| 3 ᠰᠠᠷ᠎ᠠ ᠶᠢᠨ 12 ᠤᠨ ᠡᠳᠤᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ ᠂ ᠪᠦᠭᠦ ᠤᠯᠤᠰ ᠤᠨ | ᠬᠤᠶᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠭᠰᠡᠨ ᠤ ᠬᠠᠮᠲᠤ ᠶᠠᠷᠢᠶ᠎ᠠ ᠲᠠᠯᠪᠢᠵᠠᠢ᠃ | | | | ᠬᠤᠷᠠᠯ ᠳᠡᠭᠡᠷ᠎ᠡ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠲᠡᠷᠢᠭᠦᠯᠡᠭᠴᠢ ᠸᠠᠩ ᠯᠢ ᠰᠢᠶᠠ ᠠᠷᠪᠠᠨ ᠳᠥᠷᠪᠡᠳᠦᠭᠡᠷ ᠬᠤᠭᠤᠴᠠᠭᠠᠨ ᠤ ᠪᠦᠭᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠥᠪᠯᠡᠯᠭᠡᠨ ᠤ ᠲᠡᠷᠢᠭᠦᠯᠡᠭᠴᠢ ᠵᠠᠩ ᠶᠠᠨ | ᠺᠦᠨ ᠪᠦᠭᠦ ᠤᠯᠤᠰ ᠤᠨ ᠤᠯᠤᠰ ᠲᠦᠷᠦ ᠶᠢᠨ ᠵᠥᠪᠯᠡᠯᠭᠡᠨ ᠤ ᠠᠷᠪᠠᠨ ᠳᠥᠷᠪᠡᠳᠦᠭᠡᠷ ᠬᠤᠭᠤᠴᠠᠭᠠᠨ ᠤ ᠬᠤᠷᠢᠶ᠎ᠠ ᠶᠢᠨ ᠭᠤᠷᠪᠠᠳᠤᠭᠠᠷ ᠬᠤᠷᠠᠯ ᠤᠨ ᠵᠣᠷᠢᠭ ᠰᠠᠨᠠᠭ᠎ᠠ | ᠶᠢ ᠤᠯᠠᠮᠵᠢᠯᠠᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ | ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠣᠯᠣᠨ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ︽ ᠬᠤᠶᠠᠷ ᠳᠠᠷᠤᠭ᠎ᠠ ︾ ᠂ | ᠵᠡᠪᠰᠡᠭᠲᠦ ᠴᠠᠭᠳᠠᠭ᠎ᠠ ᠶᠢᠨ ᠥᠪᠥᠷ ᠮᠣᠩᠭᠤᠯ ᠤᠨ ᠶᠡᠷᠦᠩᠬᠡᠢ ᠠᠩᠭᠢ ᠶᠢᠨ ᠬᠤᠰᠢᠭᠤᠴᠢ ᠭᠧᠨᠧᠷᠠᠯ ᠺᠣᠮᠠᠨᠳ᠋ᠯᠠᠭᠴᠢ ᠂ ᠮᠤᠵᠢ ᠶᠢᠨ ᠲᠠᠰ ᠤᠨ ᠠᠵᠢᠯ ᠠᠴᠠ ᠪᠠᠨ | ᠠᠮᠠᠷᠠᠭᠰᠠᠨ ᠵᠠᠷᠢᠮ ᠠᠬᠠᠮᠠᠳ ᠨᠥᠬᠦᠳ ᠬᠤᠷᠠᠯ ᠳᠤ ᠣᠷᠣᠯᠴᠠᠵᠠᠢ᠃ | ᠰᠦᠨ ᠱᠤᠤ ᠴᠧᠩ ᠭᠡᠯᠡᠬᠦ ᠳᠡᠭᠡᠨ᠂ ᠡᠨᠡ ᠤᠳᠠᠭ᠎ᠠ ᠶᠢᠨ ᠪᠦᠭᠦ ᠤᠯᠤᠰ ᠤᠨ ᠬᠤᠶᠠᠷ ᠬᠤᠷᠠᠯ ᠪᠣᠯ ︽ ᠠᠷᠪᠠᠨ ᠳᠥᠷᠪᠡᠳᠦᠭᠡᠷ ᠲᠠᠪᠤᠨ ᠵᠢᠯ︾ ᠤᠨ | ᠲᠥᠯᠦᠪᠵᠢᠭᠦᠯᠭᠡ ᠶᠢᠨ ᠰᠡᠭᠦᠯ ᠬᠤᠷᠢᠶᠠᠬᠤ ᠵᠢᠯ ᠳᠤ ᠬᠤᠷᠠᠯᠳᠤᠭᠰᠠᠨ ᠨᠢᠭᠡ ᠤᠳᠠᠭ᠎ᠠ ᠶᠢᠨ ᠮᠠᠰᠢ ᠴᠢᠬᠤᠯᠠ ᠬᠤᠷᠠᠯ ᠪᠣᠯᠣᠨ᠎ᠠ᠃ ᠶᠡᠷᠦᠩᠬᠡᠢ ᠱᠦᠵᠢ ᠰᠢ ᠶᠢᠨ | ᠫᠢᠩ ᠤᠨ ᠬᠤᠯᠪᠣᠭᠳᠠᠯ ᠪᠦᠬᠦᠢ ᠪᠦᠯᠭᠦᠮ ᠳᠤᠭᠤᠶᠢᠯᠠᠩ ᠳᠤ ᠲᠠᠯᠪᠢᠭᠰᠠᠨ ᠴᠢᠬᠤᠯᠠ ᠶᠠᠷᠢᠶ᠎ᠠ ᠨᠢ ᠪᠢᠳᠡᠨ ᠤ ᠠᠵᠢᠯ ᠢᠶᠠᠨ ᠰᠠᠶᠢᠲᠤᠷ ᠬᠢᠬᠦ ᠳᠤ ᠤᠷᠤᠭᠰᠢᠯᠠᠯᠲᠠ ᠶᠢᠨ | ᠴᠢᠭᠯᠡᠯ ᠢ ᠲᠣᠳᠣᠷᠬᠠᠢ ᠵᠢᠭᠠᠵᠤ ᠥᠭᠴᠡᠢ᠃ ᠣᠷᠣᠨ ᠳᠠᠶᠠᠭᠠᠷ ᠢᠶᠠᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠣᠯᠣᠨ ᠪᠦᠭᠦ ᠤᠯᠤᠰ ᠤᠨ ᠬᠤᠶᠠᠷ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ ᠂ ᠪᠣᠳᠠᠲᠤ ᠪᠠᠶᠢᠳᠠᠯ ᠲᠠᠢ ᠪᠠᠨ ᠨᠢᠭᠲᠠ ᠤᠶᠠᠯᠳᠤᠭᠤᠯᠤᠨ ᠰᠤᠷᠤᠯᠴᠠᠨ ᠤᠬᠠᠭᠤᠯᠵᠤ | ᠲᠤᠭᠤᠰᠢᠯᠠᠭᠤᠯᠬᠤ ᠠᠵᠢᠯ ᠢ ᠰᠠᠶᠢᠲᠤᠷ ᠠᠳᠬᠤᠵᠤ ᠂ ᠦᠵᠡᠯ ᠰᠠᠨᠠᠭ᠎ᠠ ᠪᠣᠯᠣᠨ ᠦᠢᠯᠡ ᠠᠵᠢᠯᠯᠠᠭ᠎ᠠ ᠪᠠᠨ ᠲᠥᠪ ᠤᠨ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠬᠦ ᠬᠡᠷᠡᠭᠲᠡᠢ ᠭᠡᠪᠡ᠃ | ᠰᠦᠨ ᠱᠤᠤ ᠴᠧᠩ ᠭᠡᠯᠡᠬᠦ ᠳᠡᠭᠡᠨ ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ | ᠳᠣᠣᠷ᠎ᠠ᠂ ᠨᠢᠳᠤᠨᠤᠨ ᠮᠠᠨ ᠤ ᠤᠯᠤᠰ ᠤᠨ ᠬᠥᠭᠵᠢᠯᠲᠡ ᠨᠠᠷᠢᠨ ᠪᠤᠳᠤᠯᠢᠶᠠᠨᠲᠠᠢ ᠬᠦᠨᠳᠦ ᠬᠡᠴᠡᠭᠦᠦ ᠪᠠᠶᠢᠳᠠᠯ ᠳᠣᠣᠷ᠎ᠠ ᠳᠡᠯᠡᠬᠡᠢ ᠳ᠋ᠠᠬᠢᠨ ᠤ ᠠᠩᠬᠠᠷᠤᠯ ᠢ ᠲᠠᠲᠠᠭᠰᠠᠨ | ᠠᠮᠵᠢᠯᠲᠠ ᠪᠦᠲᠦᠮᠵᠢ ᠣᠯᠵᠠᠢ᠃ ᠡᠨᠡ ᠵᠢᠯ ᠤᠨ ᠤᠯᠤᠰ ᠤᠨ ᠬᠤᠷᠸ᠎ᠠ ᠬᠠᠷᠠᠯᠲᠠ ᠨᠢ ᠬᠦᠴᠢᠷ ᠢ ᠰᠥᠷᠦᠨ ᠴᠢᠷᠮᠠᠶᠢᠨ ᠤᠷᠤᠭᠰᠢᠯᠠᠵᠤ ᠵᠢᠳᠬᠦᠯ ᠴᠢᠷᠮᠠᠶᠢᠯᠭ᠎ᠠ | ᠭᠠᠷᠭᠠᠬᠤ ᠢᠯᠡ ᠲᠣᠳᠣ ᠤᠳᠤᠷᠢᠳᠤᠮᠵᠢ ᠶᠢ ᠳᠤᠪᠤᠶᠢᠯᠭᠠᠵᠤ ᠂ ᠮᠠᠨ ᠤ ᠤᠯᠤᠰ ᠤᠨ ᠠᠵᠤ ᠠᠬᠤᠢ ᠮᠥᠨ ᠬᠦ ︽ᠥᠩᠭᠡ ᠦᠵᠡᠮᠵᠢ ᠨᠢᠡ᠊ᠨᠳᠡ ᠯᠡ ᠭᠤᠶᠣᠬᠠᠨ︾ | ᠪᠠᠶᠢᠬᠤ ᠶᠢ ᠪᠠᠲᠤᠯᠠᠬᠤ ᠪᠣᠯᠣᠨ᠎ᠠ᠃ ᠪᠦᠭᠦ ᠤᠯᠤᠰ ᠤᠨ ᠪᠠᠶᠢᠳᠠᠯ ᠰᠠᠶᠢᠨ ᠪᠣᠯ ᠮᠠᠨ ᠤ ᠥᠪᠥᠷ ᠮᠣᠩᠭᠤᠯ ᠨᠡᠩ ᠰᠠᠶᠢᠨ ᠪᠣᠯᠣᠨ᠎ᠠ᠃ ᠳᠠᠬᠢᠨᠲᠠ ᠰᠢᠯᠢᠳᠡᠭ ᠠᠮᠵᠢᠯᠲᠠ | ᠪᠦᠲᠦᠮᠵᠢ ᠭᠠᠷᠭᠠᠬᠤ ᠢᠲᠡᠭᠡᠯ ᠵᠣᠷᠢᠭ ᠢᠶᠠᠨ ᠦᠨᠡᠨ ᠬᠦ ᠴᠢᠩᠭᠠᠳᠬᠠᠵᠤ ᠂ ᠪᠦᠭᠦ ᠤᠯᠤᠰ ᠤᠨ ᠬᠤᠶᠠᠷ ᠬᠤᠷᠠᠯ ᠠᠴᠠ ᠲᠠᠯᠪᠢᠭᠰᠠᠨ ᠲᠦᠷᠦ ᠶᠢᠨ ᠪᠣᠳᠣᠯᠭ᠎ᠠ ᠶᠢᠨ | ᠠᠰᠢᠭ ᠢ ᠰᠠᠶᠢᠲᠤᠷ ᠠᠰᠢᠭᠯᠠᠵᠤ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠲᠣᠭᠲᠠᠭᠠᠭᠰᠠᠨ ᠡᠯ᠎ᠡ ᠵᠦᠢᠯ ᠤᠨ ᠬᠠᠷᠠᠯᠲᠠ ᠡᠭᠦᠷᠭᠡ ᠶᠢ ᠴᠢᠷᠮᠠᠶᠢᠨ | ᠪᠡᠶᠡᠯᠡᠭᠦᠯᠵᠦ ᠂ ︽ᠰᠠᠶᠢᠨ ᠡᠭᠢᠯᠡᠯᠳᠡ︾ ᠂ ︽ᠪᠦᠭᠦ ᠵᠢᠯ ᠳᠡᠭᠡᠨ ᠰᠠᠶᠢᠨ ᠦᠷ᠎ᠡ ᠪᠦᠲᠦᠮᠵᠢ ᠣᠯᠬᠤ︾ ᠶᠢ ᠴᠢᠷᠮᠠᠶᠢᠨ ᠪᠡᠶᠡᠯᠡᠭᠦᠯᠵᠦ ᠂ ᠬᠤᠶᠠᠷ ᠶᠡᠭᠡ ᠶᠠᠪᠤᠳᠠᠯ ᠢ ᠨᠡᠩ | ᠰᠠᠶᠢᠲᠤᠷ ᠪᠡᠶᠡᠯᠡᠭᠦᠯᠬᠦ ᠬᠡᠷᠡᠭᠲᠡᠢ ᠭᠡᠪᠡ᠃ | ᠰᠦᠨ ᠱᠤᠤ ᠴᠧᠩᠭᠡᠯᠡᠬᠦ ᠳᠡᠭᠡᠨ᠂ ᠪᠦᠭᠦ ᠤᠯᠤᠰ ᠤᠨ ᠬᠤᠶᠠᠷ ᠬᠤᠷᠠᠯ ᠠᠴᠠ ᠲᠣᠳᠣᠷᠬᠠᠶᠢᠯᠠᠬᠰᠠᠨ ᠬᠤᠷᠸ᠎ᠠ ᠲᠥᠷᠥ ᠶᠢᠨ ᠪᠣᠳᠣᠯᠭ᠎ᠠ ᠶᠢᠨ ᠦᠨ᠎ᠡ ᠥᠷᠲᠡᠭ ᠨᠢ | ᠮᠠᠰᠢ ᠥᠨᠳᠥᠷ ᠪᠠᠶᠢᠵᠤ ᠂ ᠥᠪᠡᠷᠲᠡᠭᠡᠨ ᠵᠠᠰᠠᠬᠤ ᠣᠷᠣᠨ ᠤ ᠨᠢᠭᠡ ᠭᠤᠣᠯ ᠰᠢᠵᠢᠮ ᠢ ᠲᠤᠭᠤᠰᠢᠯᠠᠭᠤᠯᠬᠤ ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ ᠂ ᠰᠢᠨ᠎ᠡ ᠵᠠᠮ | ᠨᠡᠭᠡᠭᠡᠵᠦ ᠳᠤᠮᠳᠠ ᠲᠦᠪᠰᠢᠨ ᠳᠤ ᠣᠷᠣᠬᠤ ᠳᠤ ᠮᠠᠰᠢ ᠠᠰᠢᠭᠲᠠᠢ ᠶᠤᠮ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ | ᠳᠠᠷᠤᠢ ᠲᠦᠷᠭᠡᠨ ᠬᠥᠳᠡᠯᠦᠯᠴᠡᠵᠦ ᠂ ᠶᠡᠭᠡ ᠬᠤᠷᠠᠯ ᠠᠴᠠ ᠬᠢᠨᠠᠨ ᠵᠥᠪᠯᠡᠵᠦ ᠪᠠᠲᠤᠯᠠᠭᠰᠠᠨ ᠪᠢᠴᠢᠭ ᠮᠠᠲ᠋ᠧᠷᠢᠶᠠᠯ ᠢ ᠨᠠᠷᠢᠨ ᠬᠢᠨᠠᠮᠠᠭᠠᠢ ᠰᠤᠳᠤᠯᠤᠨ ᠤᠩᠰᠢᠵᠤ᠂ | ᠦᠭᠡ ᠥᠭᠦᠯᠡᠪᠦᠷᠢ ᠶᠢᠨ ᠳᠣᠲᠣᠷᠠᠬᠢ ᠲᠥᠷᠥ ᠶᠢᠨ ᠪᠣᠳᠣᠯᠭ᠎ᠠ ᠶᠢᠨ ᠵᠣᠷᠢᠯᠲᠠ ᠶᠢ ᠰᠡᠳᠬᠢᠯ ᠲᠠᠯᠪᠢᠨ ᠪᠣᠳᠣᠯᠬᠢᠯᠠᠵᠤ ᠂ ᠥᠪᠡᠷ ᠤᠨ ᠣᠷᠣᠨ ᠪᠠᠶᠢᠷᠢ ᠭᠠᠷᠳᠠᠴᠠ ᠪᠠᠨ | ᠣᠨᠣᠪᠴᠢᠲᠠᠶ ᠡᠷᠢᠨ ᠣᠯᠵᠤ ᠂ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ ᠤᠶᠠᠯᠳᠤᠯ ᠴᠡᠭ ᠢ ᠠᠭᠤᠳᠠᠯᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ | ᠬᠡᠷᠡᠭᠲᠡᠢ᠃ | ᠠᠷᠭ᠎ᠠ ᠪᠦᠭᠦᠨ ᠢ ᠰᠦᠪᠡᠭᠴᠢᠯᠡᠨ︽ᠪᠡᠯᠡ ᠮᠥᠩᠭᠦ ᠬᠤᠷᠠᠮᠳᠤᠭᠤᠯᠵᠤ︾ ᠂ ᠤᠯᠠᠨ ᠠᠷᠭ᠎ᠠ ᠬᠡᠮᠵᠢᠶ᠎ᠡ ᠠᠪᠴᠤ ᠪᠡᠯᠡ ᠣᠷᠣᠭᠤᠯᠤᠯᠲᠠ ᠶᠢ ᠥᠷᠭᠡᠳᠬᠡᠬᠦ ᠬᠡᠷᠡᠭᠲᠡᠢ᠃ | ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠬᠦᠴᠦᠯᠡᠨ ᠭᠦᠨᠵᠡᠭᠡᠶᠢᠷᠡᠭᠦᠯᠵᠦ ᠂ ᠵᠠᠬ᠎ᠠ ᠳᠡᠯᠭᠡᠭᠦᠷᠴᠢᠯᠡᠭᠰᠡᠨ ᠠᠷᠭ᠎ᠠ ᠪᠠᠷᠢᠯ ᠢᠶᠠᠷ ︽ᠭᠤᠷᠪᠠᠨ ᠲᠦᠪᠰᠢᠨ︾ ᠢ | ᠳᠡᠭᠡᠭᠰᠢᠯᠡᠭᠦᠯᠭᠦ ᠂ ᠰᠢᠨᠵᠢᠯᠡᠬᠦ ᠤᠬᠠᠭᠠᠨ ᠮᠡᠷᠭᠡᠵᠢᠯ ᠤᠨ︽ᠪᠦᠰᠡᠯᠡᠯᠲᠡ ᠰᠢᠪᠲᠤᠯᠬᠤ︾ᠢᠨᠵᠧᠨᠧᠷᠢᠩ ᠢ ᠬᠡᠷᠡᠭᠵᠢᠭᠦᠯᠬᠦ ᠵᠡᠷᠭᠡ ᠲᠠᠯ᠎ᠠ ᠪᠠᠷ ᠨᠡᠩ ᠤᠯᠠᠨ ᠪᠡᠯᠭᠡ | ᠲᠡᠮᠳᠡᠭ ᠤᠨ ᠴᠢᠨᠠᠷᠲᠠᠢ ᠦᠷ᠎ᠡ ᠪᠦᠲᠦᠭᠡᠯ ᠣᠯᠬᠤ ᠪᠠᠷ ᠴᠢᠷᠮᠠᠶᠢᠬᠤ ᠬᠡᠷᠡᠭᠲᠡᠢ᠃ | ᠴᠢᠩᠭ᠎ᠠ ᠠᠳᠬᠤᠵᠤ ᠪᠤᠰᠢᠭᠤ ᠠᠵᠢᠯᠯᠠᠨ ᠰᠢᠨ᠎ᠡ ᠡᠨᠧᠷᠭᠢ ᠶᠢ ᠬᠥᠭᠵᠢᠭᠦᠯᠵᠦ ᠂ ᠡᠨᠧᠷᠭᠢ ᠨᠥᠭᠡᠴᠡᠯᠡᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ | ᠲᠣᠪᠣᠶᠢᠮ᠎ᠠ ᠰᠠᠶᠢᠲᠤᠷ ᠠᠳᠬᠤᠬᠤ ᠬᠡᠷᠡᠭᠲᠡᠢ᠃ | ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ | ᠬᠢᠵᠦ ᠂ ᠬᠠᠪᠤᠷ ᠤᠨ ᠡᠬᠢᠨ ᠢᠶᠠᠷ ᠲᠡᠭᠷᠢ ᠳᠤᠯᠠᠭᠠᠷᠠᠮᠠᠭᠴᠠ ᠠᠵᠢᠯ ᠢᠶᠠᠨ ᠡᠬᠢᠯᠡᠭᠦᠯᠵᠦ ᠂ ᠡᠮᠦᠨ᠎ᠡ ᠠᠴᠠ ᠤᠮᠠᠷᠠᠰᠢ ᠪᠠᠨ ᠳᠠᠶᠢᠯᠠᠯᠳᠤᠭᠠᠨ ᠢ ᠱᠠᠯᠠᠪᠳᠠᠨ ᠬᠢᠵᠦ ᠂ ᠪᠠᠳᠠᠢ | ᠶᠢᠨ ᠵᠢᠷᠠᠨ᠂ ᠲᠡᠭᠷᠢ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠳᠤ ᠡᠪᠡᠰᠦ ᠮᠣᠳᠣ ᠲᠠᠷᠢᠵᠤ ᠵᠠᠬ᠎ᠠ ᠶᠢ ᠨᠢ ᠬᠤᠮᠢᠨ ᠨᠡᠶᠢᠯᠡᠭᠦᠯᠬᠦ ᠶᠢ ᠪᠦᠭᠦ ᠬᠦᠴᠦᠨ ᠢᠶᠠᠷ ᠢᠶᠠᠨ | ᠠᠬᠢᠭᠤᠯᠵᠤ ᠂ ᠬᠠᠲᠤᠨ ᠭᠤᠣᠯ ᠤᠨ ᠲᠣᠬᠤᠢ ᠶᠢᠨ ᠨᠣᠭᠤᠭᠠᠷᠠᠭᠤᠯᠤᠯᠲᠠ ᠶᠢᠨ ᠪᠦᠰᠡ᠂ ᠨᠦᠯᠦᠮᠡᠯ ᠭᠠᠵᠠᠷ ᠤᠨ ᠬᠠᠰᠢᠯᠭ᠎ᠠ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ | ᠪᠦᠰᠡ᠂ ᠭᠦᠪᠡᠭᠡ ᠵᠠᠬ᠎ᠠ ᠶᠢ ᠪᠢᠲᠡᠭᠦᠮᠵᠢᠯᠡᠬᠦ ᠣᠶ ᠶᠢᠨ ︽ᠳᠥᠷᠪᠡᠨ ᠶᠡᠭᠡ ᠬᠤᠷᠢᠭᠯᠠᠯᠲᠠ ᠶᠢᠨ ᠱᠤᠭᠤᠮ︾ ᠢ ᠪᠠᠬᠢᠵᠢᠭᠦᠯᠵᠦ ᠂ ᠬᠤᠷᠴᠢᠨ᠂ ᠬᠤᠯᠠᠨ ᠰᠢᠷᠭ᠎ᠠ | ᠲᠠᠭ᠎ᠠ ᠶᠢᠨ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠠᠬᠢᠴᠠ ᠶᠢ ᠲᠦᠷᠭᠡᠳᠬᠡᠵᠦ ᠂ ᠳᠡᠭᠡᠳᠤ ᠳᠤᠤᠷᠠᠳᠤ ᠱᠠᠲᠤ ᠪᠠᠷ ᠢᠶᠠᠨ ᠬᠤᠯᠪᠤᠭᠠᠯᠠᠨ | ᠨᠢᠭᠡ ᠯᠡ ᠳᠡᠭᠡᠷ᠎ᠠ ᠳᠡᠬᠦᠰᠭᠡᠬᠦ ᠵᠤᠷᠢᠭ ᠢᠶᠠᠷ ᠨᠡᠩ ᠶᠡᠭᠡ ᠦᠷ᠎ᠡ ᠪᠦᠳᠦᠮᠵᠢ ᠣᠯᠬᠤ ᠬᠡᠷᠡᠭᠲᠡᠢ᠃ | ᠵᠠᠰᠠᠭ ᠤᠨ ᠣᠷᠳᠣᠨ ᠤ ᠥᠷᠢ ᠥᠭᠴᠡᠭᠡ ᠶᠢ ᠤᠬᠳᠤ ᠰᠤᠯᠠᠷᠠᠭᠤᠯᠤᠯ ᠦᠭᠡᠢ ᠠᠷᠢᠯᠭᠠᠵᠤ ᠂ ᠠᠶᠤᠯ ᠲᠦᠭᠰᠢᠭᠦᠷᠢ ᠶᠢ ᠦᠷᠭᠦᠯᠵᠢᠯᠡᠨ ᠠᠷᠢᠯᠭᠠᠬᠤ ᠬᠡᠷᠡᠭᠲᠡᠢ᠃ | ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ ᠠᠵᠢᠯ ᠂ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠂ ᠠᠶᠤᠯ ᠦᠭᠡᠢ ᠦᠢᠯᠡᠳᠪᠦᠷᠢᠯᠡᠯ ᠂ ᠠᠷᠠᠳ ᠤᠨ ᠠᠮᠢᠳᠤᠷᠠᠯ ᠢ | ᠰᠠᠶᠢᠵᠢᠷᠠᠭᠤᠯᠬᠤ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ ᠂ ᠲᠣᠭᠤᠷᠢᠨ ᠪᠠᠶᠢᠴᠠᠭᠠᠵᠤ ᠱᠠᠯᠠᠪᠳᠠᠭᠤᠯᠤᠨ ᠪᠠᠶᠢᠴᠠᠭᠠᠵᠤ ᠢᠯᠡᠷᠡᠭᠦᠯᠦᠭᠰᠡᠨ ᠡᠯ᠎ᠡ | ᠲᠦᠷᠦᠯ ᠤᠨ ᠠᠰᠠᠭᠤᠳᠠᠯ ᠢ ᠪᠦᠭᠦ ᠬᠦᠴᠦᠨ ᠢᠶᠠᠷ ᠢᠶᠠᠨ ᠪᠣᠳᠠᠲᠠᠢ ᠬᠠᠯᠠᠨ ᠰᠠᠶᠢᠵᠢᠷᠠᠭᠤᠯᠬᠤ ᠬᠡᠷᠡᠭᠲᠡᠢ᠃ | ᠡᠯ᠎ᠡ ᠱᠠᠲᠤᠨ ᠤ ᠨᠠᠮ ᠤᠨ ᠬᠤᠷᠢᠶ᠎ᠠ ᠨᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ᠂ | ᠰᠢᠭᠦᠬᠦ ᠬᠤᠷᠢᠶ᠎ᠠ ᠪᠠ ᠪᠠᠶᠢᠴᠠᠭᠠᠬᠤ ᠬᠤᠷᠢᠶ᠎ᠠ ᠶᠢᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠵᠤ ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ | ᠪᠠᠶᠢᠩᠭᠤ ᠶᠢᠨ ᠬᠤᠷᠢᠶ᠎ᠠ᠂ ᠤᠯᠤᠰ ᠲᠦᠷᠦ ᠶᠢᠨ ᠵᠥᠪᠯᠡᠯᠭᠡᠨ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ ᠶᠢᠨ ᠬᠠᠤᠯᠢ ᠳᠦᠷᠢᠮ ᠶᠣᠰᠣᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠪᠦᠭᠦ ᠬᠦᠴᠦ ᠪᠠᠷ ᠢᠶᠠᠨ ᠳᠡᠮᠵᠢᠬᠦ ᠬᠡᠷᠡᠭᠲᠡᠢ ᠭᠡᠪᠡ᠃ | ᠬᠤᠷᠠᠯ ᠢ ᠸᠢᠳᠢᠤ᠋ ᠬᠤᠷᠠᠯ ᠤᠨ ᠭᠡᠯᠪᠡᠷᠢ ᠪᠠᠷ ᠬᠤᠷᠠᠯᠳᠤᠭᠤᠯᠵᠤ ᠂ ᠡᠯ᠎ᠡ ᠠᠶᠢᠮᠠᠭ ᠬᠤᠲᠠ ᠪᠣᠯᠣᠨ ᠮᠠᠨᠵᠤᠤᠷ ᠬᠤᠲᠠ᠂ ᠡᠷᠢᠶᠡᠨ ᠬᠤᠲᠠ᠂ ᠡᠯ᠎ᠡ ᠬᠤᠰᠢᠭᠤ | ᠰᠢᠶᠠᠨ ︵ᠬᠤᠲᠠ᠂ ᠲᠣᠭᠤᠷᠢᠭ︶ ᠳᠤ ᠬᠤᠪᠢᠶᠠᠷᠢ ᠬᠤᠷᠠᠯ ᠤᠨ ᠲᠠᠯᠠᠪᠠᠶ ᠲᠣᠬᠢᠷᠠᠭᠤᠯᠪᠠ᠃ ᠯᠤ᠋ ᠵᠠᠨ ᠴᠢᠩ ᠂ ᠪᠦᠭᠡ ᠂ ᠸᠠᠩ ᠢᠤᠢ ᠵᠢᠶᠧ ᠵᠡᠷᠭᠡ ᠬᠤᠰᠢᠭᠤᠨ ᠤ | ᠳᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠬᠤ ᠨᠦᠬᠦᠳ ᠂ ᠬᠤᠰᠢᠭᠤᠨ ᠤ ᠠᠷᠠᠳ ᠤᠨ ᠰᠢᠬᠦᠬᠦ ᠬᠤᠷᠢᠶ᠎ᠠ ᠶᠢᠨ ᠬᠤᠷᠢᠶᠠᠨ ᠳᠠᠷᠤᠭ᠎ᠠ ᠂ ᠪᠠᠶᠢᠴᠠᠭᠠᠬᠤ | ᠬᠤᠷᠢᠶ᠎ᠠ ᠶᠢᠨ ᠪᠠᠶᠢᠴᠠᠭᠠᠬᠴᠢ ᠳᠠᠷᠤᠭ᠎ᠠ ᠂ ᠵᠡᠬᠦᠠᠭᠠᠷ ᠠᠵᠤ ᠠᠬᠤᠢ ᠶᠢᠨ ᠨᠡᠭᠡᠭᠡᠯᠳᠡ ᠶᠢᠨ ᠤᠷᠤᠨ ᠤ ᠤᠳᠤᠷᠢᠳᠬᠤ ᠪᠠᠭ ᠤᠨ ᠪᠦᠷᠢᠯᠳᠦᠬᠦᠨ ᠨᠠᠷ ᠂ ᠰᠢᠶᠠᠨ ᠭᠠᠵᠠᠷ | ᠤᠨ ᠳᠡᠰ ᠤᠨ ᠠᠵᠢᠯ ᠠᠴᠠ ᠪᠠᠨ ᠳᠠᠷᠬᠠᠯᠠᠬᠳᠠᠬᠰᠠᠨ ᠵᠠᠷᠢᠮ ᠠᠬᠠᠮᠠᠳ ᠨᠦᠬᠦᠳ ᠂ ᠡᠯ᠎ᠠ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ | ᠬᠤᠰᠢᠭᠤᠨ ᠤ ᠰᠢᠭᠤᠳ ᠬᠠᠷᠢᠶ᠎ᠠ ᠡᠯ᠎ᠠ ᠰᠠᠯᠠᠭ᠎ᠠ ᠮᠦᠴᠢᠷ ᠵᠢᠴᠢ ᠡᠯ᠎ᠠ ᠠᠷᠠᠳ ᠤᠨ ᠪᠦᠯᠬᠦᠮ ᠂ ᠬᠤᠳᠠ ᠶᠢᠨ ᠰᠢᠭᠤᠳ ᠬᠠᠮᠢᠶᠠᠷᠤᠯᠳᠠᠳᠤ ᠵᠠᠷᠢᠮ ᠰᠠᠯᠠᠭ᠎ᠠ ᠮᠦᠴᠢᠷ ᠂ | ᠡᠯ᠎ᠡ ᠮᠦᠩᠬᠦᠨ ᠬᠦᠢᠯᠭᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠳᠠᠳ ᠵᠡᠬᠦᠠᠭᠠᠷ ᠬᠤᠰᠢᠭᠤᠨ ᠤ ᠬᠤᠪᠢᠶᠠᠷᠢ ᠬᠤᠷᠠᠯ ᠤᠨ ᠳᠠᠯᠠᠪᠠᠢ ᠳᠤ ᠬᠤᠷᠠᠯ ᠳᠤ | ᠣᠷᠣᠯᠴᠠᠵᠠᠢ᠃ | |