᠠᠶᠢᠵᠤ ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠲᠤᠷᠰᠢᠯᠲᠠ ᠶᠢᠨ ᠲᠠᠰᠤᠭ | ᠠᠴᠠ ᠭᠠᠷᠭᠠᠵᠤ ᠂ ᠤᠷᠤᠭᠰᠢᠲᠠᠢ ᠪᠠᠷ ᠤᠯᠠᠷᠢᠭᠤᠯᠤᠨ ᠤᠷᠤᠨᠵᠢᠭᠤᠯᠵᠠᠢ ︾ ᠭᠡᠵᠦ ᠥᠪᠥᠷ ᠮᠣᠩᠭᠤᠯ ᠤᠨ ᠢ ᠳ᠋ᠦᠩ ᠳ᠋ᠦᠩ ᠰᠤᠳᠤᠯᠭᠠᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠶᠢᠨ ᠲᠤᠰᠠᠯᠠᠭᠴᠢ ᠶᠠᠩ ᠯᠢ ᠶᠧ ᠶᠠᠷᠢᠨ᠎ᠠ ᠃ | ᠤᠶᠢᠯᠡᠳᠪᠤᠷᠢᠯᠡᠯ ᠪᠠ ᠵᠢᠭᠠᠨ ᠰᠤᠷᠭᠠᠯᠳᠠ ᠶᠢ ᠬᠤᠯᠪᠣᠯᠳᠤᠭᠤᠯᠬᠤ ᠂ ᠰᠤᠷᠭᠠᠭᠤᠯᠢ ᠪᠠ ᠠᠵᠤ ᠠᠬᠤᠶᠢᠯᠠᠯ ᠢ ᠬᠤᠯᠪᠣᠭᠠᠯᠠᠭᠤᠯᠬᠤ ᠶᠢ ᠠᠬᠢᠭᠤᠯᠵᠤ ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠶᠢ ᠠᠬᠢᠭᠤᠯᠬᠤ ᠶᠢᠨ ᠳᠤᠰᠠᠳᠠ᠂ ᠣᠶᠢᠷ᠎ᠠ ᠶᠢᠨ ᠵᠢᠯ ᠤᠳ ᠲᠤ ᠂ ᠵᠡᠭᠦᠨᠭᠠᠷ ᠬᠤᠰᠢᠭᠤ ᠲᠦᠷᠦ ᠶᠢᠨ ᠪᠣᠳᠣᠯᠭ᠎ᠠ ᠪᠠᠷ | ᠲᠤᠯᠭᠠᠭᠤᠷᠢᠯᠠᠬᠤ ᠂ ᠲᠠᠪᠴᠠᠩ ᠪᠠᠶᠢᠭᠤᠯᠬᠤ ᠂ ᠲᠦᠷᠦᠯ ᠵᠦᠢᠯ ᠢᠶᠠᠷ ᠳᠠᠶᠢᠴᠢᠯᠠᠬᠤ ᠵᠡᠷᠭᠡ ᠠᠷᠭ᠎ᠠ ᠬᠡᠮᠵᠢᠶᠡᠠᠪᠬᠤ ᠪᠠᠷ ᠳᠠᠮᠵᠢᠭᠤᠯᠤᠨᠶᠡᠭᠡ ᠳᠡᠭᠡᠳᠦ ᠰᠤᠷᠭᠠᠭᠤᠯᠢ | ᠬᠦᠷᠢᠶᠡᠯᠡᠩ ᠭᠠᠵᠠᠷ ᠤᠨ ᠰᠢᠨᠵᠢᠯᠡᠬᠦ ᠤᠬᠠᠭᠠᠨ ᠮᠡᠷᠭᠡᠵᠢᠯ ᠂ ᠴᠢᠳᠠᠪᠤᠷᠢᠲᠠᠨ ᠵᠡᠷᠭᠡ ᠳᠠᠪᠠᠭᠤᠯᠢᠭ ᠡᠬᠢ ᠪᠠᠶᠠᠯᠢᠭ ᠢ ᠬᠦᠴᠦ ᠲᠠᠯᠪᠢᠨ ᠣᠷᠣᠭᠤᠯᠤᠨ ᠠᠪᠴᠢᠷᠠᠵᠤ ᠂ | ᠥᠷᠭᠡᠨ ᠳᠡᠯᠭᠡᠷ ᠬᠠᠮᠲᠤᠷᠠᠯᠴᠠᠭᠠᠨ ᠤ ᠪᠠᠶᠢᠷᠢᠰᠢᠯ ᠢ ᠪᠦᠷᠢᠯᠳᠦᠭᠦᠯᠵᠦ ᠂ ᠬᠦᠷᠢᠶᠡᠯᠡᠩ ᠲᠣᠭᠤᠷᠢᠭ ᠤᠨ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠬᠥᠭᠵᠢᠯᠲᠡ ᠳᠤ | ᠲᠠᠰᠤᠷᠠᠯᠳᠡ ᠦᠭᠡᠢ ᠤᠶᠤᠨ ᠤᠬᠠᠭᠠᠨ ᠤ ᠬᠥᠳᠡᠯᠭᠡᠬᠦ ᠬᠦᠴᠦᠨ ᠢ ᠨᠡᠮᠡᠷᠢᠯᠡᠵᠡᠢ᠃ | ᠤᠳᠤᠬᠠᠨ ᠪᠣᠯᠲᠠᠯ᠎ᠠ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ 22 ᠡᠷᠤᠭᠡ | ᠪᠤᠶᠢᠵᠢᠭᠤᠯᠤᠨ ᠨᠤᠳᠠᠯᠠᠭᠤᠯᠵᠤ ᠂ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 20 ᠡᠷᠤᠭᠡ ᠂ ᠰᠢᠨ᠎ᠡ ᠶᠢ ᠡᠭᠦᠳᠬᠦ | ᠬᠡᠯᠪᠡᠷᠢ ᠶᠢᠨ ᠳᠤᠮᠳᠠ ᠪᠠᠭ᠎ᠠ ᠠᠵᠤ ᠠᠬᠤᠶᠢᠯᠠᠯ ᠢ 7 ᠡᠷᠤᠭᠡᠬᠥ᠋ᠮᠥᠷᠭᠡ ᠳᠤ ᠣᠷᠣᠭᠤᠯᠤᠨ ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠲᠠᠪᠴᠠᠩ | 31 ᠪᠠᠶᠢᠵᠤ ᠂ ᠨᠡᠶᠢᠲᠡ 905 ᠵᠦᠢᠯ ᠤᠨ ᠡᠭᠦᠳᠦᠯᠲᠡ ᠶᠢᠨ ᠲᠤᠰᠬᠠᠢ ᠡᠷᠭᠡ ᠶᠢᠨ ᠠᠰᠢᠭ ᠢ ᠭᠥᠷᠳᠡᠪᠡ ᠃ | |