| | ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠡᠨᠧᠷᠭᠢ ᠶᠢᠨ ᠭᠠᠷᠭᠠᠯᠲᠠ ᠶᠢᠨ ᠴᠢᠬᠤᠯᠠ ᠰᠠᠭᠤᠷᠢᠨᠭᠠᠵᠠᠷ ᠪᠣᠯᠤᠭᠰᠠᠨ ᠤ ᠬᠤᠪᠢ ᠳᠤ ᠂ ᠵᠡᠭᠦᠨᠭᠠᠷ | ᠬᠤᠰᠢᠭᠤᠨ ᠤ ᠬᠢᠨ ᠨᠡᠶᠢᠭᠡᠮ ᠤᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ ᠂ ᠣᠯᠠᠨ ᠠᠷᠭ᠎ᠠ ᠬᠡᠮᠵᠢᠶ᠎ᠡ ᠪᠠᠷ ᠬᠤᠶᠠᠷ ᠬᠤᠷᠠᠯ ᠤᠨ ᠬᠤᠭᠤᠴᠠᠭᠠᠨ ᠳᠠᠬᠢ | ᠡᠨᠧᠷᠭᠢ ᠶᠢᠨ ᠬᠠᠩᠭᠠᠯᠭ᠎ᠠ ᠶᠢ ᠪᠠᠲᠤᠯᠠᠵᠤ ᠪᠠᠶᠢᠨ᠎ᠠ ᠃ | ᠣᠶᠢᠷ᠎ᠠ ᠳᠤ ᠂ ᠰᠤᠷᠪᠤᠯᠵᠢᠯᠠᠭᠴᠢ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠺᠣᠮᠫᠠᠨᠢ ᠶᠢᠨ ᠬᠠᠳᠠᠢ ᠭᠤᠤᠯ ᠵᠠᠳᠠᠭᠠᠢ ᠨᠡᠭᠦᠷᠡᠰᠦᠨ | ᠠᠭᠤᠷᠬᠠᠢ ᠳᠤ ᠬᠦᠷᠬᠦ ᠳᠤ ᠂ ᠣᠯᠠᠨ ᠴᠠᠬᠢᠯᠭᠠᠨ ᠬᠤᠰᠤᠭᠤᠷ ᠬᠦᠴᠦᠯᠡᠨ ᠠᠭᠤᠳᠠᠯᠵᠤ ᠂ ᠵᠠᠭᠤ ᠰᠢᠬᠠᠮ ᠥᠪᠡᠷᠲᠡᠭᠡᠨ ᠪᠠᠭᠤᠯᠭᠠᠬᠤ ᠠᠴᠢᠶᠠᠨ ᠤ ᠮᠠᠰᠢᠨ ᠲᠡᠷᠭᠡ | ᠨᠠᠭᠠᠰᠢ ᠴᠠᠭᠠᠰᠢ ᠰᠦᠯᠵᠢᠯᠳᠦᠵᠦ ᠪᠠᠶᠢᠯ᠎ᠠ ᠃ ᠮᠠᠯᠲᠠᠬᠤ ᠂ ᠠᠴᠢᠶᠠᠯᠠᠬᠤ ᠂ ᠲᠡᠭᠡᠭᠡᠪᠦᠷᠢᠯᠡᠬᠦ ᠡᠯ᠎ᠡ ᠭᠤᠬᠴᠤᠭ᠎ᠠ ᠥᠨᠳᠥᠷ ᠪᠦᠲᠦᠮᠵᠢᠲᠡᠶ ᠪᠠᠷ ᠠᠵᠢᠯᠯᠠᠨ᠎ᠠ᠃ ᠬᠠᠪᠤᠷ | ᠪᠤᠯᠤᠬᠰᠠᠨ ᠠᠴᠠ ᠨᠠᠭᠠᠰᠢ᠂ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠬᠢᠨ ᠥᠩᠭᠡᠷᠡᠭᠰᠡᠨ ᠨᠢᠭᠡ ᠵᠢᠯ ᠤᠨ ᠦᠢᠯᠡᠳᠪᠦᠷᠢᠯᠡᠯ ᠤᠨ ᠲᠤᠭ᠎ᠠ ᠪᠠᠷᠢᠮᠲᠠ᠂ | ᠨᠡᠭᠦᠷᠡᠰᠦ ᠮᠠᠯᠲᠠᠬᠤ ᠶᠢ ᠨᠥᠯᠥᠭᠡᠯᠡᠬᠦ ᠬᠦᠴᠦᠨ ᠵᠦᠢᠯ ᠳᠤ ᠪᠦᠬᠦ ᠲᠠᠯ᠎ᠠ ᠶᠢᠨ ᠵᠠᠳᠠᠯᠤᠯᠲᠠ ᠬᠢᠵᠦ ᠂ ᠦᠢᠯᠡᠳᠪᠦᠷᠢᠯᠡᠯ ᠢ ᠬᠢᠵᠠᠭᠠᠷᠯᠠᠵᠤ ᠪᠠᠶᠢᠭ᠎ᠠ ᠭᠤᠣᠯ | ᠵᠠᠩᠭᠢᠯᠠᠭ᠎ᠠ ᠶᠢᠨ ᠴᠡᠭ ᠢ ᠮᠥᠷᠳᠡᠬᠦ ᠪᠠᠷ ᠳᠠᠮᠵᠢᠭᠤᠯᠵᠤ ᠂ ᠠᠰᠠᠭᠤᠳᠠᠯ ᠡᠭᠦᠰᠦᠭᠰᠡᠨ ᠰᠢᠯᠲᠠᠭᠠᠨ ᠢ ᠠᠯᠬᠤᠮ ᠠᠯᠬᠤᠮ ᠢᠶᠠᠷ ᠵᠠᠳᠠᠯᠵᠤ ᠂ 4 ᠬᠥᠮᠥᠨ ᠠᠵᠢᠯ ᠤᠨ | ᠪᠠᠶᠢᠷᠢ ᠬᠤᠯᠪᠣᠭᠠᠯᠠᠬᠤ ᠂ 7 ᠬᠥᠮᠥᠨ ᠵᠢᠵᠢᠭᠦᠷᠯᠡᠬᠦ ᠂ ᠬᠤᠶᠠᠷ ᠱᠠᠲᠤ ᠪᠠᠷ ᠢᠶᠠᠨ ᠭᠤᠷᠪᠠ ᠶᠢ ᠡᠵᠡᠮᠳᠡᠬᠦ ᠬᠠᠮᠢᠶᠠᠷᠤᠯᠲᠠ ᠶᠢᠨ ᠵᠠᠭᠪᠤᠷ ᠢ ᠪᠦᠷᠢᠯᠳᠦᠭᠦᠯᠵᠦ ᠂ | ᠦᠢᠯᠡᠳᠪᠦᠷᠢᠯᠡᠯ ᠤᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠪᠡ᠃ 2 ᠰᠠᠷ᠎ᠠ ᠳᠤ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ ᠲᠠᠸᠠᠷ ᠤᠨ | ᠨᠡᠭᠦᠷᠡᠰᠦᠨ ᠤ ᠭᠠᠷᠤᠯᠲᠠ 261 ᠲᠦᠮᠡᠨ ᠲᠣᠨ ᠢ ᠳᠠᠪᠠᠵᠤ ᠂ ᠥᠪᠡᠷ ᠢᠶᠠᠨ ᠡᠵᠡᠩᠨᠡᠵᠤ ᠰᠢᠷᠤᠢ ᠶᠢ ᠰᠠᠯᠭᠠᠭᠰᠠᠨ ᠬᠡᠮᠵᠢᠶ᠎ᠡ 1020 ᠲᠦᠮᠡᠨ ᠪᠣᠰᠤᠭ᠎ᠠ | ᠳᠥᠷᠪᠡᠯᠵᠢᠨ ᠮᠧᠲᠷ ᠲᠤ ᠬᠦᠷᠴᠦ ᠂ ᠰᠢᠷᠤᠢ ᠰᠠᠯᠭᠠᠭᠰᠠᠨ ᠬᠡᠮᠵᠢᠶ᠎ᠡ ᠨᠢ ᠠᠳᠠᠯᠢ ᠬᠤᠭᠤᠴᠠᠭᠠᠨ ᠤ ᠬᠢ ᠠᠴᠠ 85.45% ᠪᠠᠷ ᠨᠡᠮᠡᠭᠳᠡᠵᠦ ᠂ ᠲᠡᠦᠬᠡ ᠶᠢᠨ ᠠᠳᠠᠯᠢ | ᠬᠤᠭᠤᠴᠠᠭᠠᠨ ᠤ ᠬᠠᠮᠤᠭ ᠤᠨ ᠥᠨᠳᠥᠷ ᠲᠡᠮᠳᠡᠭᠯᠡᠯ ᠢ ᠰᠢᠨᠡᠳᠬᠡᠵᠦ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠳᠤ ︽ ᠪᠠᠳᠤᠯᠠᠭ᠎ᠠ︾ ᠲᠠᠢ ᠪᠤᠯᠭᠠᠠᠵᠠᠢ ᠃ | | | | ︽ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠪᠢᠳᠡ ᠥᠩᠭᠡᠷᠡᠭᠰᠡᠨ ᠲᠠᠢ ᠪᠠᠨ ᠠᠳᠠᠯᠢ ᠪᠠᠷ ᠡᠶᠢᠮᠦᠷᠬᠦ ᠬᠠᠨᠳᠤᠰᠢ ᠶᠢ ᠪᠠᠲᠤᠯᠠᠵᠤ ᠂ ᠡᠨᠧᠷᠭᠢ ᠶᠢᠨ | ᠬᠠᠩᠭᠠᠯᠭ᠎ᠠ ᠶᠢ ᠪᠠᠲᠤᠯᠠᠬᠤ ᠳᠤ ᠲᠥᠪ ᠤᠨ ᠠᠵᠤ ᠠᠬᠤᠶᠢᠯᠠᠯ ᠤᠨᠲ᠋ᠤᠯᠭᠠᠭᠤᠷᠢᠯᠠᠯ ᠤᠨ ᠦᠢᠯᠡᠳᠦᠯ ᠢ ᠪᠠᠳᠠᠷᠠᠭᠤᠯᠤᠨ᠎ᠠ ᠃ ᠬᠠᠪᠤᠷ ᠤᠨ ᠤᠯᠠᠷᠢᠯ ᠤᠨ | ᠦᠢᠯᠡᠳᠪᠦᠷᠢᠯᠡᠯ ᠤᠨ ᠰᠢᠵᠢᠷ ᠠᠯᠳᠠᠨ ᠬᠤᠭᠤᠴᠠᠭ᠎ᠠ ᠬᠦᠷᠴᠦ ᠢᠷᠡᠬᠦ ᠶᠢ ᠳᠠᠭᠠᠯᠳᠤᠨ᠂ ᠳᠡᠯᠪᠡᠴᠡᠬᠦ ᠂ ᠮᠠᠯᠲᠠᠬᠤ ᠂ ᠲᠡᠭᠡᠭᠡᠪᠦᠷᠢᠯᠡᠬᠦ ᠂ ᠪᠠᠷᠢᠯᠭ᠎ᠠ ᠶᠢᠨ ᠠᠵᠢᠯ ᠬᠢᠬᠦ ᠂ | ᠴᠠᠬᠢᠯᠭᠠᠨ ᠬᠠᠩᠭᠠᠬᠤ ᠲᠠᠪᠤᠨ ᠶᠡᠭᠡ ᠭᠤᠭᠴᠤᠭ᠎ᠠ ᠶᠢᠨ ᠠᠵᠢᠯ ᠢ ᠵᠣᠯᠭᠠᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ ᠂ ᠬᠠᠷᠢᠯᠴᠠᠨ ᠬᠠᠮᠵᠢᠯᠴᠠᠨ ᠂ ᠨᠢᠭᠲᠠ | ᠬᠤᠯᠪᠣᠯᠳᠤᠵᠤ ᠂ 10 ᠰᠠᠤᠷᠢ ᠮᠠᠯᠲᠠᠵᠤ ᠰᠢᠷᠤᠢ ᠰᠠᠯᠭᠠᠬᠤ ᠭᠤᠣᠯ ᠲᠥᠬᠦᠭᠡᠷᠦᠮᠵᠢ ᠶᠢ ᠵᠠᠯᠭᠠᠭ᠎ᠠ ᠪᠠᠷ 10 ᠡᠳᠦᠷ ᠠᠵᠢᠯᠯᠠᠭᠤᠯᠵᠤ 40 ᠲᠦᠮᠡᠨ ᠪᠣᠰᠤᠭ᠎ᠠ | ᠳᠥᠷᠪᠡᠯᠵᠢᠨ ᠮᠧᠲᠷ ᠠᠴᠠ ᠳᠡᠭᠡᠭᠰᠢ ᠰᠢᠷᠤᠢ ᠵᠠᠢ ᠰᠠᠯᠭᠠᠪᠠ᠃ ᠪᠢᠳᠠ ᠦᠷᠭᠦᠯᠵᠢᠯᠡᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠪᠠᠷ ᠵᠠᠳᠠᠭᠠᠢ | ᠮᠠᠯᠲᠠᠯᠳᠠ ᠶᠢᠨ ᠴᠢᠳᠠᠪᠤᠷᠢ ᠶᠢ ᠪᠠᠳᠠᠷᠠᠭᠤᠯᠵᠤ ᠂ ᠡᠨᠧᠷᠭᠢ ᠶᠢᠨ ᠠᠮᠤᠷ ᠲᠦᠪᠰᠢᠨ ᠢ ᠪᠠᠲᠤᠯᠠᠬᠤ ᠰᠢᠨ᠎ᠡ ᠠᠶᠠᠨ ᠳᠤ ᠤᠯᠤᠰ ᠤᠨ ᠥᠮᠴᠢᠯᠡᠯᠳᠤ ᠠᠵᠤ ᠠᠬᠤᠶᠢᠯᠠᠯ ᠤᠨ | ᠬᠠᠷᠢᠭᠤᠴᠠᠯᠭ᠎ᠠ ᠶᠢ ᠡᠭᠦᠷᠭᠡᠯᠡᠨ᠎ᠡ︾ ᠭᠡᠵᠦ ᠤᠯᠤᠰ ᠤᠨ ᠡᠨᠧᠷᠬᠢ ᠶᠢᠨ ᠵᠡᠬᠦᠠᠭᠠᠷ ᠡᠨᠧᠷᠬᠢ ᠶᠢᠨ ᠪᠦᠯᠦᠭᠯᠡᠯ ᠤᠨ ᠬᠠᠳᠠᠢ ᠭᠤᠤᠯ ᠵᠠᠳᠠᠭᠠᠢ ᠨᠡᠭᠦᠷᠡᠰᠦᠨ ᠠᠭᠤᠷᠬᠠᠢ ᠶᠢᠨ | ᠲᠣᠬᠢᠷᠠᠭᠤᠯᠤᠨ ᠵᠢᠯᠤᠭᠤᠳᠬᠤ ᠲᠥᠪ ᠤᠨ ᠨᠠᠮ ᠤᠨ ᠡᠭᠦᠷ ᠤᠨ ᠱᠦᠵᠢ ᠵᠠᠩ ᠵᠠᠨ ᠴᠠᠩ ᠢᠯᠡᠳᠬᠡᠨ᠎ᠠ᠃ | | | | ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ ᠱᠦᠸᠧ ᠲᠡᠮᠦᠷ ᠵᠠᠮ ᠤᠨ ᠳ᠋ᠠᠲ᠋ᠦ᠋ᠩ ᠠᠴᠠ ᠵᠡᠭᠦᠨᠭᠠᠷ ᠬᠦᠷᠬᠦ ᠱᠤᠭᠤᠮ ᠤᠨ ᠬᠤᠪᠢᠶᠠᠷᠢ ᠺᠣᠮᠫᠠᠨᠢ ᠳᠤ ᠂ | ᠨᠡᠬᠦᠷᠡᠰᠤ ᠶᠢ ᠳᠦᠭᠦᠷᠲᠡᠯ᠎ᠡ ᠳᠡᠭᠡᠭᠡᠭᠰᠡᠨ ᠭᠠᠯᠲᠤ ᠲᠡᠷᠭᠡ ᠨᠦᠭᠦᠳ ᠪᠦᠬᠦ ᠤᠯᠤᠰ ᠤᠨ ᠡᠯ᠎ᠡ ᠭᠠᠷᠠᠮ ᠢ ᠴᠢᠭᠯᠡᠬᠦ ᠪᠠᠷ ᠪᠡᠯᠡᠳᠭᠡᠨ᠎ᠠ᠃ ᠰᠢᠨ ᠱᠦᠸᠧ ᠲᠡᠮᠦᠷ ᠵᠠᠮ ᠤᠨ | ᠬᠠᠷᠢᠶᠠᠨ ᠳᠠᠬᠢ ᠳ᠋ᠠᠲ᠋ᠦ᠋ᠩ ᠠᠴᠠ ᠵᠡᠭᠦᠨᠭᠠᠷ ᠬᠦᠷᠬᠦ ᠂ ᠵᠡᠬᠦᠠᠭᠠᠷ ᠠᠴᠠ ᠱᠧᠨ ᡂᠢ ᠡᠮᠤᠨ᠎ᠠ ᠦᠷᠳᠡᠭᠡ ᠬᠦᠷᠬᠦ ᠱᠤᠭᠤᠮ ᠪᠣᠯᠣᠨ ᠰᠢᠨ ᠵᠦᠨ ᠭᠤᠷᠪᠠᠨ ᠵᠤᠷᠪᠤᠰ | ᠲᠡᠮᠦᠷ ᠵᠠᠮ ᠨᠢ ᠱᠠᠨ ᠰᠢ ᠮᠤᠵᠢ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 6 ᠬᠤᠲᠠ ᠶᠢᠨ 12 ᠰᠢᠶᠠᠨ ︵ ᠬᠤᠲᠠ ᠂ ᠲᠣᠭᠤᠷᠢᠭ ᠂ ᠬᠤᠰᠢᠭᠤ ︶ | ᠢ ᠰᠤᠨᠳᠠᠯᠠᠵᠤ ᠂ ᠭᠤᠣᠯ ᠱᠤᠭᠤᠮ ᠤᠨ ᠪᠦᠬᠦ ᠣᠷᠳᠣ ᠨᠢ 576 ᠺᠢᠯᠣᠮᠧᠲᠷ ᠂ ᠲᠡᠭᠡᠭᠡᠪᠦᠷᠢ ᠡᠵᠡᠩᠨᠡᠯᠲᠡ ᠶᠢᠨ ᠵᠠᠮ ᠤᠨ ᠣᠷᠳᠣ ᠨᠢ 631 ᠺᠢᠯᠣᠮᠧᠲᠷ ᠪᠣᠯᠣᠨ᠎ᠠ ᠃ | ᠡᠭᠦᠨ ᠳᠤ ᠂ ᠳ᠋ᠠᠲ᠋ᠦ᠋ᠩ ᠠᠴᠠ ᠵᠡᠭᠦᠨᠭᠠᠷ ᠬᠦᠷᠬᠦ ᠲᠡᠮᠦᠷ ᠵᠠᠮ ᠪᠣᠯ ᠪᠠᠷᠠᠭᠤᠨ ᠣᠷᠣᠨ ᠤ ᠨᠡᠭᠦᠷᠡᠰᠦ ᠶᠢ ᠵᠡᠭᠦᠨᠰᠢ ᠵᠥᠭᠡᠭᠡᠪᠦᠷᠢᠯᠡᠬᠦ ᠭᠤᠣᠯ ᠵᠠᠮ ᠤᠨ ᠨᠢᠭᠡ ᠪᠠᠶᠢᠵᠤ ᠂ | ᠵᠡᠭᠦᠨᠭᠠᠷ ᠬᠤᠰᠢᠭᠤᠨ ᠤ ᠵᠢᠯ ᠳᠤ 3 ᠳ᠋ᠦᠩᠰᠢᠭᠤᠷ ᠲᠣᠨ 50% ᠠᠴᠠ ᠳᠡᠭᠡᠭᠰᠢᠬᠢ ᠨᠡᠭᠦᠷᠡᠰᠦ ᠦᠢᠯᠡᠳᠪᠦᠷᠢᠯᠡᠬᠦ ᠡᠭᠦᠷᠭᠡ ᠶᠢ ᠡᠭᠦᠷᠭᠡᠯᠡᠵᠦ ᠪᠤᠢ᠃ | | | | ︽ ᠪᠥᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠤ ᠂ ᠪᠢᠳᠡ ᠡᠨᠧᠷᠭᠢ ᠶᠢᠨ ᠬᠠᠮᠠᠭᠠᠯᠠᠯᠲᠠ ᠶᠢᠨ ᠲᠠᠯ᠎ᠠ ᠪᠠᠷ ᠳᠡᠭᠡᠭᠡᠪᠤᠷᠢ ᠶᠢᠨ ᠭᠡᠷᠡᠭᠯᠡᠭᠴᠢᠳ ᠲᠠᠢ | ᠢᠳᠡᠪᠬᠢᠲᠡᠢ ᠪᠠᠷ ᠵᠣᠯᠭᠠᠭᠤᠯᠵᠤ ᠂ ᠲᠡᠭᠡᠭᠡᠪᠦᠷᠢ ᠶᠢᠨ ᠬᠡᠷᠡᠭᠴᠡᠭᠡ ᠶᠢ ᠬᠠᠩᠭᠠᠬᠤ ᠶᠢ ᠴᠤᠤᠷᠢᠶᠠᠳᠤᠨᠲ᠋ᠠᠭᠠᠵᠤ ᠂ ᠲᠡᠭᠡᠭᠡᠪᠦᠷᠢ ᠶᠢᠨ ᠭᠡᠷᠡᠭᠯᠡᠭᠴᠢᠳ ᠤᠨ ᠲᠡᠭᠡᠭᠡᠪᠦᠷᠢ ᠶᠢᠨ | ᠥᠪᠡᠷ ᠤᠨ ᠥᠷᠲᠡᠭ ᠢ ᠪᠠᠭᠤᠷᠠᠭᠤᠯᠤᠬᠰᠠᠨ ᠤ ᠬᠠᠮᠲᠤ ᠡᠯ᠎ᠡ ᠲᠡᠷᠭᠡ ᠠᠴᠢᠶᠠᠯᠠᠬᠤ ᠥᠷᠲᠡᠭᠡ ᠶᠢᠨ ᠲᠠᠷᠬᠠᠭᠠᠯᠲᠠ ᠶᠢᠨ ᠲᠥᠯᠥᠪᠯᠡᠭᠡ ᠶᠢ ᠲᠡᠩᠴᠡᠭᠦᠷᠢᠲᠡᠢ ᠪᠣᠯᠭᠠᠵᠤ ᠂ | ᠲᠡᠭᠡᠭᠡᠪᠦᠷᠢ ᠶᠢᠨ ᠭᠡᠷᠡᠭᠯᠡᠭᠴᠢᠳ ᠤᠨ ᠨᠡᠭᠦᠷᠡᠰᠦ ᠲᠡᠭᠡᠭᠡᠪᠦᠷᠢᠯᠡᠬᠦ ᠬᠡᠷᠡᠭᠴᠡᠭᠡ ᠶᠢ ᠬᠠᠮᠤᠭ ᠤᠨ ᠶᠡᠭᠡ ᠪᠠᠷ ᠪᠠᠲᠤᠯᠠᠪᠠ ᠃ ᠡᠭᠦᠨ ᠤ ᠬᠠᠮᠳᠤ ᠲᠡᠭᠡᠭᠡᠪᠦᠷᠢ ᠶᠢᠨ ᠵᠣᠬᠢᠶᠠᠨ | ᠪᠠᠶᠢᠭᠤᠯᠤᠯᠲᠠ ᠶᠢ ᠰᠢᠯᠢᠳᠡᠭᠵᠢᠭᠦᠯᠵᠦ ᠂ ᠭᠠᠯᠲᠤ ᠲᠡᠷᠭᠡᠨ ᠤ ᠪᠥᠬᠦ ᠡᠷᠭᠢᠯᠲᠡ ᠶᠢᠨ ᠴᠠᠭ ᠢ ᠪᠠᠭᠠᠰᠬᠠᠨ ᠂ ᠲᠡᠭᠡᠭᠡᠪᠦᠷᠢ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ | ᠣᠳᠣᠬᠠᠨ ᠳᠤ ᠳ᠋ᠠᠲ᠋ᠦ᠋ᠩ ᠠᠴᠠ ᠵᠡᠭᠦᠨᠭᠠᠷ ᠬᠦᠷᠬᠦ ᠲᠡᠮᠦᠷ ᠵᠠᠮ ᠤᠨ ᠲᠡᠭᠡᠭᠡᠪᠦᠷᠢ ᠶᠢᠨ ᠬᠡᠮᠵᠢᠶ᠎ᠡ ᠡᠳᠦᠷ ᠪᠦᠷᠢ ᠳᠤᠮᠳᠠᠴᠢ ᠪᠠᠷ 45 ᠲᠦᠮᠡᠨ ᠲᠣᠨ ᠠᠴᠠ ᠳᠡᠭᠡᠭᠰᠢ | ᠪᠠᠶᠢᠨ᠎ᠠ ︾ ᠭᠡᠵᠦ ᠤᠯᠤᠰ ᠤᠨ ᠡᠨᠧᠷᠭᠢ ᠶᠢᠨ ᠪᠦᠯᠦᠭᠯᠡᠯ ᠤᠨ ᠰᠢᠨ ᠱᠦᠸᠧ ᠲᠡᠮᠦᠷ ᠵᠠᠮ ᠤᠨ ᠳ᠋ᠠᠲ᠋ᠦ᠋ᠩ ᠠᠴᠠ ᠵᠡᠭᠦᠨᠭᠠᠷ ᠬᠦᠷᠬᠦ ᠱᠤᠭᠤᠮ ᠤᠨ ᠬᠤᠪᠢᠶᠠᠷᠢ | ᠺᠣᠮᠫᠠᠨᠢ ᠶᠢᠨ ᠦᠢᠯᠡᠳᠪᠦᠷᠢᠯᠡᠯ ᠤᠨ ᠮᠡᠷᠭᠡᠵᠢᠯ ᠤᠨ ᠬᠡᠯᠲᠡᠰ ᠤᠨ ᠳᠠᠭᠠᠭᠠᠮᠠᠯ ᠵᠠᠩ ᠳ᠋ᠤᠸᠠᠨ ᠶᠠᠩ ᠶᠠᠷᠢᠨ᠎ᠠ ᠃ | ᠵᠡᠭᠦᠨᠭᠠᠷ ᠬᠤᠰᠢᠭᠤ ᠴᠢᠬᠤᠯᠠ ᠡᠨᠧᠷᠭᠢ ᠶᠢᠨ ᠰᠠᠭᠤᠷᠢᠨ ᠭᠠᠵᠠᠷ ᠂ ᠪᠦᠬᠦ ᠤᠯᠤᠰ ᠤᠨ ᠨᠡᠭᠦᠷᠡᠰᠤᠨ ᠤ ᠭᠠᠷᠤᠯᠳᠠ ᠵᠢᠨᠴᠢᠬᠤᠯᠠ ᠰᠢᠶᠠᠨ ᠪᠣᠯᠤᠭᠰᠠᠨ ᠤ | ᠬᠤᠪᠢ ᠳᠤ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠬᠦᠨᠳᠦ ᠡᠭᠦᠷᠭᠡ ᠶᠢ ᠵᠣᠷᠢᠭᠲᠠᠢ ᠪᠠᠷ ᠡᠭᠦᠷᠭᠡᠯᠡᠵᠦ ᠂ ᠤᠯᠤᠰ ᠤᠨ ᠡᠨᠧᠷᠭᠢ ᠶᠢᠨ ᠠᠮᠤᠷ ᠲᠦᠪᠰᠢᠨ ᠢ | ᠪᠠᠲᠤᠯᠠᠵᠤ ᠂ ᠵᠢᠯ ᠪᠦᠷᠢ ᠪᠦᠬᠦ ᠤᠯᠤᠰ ᠤᠨ ᠡᠯ᠎ᠡ ᠭᠠᠵᠠᠷ ᠲᠤ ᠴᠢᠨᠠᠷ ᠰᠠᠶᠢᠲᠠᠢ ᠨᠡᠭᠦᠷᠡᠰᠦ ᠶᠢ ᠲᠠᠰᠤᠷᠠᠯᠳᠡ ᠦᠭᠡᠢ ᠭᠠᠷᠭᠠᠵᠤ ᠂ ᠲᠦᠭ ᠲᠦᠮᠡᠨ ᠠᠶᠢᠯ ᠡᠷᠦᠬᠡ ᠶᠢ | ᠳᠤᠯᠠᠭᠠᠴᠠᠭᠤᠯᠳᠠᠭ ᠪᠠᠶᠢᠨ᠎ᠠ᠃ ᠣᠶᠢᠯᠠᠭᠠᠭᠰᠠᠨ ᠢᠶᠠᠷ ᠂ ᠵᠡᠭᠦᠨᠭᠠᠷ ᠬᠤᠰᠢᠭᠤᠨ ᠳᠤ ᠨᠡᠭᠦᠷᠡᠰᠦᠨ ᠠᠭᠤᠷᠬᠠᠢ 91 ᠪᠠᠶᠢᠵᠤ ᠂ ᠶᠡᠷᠦᠩᠬᠡᠢ ᠬᠢᠨᠠᠨ ᠲᠣᠭᠲᠠᠭᠠᠭᠰᠠᠨ | ᠦᠢᠯᠡᠳᠪᠦᠷᠢᠯᠡᠯ ᠤᠨ ᠴᠢᠳᠠᠪᠤᠷᠢ ᠨᠢ 3.7 ᠳ᠋ᠦᠩᠰᠢᠭᠤᠷ ᠲᠣᠨ\ ᠵᠢᠯ ᠳᠤ ᠬᠦᠷᠴᠦ ᠂ ᠳᠤᠮᠳᠠᠴᠢ ᠪᠠᠷ ᠨᠢᠭᠡ ᠡᠳᠦᠷ ᠤᠨ ᠨᠡᠭᠦᠷᠡᠰᠦᠨ ᠤ ᠪᠣᠷᠤᠯᠠᠭᠤᠯᠭ᠎ᠠ ᠶᠢᠨ | ᠬᠡᠮᠵᠢᠶ᠎ᠡ ᠨᠢ 105 ᠲᠦᠮᠡᠨ ᠲᠣᠨ ᠣᠷᠴᠢᠮ ᠭᠦᠷᠦᠭᠰᠡᠨ ᠪᠠᠶᠢᠨ᠎ᠠ ᠃ 2024 ᠣᠨ ᠤ ᠪᠦᠬᠦ ᠵᠢᠯ ᠤᠨ ᠨᠡᠭᠦᠷᠡᠰᠦᠨ ᠤ ᠪᠣᠷᠤᠯᠠᠭᠤᠯᠭ᠎ᠠ ᠶᠢᠨ ᠬᠡᠮᠵᠢᠶ᠎ᠡ 3.75 | ᠳ᠋ᠦᠩᠰᠢᠭᠤᠷ ᠲᠣᠨ ᠳᠤ ᠬᠦᠷᠴᠡᠢ᠃ | |