| 3 ᠰᠠᠷ᠎ᠠ ᠶᠢᠨ 9 ᠤ ᠡᠳᠦᠷ ᠂ ᠵᠡᠭᠦᠨᠭᠠᠷ ᠬᠤᠰᠢᠭᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠂ ᠬᠤᠰᠢᠭᠤᠨ ᠤ ᠤᠶᠤᠨ ᠰᠠᠨᠠᠭᠠᠨ ᠤ ᠪᠣᠯᠪᠠᠰᠤᠨ ᠤ | ᠪᠠᠶᠢᠭᠤᠯᠤᠯᠲᠠ ᠶᠢᠨ ᠠᠯᠪᠠᠨ ᠭᠡᠷ ᠂ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠠᠴᠠ ᠭᠤᠣᠯᠯᠠᠨ ᠡᠷᠬᠢᠯᠡᠵᠦ ᠂ | ᠵᠡᠭᠦᠨᠭᠠᠷ ᠤᠨ ᠠᠯᠪᠠᠨ ᠵᠢᠷᠤᠮ ᠤᠨ ᠠᠵᠢᠯ ᠤᠨ ᠨᠡᠶᠢᠭᠡᠮᠯᠢᠭ ᠠᠴᠠ ᠳᠠᠭᠠᠭᠠᠴᠢᠯᠠᠨ ᠡᠷᠬᠢᠯᠡᠭᠰᠡᠡ︽ ᠪᠣᠯᠪᠠᠰᠤᠨ ᠨᠦᠬᠦᠷᠰᠡᠭ ᠬᠥᠷᠰᠢ ᠰᠠᠭᠠᠬᠠᠯᠲᠠ ᠶᠢᠨ ᠬᠠᠶᠢᠷ᠎ᠠ | ᠬᠠᠯᠠᠮᠵᠢ ᠶᠢᠨ ᠬᠠᠯᠠᠭᠤᠨ ᠬᠦᠷᠳᠡᠭᠡᠯ︾ ᠤᠨ ᠠᠵᠢᠯᠯᠠᠭ᠎ᠠ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠲᠥᠪ ᠲᠤ ᠶᠠᠪᠤᠭᠳᠠᠵᠤ ᠂ ᠠᠵᠢᠯᠯᠠᠭ᠎ᠠ ᠨᠢ | ᠬᠦᠴᠢᠷᠳᠡᠯᠲᠡᠢ ᠭᠡᠷ ᠪᠦᠯᠢ ᠶᠢᠨ ᠠᠮᠢᠳᠤᠷᠠᠯ ᠤᠨ ᠬᠡᠪ ᠴᠢᠨᠠᠷ ᠢ ᠰᠠᠶᠢᠵᠢᠷᠠᠭᠤᠯᠵᠤ ᠂ ᠬᠦᠴᠢᠷᠳᠡᠯᠲᠡᠢ ᠤᠯᠠᠨ ᠲᠦᠮᠡᠨ ᠤ ᠨᠡᠶᠢᠭᠡᠮ ᠤᠨ ᠬᠠᠷᠢᠯᠴᠠᠨ ᠬᠠᠪᠰᠤᠷᠤᠯᠴᠠᠬᠤ | ᠠᠭᠤᠷ ᠠᠮᠢᠰᠬᠤᠯ ᠳᠤ ᠠᠭᠤᠰᠤᠯᠴᠠᠬᠤ ᠶᠢ ᠠᠬᠢᠭᠤᠯᠬᠤ ᠪᠠᠷ ᠵᠣᠷᠢᠯᠭ᠎ᠠ ᠪᠠᠨ ᠪᠣᠯᠭᠠᠵᠠᠢ᠃ | | | | ᠠᠵᠢᠯᠯᠠᠭ᠎ᠠ ᠶᠢᠨ ᠠᠬᠤᠢ ᠲᠠᠯᠠᠪᠠᠢ ᠳᠤ ᠬᠥᠮᠥᠨ ᠬᠠᠷ᠎ᠠ ᠬᠦᠷᠤᠯᠡᠯᠳᠤᠨ ᠂ ᠤᠯᠠᠨ ᠢᠶᠠᠷ ᠢᠶᠠᠨ ᠡᠮᠬᠢ ᠳᠢᠭᠯᠢᠮ ᠲᠠᠢ ᠪᠠᠷ ᠡᠳ᠋ ᠪᠣᠳᠠᠰ ᠳᠡᠯᠭᠡᠨ ᠲᠠᠯᠪᠢᠬᠰᠠᠨ | ᠲᠣᠭᠤᠷᠢᠭ ᠢᠶᠠᠷ ᠨᠠᠭᠠᠰᠢ ᠴᠠᠭᠠᠰᠢ ᠡᠷᠬᠢᠴᠡᠨ ᠂ ᠥᠪᠡᠷ ᠲᠤᠨᠢ ᠬᠡᠷᠡᠭᠴᠡᠭᠡ ᠲᠠᠢ ᠡᠳ᠋ ᠪᠣᠳᠠᠰ ᠢᠶᠠᠨ ᠨᠠᠷᠢᠨ ᠨᠢᠮᠪᠠᠢ ᠰᠣᠩᠭᠤᠵᠤ ᠪᠠᠶᠢᠯ᠎ᠠ᠃ ᠡᠲᠡᠭᠡᠷ ᠡᠳ᠋ ᠪᠣᠳᠠᠰ ᠨᠢ | ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠤᠨ ᠡᠯ᠎ᠡ ᠲᠠᠯ᠎ᠠ ᠶᠢ ᠬᠠᠮᠤᠷᠴᠡᠢ ᠂ ᠡᠭᠦᠨ ᠳᠤ ᠡᠳᠦᠷ ᠲᠤᠲᠤᠮ ᠤᠨ ᠬᠡᠷᠡᠭᠯᠡᠭᠡᠨ ᠤ ᠵᠦᠢᠯ ᠂ ᠵᠢᠮᠢᠰ ᠂ | ᠱᠠᠬᠠᠢ ᠮᠠᠯᠠᠭᠠᠢ ᠂ ᠬᠢᠴᠢᠶᠡᠯ ᠤᠨ ᠭᠠᠳᠠᠭᠤᠷᠬᠢ ᠨᠣᠮ ᠪᠢᠴᠢᠭ ᠂ ᠭᠠᠯ ᠲᠣᠭᠤᠭᠠᠨ ᠤ ᠬᠡᠷᠡᠭᠰᠡᠯ ᠂ ᠠᠮᠲᠠ ᠣᠷᠣᠭᠤᠯᠬᠤ ᠡᠳ᠋ ᠂ ᠬᠤᠪᠴᠠᠰᠤ ᠬᠤᠨᠠᠷ ᠵᠢᠴᠢ | ᠬᠡᠦᠬᠡᠳ ᠤᠨ ᠲᠣᠭᠯᠠᠭᠠᠮ ᠵᠡᠷᠭᠡ ᠪᠠᠭᠲᠠᠨ᠎ᠠ ᠃ ᠶᠠᠭᠤᠮ᠎ᠠ ᠪᠦᠬᠦᠨ ᠢ ᠨᠠᠷᠢᠨ ᠨᠢᠮᠪᠠᠢ ᠡᠮᠬᠢᠯᠡᠵᠦ ᠂ ᠰᠠᠶᠢᠳᠤᠷ ᠠᠷᠢᠭᠤᠳᠬᠠᠨ ᠂ ᠲᠤᠰᠠᠯᠠᠮᠵᠢ ᠭᠥᠷᠳᠡᠵᠦ ᠪᠠᠶᠢᠭ᠎ᠠ ᠭᠡᠷ | ᠪᠦᠯᠢ ᠶᠢᠨ ᠠᠮᠤᠷ ᠲᠦᠪᠰᠢᠨ ᠪᠥᠭᠡᠳ ᠰᠠᠨᠠᠭ᠎ᠠ ᠠᠮᠤᠷ ᠬᠡᠷᠡᠭᠯᠡᠬᠦ ᠶᠢ ᠪᠠᠲᠤᠯᠠᠪᠠ ᠃ ᠡᠭᠦᠨ ᠤ ᠬᠠᠮᠳᠤ ᠂ ᠰᠠᠶᠢᠨ ᠳᠤᠷᠠᠴᠤᠤᠯ ᠰᠦᠯᠵᠢᠶᠡᠨ ᠳᠡᠭᠡᠷᠡᠬᠢ ᠲᠠᠪᠴᠠᠩ ᠢᠶᠠᠷ | ᠳᠠᠮᠵᠢᠭᠤᠯᠤᠨ ᠭᠤᠶᠤᠴᠢᠯᠠᠯ ᠭᠠᠷᠭᠠᠭᠰᠠᠨ ᠭᠡᠷ ᠪᠦᠯᠢ ᠳᠤ ᠡᠳ᠋ ᠪᠣᠳᠠᠰ ᠤᠨ ᠳᠠᠩᠰᠠᠯᠠᠯᠲᠠ ᠬᠢᠬᠦ ᠶᠢᠨ ᠬᠠᠮᠲᠤ ᠬᠥᠳᠡᠯᠵᠦ ᠪᠠᠷᠢᠬᠤ ᠳᠤ ᠳᠥᠭᠦᠮ ᠦᠭᠡᠢ | ᠨᠠᠰᠤᠲᠠᠶᠢᠴᠤᠳ ᠲᠤ ᠲᠣᠬᠢᠷᠠᠭᠤᠯᠤᠨ ᠬᠦᠷᠭᠡᠬᠦ ᠠᠵᠢᠯ ᠲᠣᠬᠢᠷᠠᠭᠤᠯᠵᠤ ᠥᠭᠴᠡᠢ ᠃ | | | | ᠡᠳ᠋ ᠪᠣᠳᠠᠰ ᠣᠯᠵᠤ ᠠᠪᠤᠭᠰᠠᠨ ᠬᠦᠴᠢᠷᠳᠡᠯᠲᠡᠢ ᠭᠡᠷ ᠪᠦᠯᠢ ᠪᠣᠯᠣᠨ ᠣᠷᠴᠢᠨ ᠲᠣᠭᠤᠷᠢᠨ ᠤ ᠡᠷᠡᠬᠦᠯ ᠬᠠᠮᠠᠭᠠᠯᠠᠯ ᠤᠨ ᠠᠵᠢᠯᠴᠢᠳ ᠳᠣᠭᠳᠣᠯᠤᠭᠰᠠᠨ | ᠰᠡᠳᠬᠢᠯᠭᠡ ᠪᠠᠨ ᠳᠠᠷᠤᠵᠤ ᠶᠠᠳᠠᠵᠤ ᠪᠠᠶᠢᠯ᠎ᠠ ᠂ ᠨᠢᠭᠡᠨ ᠨᠠᠰᠤᠲᠠᠨ ᠄ ︽ ᠡᠨᠡ ᠬᠦ ᠠᠵᠢᠯᠯᠠᠭ᠎ᠠ ᠨᠢ ᠦᠨᠡᠬᠡᠷ ᠪᠢᠳᠡᠨ ᠤ ᠰᠡᠳᠬᠢᠯ ᠢ ᠬᠦᠳᠡᠯᠭᠡᠯᠡ ︕ ᠡᠳ᠋ ᠪᠣᠳᠠᠰ | ᠡᠯᠪᠡᠭ ᠳᠡᠯᠪᠡᠭ ᠪᠣᠯᠬᠤᠷ ᠶᠠᠭᠤ ᠶᠢ ᠴᠤ ᠡᠷᠢᠵᠦ ᠣᠯᠣᠨ᠎ᠠ ᠂ ᠪᠠᠰᠠ ᠵᠣᠭᠤᠰ ᠠᠪᠬᠤ ᠦᠭᠡᠢ ᠪᠤᠯᠬᠤᠷ ᠰᠡᠳᠬᠢᠯ ᠳᠤ ᠳᠤᠯᠠᠭᠠᠬᠠᠨ ᠰᠠᠨᠠᠬᠳᠠᠵᠤ ᠪᠠᠶᠢᠨ᠎ᠠ ︾ ᠭᠡᠵᠦ | ᠶᠠᠷᠢᠨ᠎ᠠ ᠃ ︽ ᠡᠩ ᠤᠨ ᠴᠠᠭ ᠲᠤ ᠪᠤᠷᠪᠢ ᠪᠤᠰᠬᠢᠯ ᠦᠭᠡᠢ ᠶᠠᠭᠠᠷᠠᠵᠤ ᠪᠠᠶᠢᠳᠠᠭ ᠂ ᠠᠮᠢᠳᠤᠷᠠᠯ ᠤᠨ ᠠᠷᠰᠠᠷ ᠵᠠᠷᠤᠳᠠᠯ ᠴᠦ ᠶᠡᠭᠡ ᠪᠤᠯᠬᠤᠷ ᠂ ᠡᠳᠡᠭᠡᠷ ᠡᠳ᠋ ᠪᠣᠳᠠᠰ ᠨᠢ | ᠮᠠᠰᠢ ᠬᠡᠷᠡᠭᠴᠡᠭᠡ ᠲᠠᠢ ᠶᠤᠮ ᠂ ᠤᠯᠠᠨ ᠢᠶᠠᠷ ᠢᠶᠠᠨ ᠪᠢᠳᠡᠨ ᠢ ᠬᠠᠯᠠᠮᠵᠢᠯᠠᠵᠤ ᠢᠷᠡᠭᠰᠡᠨ ᠳᠤ ᠲᠠᠯᠠᠷᠬᠠᠵᠤ ᠪᠠᠶᠢᠨ᠎ᠠ ︾ ᠭᠡᠵᠦ ᠣᠷᠴᠢᠨ ᠲᠣᠭᠤᠷᠢᠨ ᠤ ᠡᠷᠡᠬᠦᠯ | ᠬᠠᠮᠠᠭᠠᠯᠠᠯ ᠤᠨ ᠠᠵᠢᠯᠴᠢᠨ ᠠᠨᠢᠶ᠎ᠠ ᠰᠡᠳᠬᠢᠯ ᠳᠣᠭᠳᠣᠯᠤᠨ ᠶᠠᠷᠢᠨ᠎ᠠ᠃ | | | | ︽ ᠪᠣᠯᠪᠠᠰᠤᠨ ᠨᠦᠬᠦᠷᠰᠡᠭ ᠬᠥᠷᠰᠢ ᠰᠠᠭᠠᠬᠠᠯᠲᠠ ᠶᠢᠨ ᠬᠠᠶᠢᠷ᠎ᠠ ᠬᠠᠯᠠᠮᠵᠢ ᠶᠢᠨ ᠬᠠᠯᠠᠭᠤᠨ ᠬᠦᠷᠳᠡᠭᠡᠯ︾ ᠤᠨᠠᠵᠢᠯᠯᠠᠭ᠎ᠠ ᠪᠣᠯ ᠨᠡᠶᠢᠭᠡᠮ ᠤᠨ ᠡᠯ᠎ᠡ ᠡᠲᠡᠭᠡᠳ ᠤᠨ | ᠬᠠᠶᠢᠷ᠎ᠠ ᠬᠠᠯᠠᠮᠵᠢ ᠪᠣᠯᠣᠨ ᠰᠠᠶᠢᠨ ᠰᠠᠨᠠᠭᠠᠨ ᠤ ᠦᠪᠡᠳᠡᠭᠰᠢ ᠶᠡᠭᠡ ᠴᠤᠭᠯᠠᠷᠠᠯ ᠪᠠᠶᠢᠵᠤ ᠂ ᠪᠣᠯᠪᠠᠰᠤᠨ ᠨᠥᠬᠦᠷᠰᠡᠭ ᠨᠡᠶᠢᠭᠡᠮ ᠤᠨ ᠬᠡᠪ ᠰᠤᠷᠲᠠᠯ ᠤᠨ ᠠᠮᠢᠳᠤᠯᠢᠭ | ᠢᠯᠡᠷᠡᠯ ᠪᠣᠯᠣᠨ᠎ᠠ᠃ ᠬᠦᠴᠢᠷᠳᠡᠯᠲᠡᠢ ᠬᠦᠮᠤᠰ ᠤᠨ ᠠᠮᠢᠳᠤᠷᠠᠯ ᠤᠨ ᠬᠡᠷᠡᠭᠴᠡᠭᠡ ᠳᠤ ᠨᠠᠷᠢᠯᠢᠭ ᠣᠨᠣᠴᠠᠲᠠᠢ ᠪᠠᠷ ᠠᠩᠬᠠᠷᠤᠯ ᠢᠶᠠᠨ ᠲᠥᠪᠯᠡᠷᠡᠭᠦᠯᠵᠦ ᠂ ᠪᠣᠳᠠᠲᠤ | ᠠᠵᠢᠯᠯᠠᠭ᠎ᠠ ᠪᠠᠷ ᠢᠶᠠᠨ ᠨᠡᠶᠢᠭᠡᠮ ᠤᠨ ᠬᠠᠯᠠᠭᠤᠨ ᠰᠡᠳᠬᠢᠯᠭᠡ ᠶᠢ ᠳᠠᠮᠵᠢᠭᠤᠯᠵᠤ ᠂ ᠲᠡᠳᠡᠭᠡᠷ ᠬᠠᠪᠰᠤᠷᠤᠯᠭ᠎ᠠ ᠬᠦᠰᠡᠵᠦ ᠪᠠᠶᠢᠭ᠎ᠠ ᠬᠥᠮᠥᠰ ᠲᠤ ᠬᠠᠶᠢᠷ᠎ᠠ ᠬᠠᠯᠠᠮᠵᠢ | ᠬᠦᠷᠲᠡᠭᠡᠪᠡ ᠃ ᠣᠶᠢᠯᠠᠭᠠᠭᠰᠠᠨ ᠢᠶᠠᠷ ᠂ ᠲᠣᠰ ᠤᠳᠠᠭᠠᠨ ᠤ ᠠᠵᠢᠯᠯᠠᠭ᠎ᠠ ᠳᠤ 5 ᠲᠦᠮᠡ ᠭᠠᠷᠤᠢ ᠲᠥᠭᠦᠷᠢᠭ ᠤᠨ ᠥᠷᠲᠡᠭ ᠪᠦᠬᠦᠢ ᠡᠳ᠋ ᠪᠣᠳᠠᠰ ᠬᠤᠷᠠᠮᠳᠤᠵᠤ ᠂ | 200 ᠰᠢᠬᠠᠮ ᠡᠷᠦᠬᠡ ᠡᠳ᠋ ᠪᠣᠳᠠᠰ ᠬᠤᠪᠢᠳᠠᠨ ᠤᠯᠬᠤ ᠳᠤ ᠣᠷᠣᠯᠴᠠᠭᠰᠠᠨ ᠪᠠᠶᠢᠨ᠎ᠠ ᠃ ᠲᠠᠷᠠᠭᠠᠴᠢ ᠶᠢᠨ ᠠᠯᠬᠤᠮ ᠳᠤ ᠂ ᠵᠡᠭᠦᠨᠭᠠᠷ ᠬᠤᠰᠢᠭᠤ ᠦᠷᠭᠦᠯᠵᠢᠯᠡᠨ | ᠬᠦᠴᠢᠷᠳᠡᠯᠲᠡᠢ ᠬᠦᠮᠤᠰ ᠲᠤ ᠠᠩᠬᠠᠷᠤᠯ ᠢᠶᠠᠨ ᠲᠥᠪᠯᠡᠷᠡᠭᠦᠯᠵᠦ ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ ᠂ ᠨᠡᠶᠢᠭᠡᠮ ᠤᠨ ᠬᠦᠴᠦᠨ ᠢ ᠥᠷᠭᠡᠨ ᠢᠶᠠᠷ ᠳᠠᠶᠢᠴᠢᠯᠠᠨ | ᠣᠷᠣᠯᠴᠠᠭᠤᠯᠵᠤ ᠂ ᠬᠠᠯᠠᠮᠵᠢᠯᠠᠨ ᠬᠠᠶᠢᠷᠠᠯᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ ᠂ ᠨᠠᠩ ᠣᠯᠠᠨ ᠬᠡᠷᠡᠭᠴᠡᠭᠡ ᠲᠠᠢ ᠬᠥᠮᠥᠰ ᠢ ᠬᠠᠪᠰᠤᠷᠤᠨ ᠂ ᠣᠯᠠᠨ | ᠲᠦᠮᠡᠨ ᠤ ᠬᠠᠷᠢᠶᠠᠯᠠᠭᠳᠠᠬᠤ ᠰᠡᠳᠬᠢᠯᠭᠡ ᠪᠠ ᠵᠣᠯ ᠵᠢᠷᠭᠠᠯᠳᠤ ᠲᠥᠷᠥᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠦᠨ ᠴᠢᠩᠭᠠᠳᠬᠠᠨ᠎ᠠ ᠃ | |