| | 2025 ᠣᠨ ᠤ 3 ᠰᠠᠷ᠎ᠠ ᠶᠢᠨ 19 ᠤ ᠡᠳᠦᠷ ᠤᠨ 14 ᠴᠠᠭ ᠲᠤ ᠂ ᠬᠠᠲᠤᠨ ᠭᠤᠤᠯ ᠤᠨ ᠵᠡᠭᠦᠨᠭᠠᠷ ᠬᠤᠰᠢᠭᠤᠨᠳᠡᠬᠢ ᠬᠦᠯᠳᠡᠭᠰᠡᠨ ᠭᠤᠤᠯ ᠤᠨ ᠬᠡᠰᠡᠭ | ᠪᠦᠬᠦᠨ ᠢᠶᠠᠷ ᠢᠶᠠᠨ ᠳᠠᠶᠢᠯᠤᠬᠳᠠᠵᠤ ᠂ ᠬᠠᠲᠤᠨ ᠭᠤᠤᠯ ᠤᠨ ᠵᠡᠭᠦᠨᠭᠠᠷ ᠬᠤᠰᠢᠭᠤᠨ ᠤ ᠬᠡᠰᠡᠭ ᠤᠨ 2024 — 2025 ᠣᠨ ᠤ ᠰᠦᠩ ᠬᠠᠯᠢᠶ᠎ᠠ ᠦᠶᠡᠷ ᠤᠨ | ᠬᠤᠭᠤᠴᠠᠭ᠎ᠠ ᠳᠠᠭᠤᠰᠤᠭᠰᠠᠨ ᠢ ᠬᠠᠷᠠᠭᠤᠯᠵᠤ ᠪᠠᠶᠢᠨ᠎ᠠ ᠃ | | | | ᠬᠠᠲᠤᠨ ᠭᠤᠤᠯ ᠤᠨ ᠵᠡᠭᠦᠨᠭᠠᠷ ᠬᠤᠰᠢᠭᠤᠨ ᠤ ᠬᠡᠰᠡᠭ ᠤᠨ ᠵᠡᠭᠦᠨᠭᠠᠷ ᠳᠠᠯᠠᠳ ᠤᠨ ᠠᠭᠤᠯᠵᠠᠷ ᠠᠴᠠ ᠸᠠᠨ ᠵᠢᠶᠠ ᠵᠠᠶ ᠬᠠᠰᠢᠯᠭ᠎ᠠ ᠬᠥᠷᠬᠦ ᠪᠥᠬᠦ ᠱᠤᠭᠤᠮ ᠢᠶᠠᠷ | ᠢᠶᠠᠨ ᠭᠤᠤᠯ ᠳᠠᠶᠢᠯᠵᠤ ᠂ ᠭᠤᠤᠯ ᠳᠠᠶᠢᠯᠤᠬᠰᠠᠨ ᠪᠦᠬᠦ ᠤᠷᠳᠤ ᠨᠢ165 ᠺᠢᠯᠣᠮᠧᠲᠷ ᠪᠠᠶᠢᠵᠤ ᠂ ᠡᠭᠦᠨ ᠳᠤ ᠸᠠᠨ ᠵᠢᠶᠠ ᠵᠠᠶ ᠴᠥᠭᠦᠷᠥᠮ ᠤᠨ ᠣᠷᠣᠨ ᠤ 60 | ᠺᠢᠯᠣᠮᠧᠲᠷ ᠢ ᠪᠢᠳᠡᠬᠦᠮᠵᠢᠯᠡᠯ ᠠᠴᠠ ᠨᠢ ᠳᠠᠶᠢᠯᠵᠤ ᠂ ᠴᠥᠭᠦᠷᠥᠮ ᠤᠨ ᠣᠷᠣᠨ ᠳᠤ ᠮᠥᠰᠥ ᠤᠪᠤᠭᠠᠯᠠᠬᠳᠠᠨ ᠂ ᠭᠤᠤᠯ ᠳᠠᠶᠢᠯᠤᠬᠰᠠᠨ ᠬᠡᠰᠡᠭ ᠲᠤ ᠰᠦᠩ ᠬᠠᠯᠢᠶ᠎ᠠ | ᠥᠬᠡᠶ ᠂ ᠤᠰᠤᠨ ᠤ ᠲᠦᠪᠰᠢᠨ ᠳᠣᠷᠣᠭᠰᠢᠯᠠᠨ ᠂ ᠭᠤᠤᠯ ᠤᠨ ᠤᠰᠤ ᠬᠤᠩᠭᠢᠯ ᠳᠤ ᠣᠷᠣᠵᠤ ᠂ ᠵᠠᠷᠢᠮ ᠭᠤᠤᠯ ᠤᠨ ᠬᠡᠰᠡᠭ ᠲᠤ ᠡᠷᠭᠢ ᠶᠢᠨ ᠮᠥᠰᠥ ᠲᠠᠢ ᠪᠠᠶᠢᠵᠤ ᠂ | ᠬᠥᠭᠦᠷᠭᠡ ᠂ ᠮᠤᠷᠦ᠋ᠢᠯᠲᠠ ᠶᠢᠨ ᠬᠡᠰᠡᠭ ᠲᠤ ᠪᠠᠭ᠎ᠠ ᠬᠡᠮᠵᠢᠶᠡᠨ ᠤ ᠮᠥᠰᠥ ᠲᠠᠢ ᠪᠠᠶᠢᠵᠤ ᠂ ᠪᠦᠬᠦᠯᠢ ᠴᠣᠭᠴᠠ ᠪᠠᠷ ᠢᠶᠠᠨ ᠨᠡᠯᠢᠶᠡᠳ ᠲᠡᠭᠰᠢᠬᠡᠨ ᠤᠷᠤᠰᠬᠠᠯ ᠲᠠᠢ | ᠪᠠᠶᠢᠨ᠎ᠠ ᠃ ᠭᠤᠣᠯ ᠳᠠᠶᠢᠯᠬᠤ ᠬᠤᠭᠤᠴᠠᠭ᠎ᠠ ᠨᠢ 8 ᠡᠳᠦᠷ ᠪᠠᠶᠢᠵᠤ ᠂ 24 ᠵᠢᠯ ᠤᠨ ᠭᠤᠣᠯ ᠳᠠᠶᠢᠯᠤᠬᠰᠠᠨ ᠬᠤᠭᠤᠴᠠᠭ᠎ᠠ ᠠᠴᠠ 7 ᠡᠳᠦᠷ ᠡᠷᠲᠡ ᠪᠤᠯᠵᠠᠢ ᠃ | | | | ᠵᠡᠭᠦᠨᠭᠠᠷ ᠬᠤᠰᠢᠭᠤ ᠲᠤᠰ ᠵᠢᠯ ᠤᠨ ᠬᠠᠲᠤᠨ ᠭᠤᠣᠯ ᠤᠨ ᠰᠥᠩ ᠬᠠᠯᠢᠶ᠎ᠠ ᠶᠢ ᠰᠡᠷᠭᠡᠶᠢᠯᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠤᠰᠤᠨ | ᠠᠰᠢᠭᠯᠠᠯᠲᠠ ᠶᠢᠨ ᠶᠠᠮᠤᠨ ᠂ ᠬᠠᠲᠤᠨ ᠭᠤᠣᠯ ᠤᠨ ᠤᠰᠤᠨ ᠠᠰᠢᠭᠯᠠᠯᠲᠠ ᠶᠢᠨ ᠵᠥᠪᠯᠡᠯ ᠂ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠂ | ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ ᠵᠢᠴᠢ ᠬᠤᠰᠢᠭᠤᠨ ᠤ ᠨᠠᠮ ᠤᠨ ᠬᠤᠷᠢᠶ᠎ᠠ ᠂ ᠵᠠᠰᠠᠭ ᠤᠨ ᠣᠷᠳᠣᠨ ᠤ ᠰᠢᠢᠳᠪᠤᠷᠢᠳᠤ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠳᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ︽ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠦᠨᠡᠨᠬᠦ ᠪᠠᠲᠤᠯᠠᠵᠤ ᠂ ᠬᠠᠲᠤᠨ ᠭᠤᠣᠯ ᠤᠨ ᠭᠤᠣᠯ ᠤᠷᠤᠰᠬᠠᠯ ᠰᠠᠯᠪᠤᠷᠢ ᠤᠷᠤᠰᠬᠠᠯ ᠤᠨ ᠬᠠᠰᠢᠯᠭ᠎ᠠ ᠰᠡᠲᠡᠯᠬᠦ ᠦᠭᠡᠶ ᠪᠠᠶᠢᠬᠤ ᠶᠢ ᠦᠨᠡᠨᠬᠦ ᠪᠠᠲᠤᠯᠠᠬᠤ ︾ | ᠬᠠᠷᠠᠯᠲᠠ ᠶᠢ ᠲᠣᠭᠲᠠᠭᠠᠨ ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ ᠂ ᠪᠠᠴᠢᠮ ᠪᠠᠶᠢᠳᠠᠯ ᠢ ᠠᠷᠭᠠᠴᠠᠭᠠᠬᠤ ᠲᠥᠰᠦᠯ ᠳᠤ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠵᠦ ᠂ ᠠᠵᠢᠯ ᠤᠨ ᠮᠡᠳᠡᠭᠳᠡᠯ ᠢ ᠳᠠᠷᠤᠮᠠᠯᠯᠠᠨ ᠲᠠᠷᠬᠠᠭᠠᠵᠤ ᠂ ᠰᠦᠩ ᠬᠠᠯᠢᠶ᠎ᠠ ᠶᠢ ᠰᠡᠷᠭᠡᠶᠢᠯᠡᠬᠦ ᠠᠵᠢᠯ ᠤᠨ ᠲᠣᠭᠲᠠᠴᠠ ᠶᠢ | ᠪᠦᠷᠢᠨᠰᠢᠬᠦᠯᠦᠨ ᠲᠡᠭᠦᠯᠳᠡᠷᠵᠢᠭᠦᠯᠵᠦ ᠂ ᠰᠠᠯᠠᠭ᠎ᠠ ᠮᠥᠴᠢᠷ ᠤᠨ ᠬᠠᠮᠵᠢᠯᠴᠠᠵᠤ ᠬᠠᠮᠲᠤᠷᠠᠨ ᠬᠥᠳᠡᠯᠦᠯᠴᠡᠬᠦ ᠪᠠ ᠰᠦᠩ ᠬᠠᠯᠢᠶ᠎ᠠ ᠶᠢᠨ ᠪᠠᠶᠢᠳᠠᠯ ᠢ ᠵᠥᠪᠳᠡᠯᠴᠡᠨ | ᠰᠤᠳᠤᠯᠵᠤ ᠮᠠᠭᠠᠳᠯᠠᠬᠤ ᠶᠢ ᠴᠢᠩᠭᠠᠳᠬᠠᠵᠤ ᠂ ᠬᠠᠳᠤᠨ ᠭᠤᠣᠯ ᠤᠨ ︽ ᠲᠠᠪᠤᠨ ᠪᠠᠶᠢᠳᠠᠯ ︾ ᠢ ᠨᠢᠭᠲᠠ ᠬᠢᠨᠠᠨ ᠠᠵᠢᠭᠯᠠᠵᠤ ᠂ ︽ ᠲᠦᠷᠪᠡ ᠶᠢ ᠤᠷᠢᠳᠴᠢᠯᠠᠨ | ᠪᠡᠯᠡᠳᠭᠡᠬᠦ ︾ ᠠᠷᠭ᠎ᠠ ᠬᠡᠮᠵᠢᠶ᠎ᠡ ᠶᠢ ᠴᠢᠩᠭᠠᠳᠬᠠᠵᠤ ᠂ ︽ ᠲᠦᠷᠪᠡᠨ ᠭᠡᠯᠬᠢᠶ᠎ᠠ ︾ ᠶᠢ ᠴᠢᠩᠭᠠᠷᠠᠭᠤᠯᠵᠤ ᠂ 24 ᠴᠠᠭ ᠢᠶᠠᠷ ᠰᠦᠩ ᠬᠠᠯᠢᠶ᠎ᠠ ᠶᠢ ᠵᠢᠵᠢᠬᠦᠷᠯᠡᠨ | ᠰᠡᠷᠭᠡᠶᠢᠯᠡᠬᠦ ᠶᠢ ᠪᠠᠷᠢᠮᠲᠠᠯᠠᠵᠤ ᠂ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ ᠶᠢ ᠴᠠᠭ ᠲᠤᠬᠠᠶ ᠳᠤᠨᠢ ᠠᠰᠢᠭᠯᠠᠨ ᠲᠣᠭᠲᠠᠭᠰᠠᠨ ᠴᠠᠭ ᠲᠤ ᠭᠤᠣᠯ ᠤᠨ ᠪᠠᠶᠢᠳᠠᠯ ᠂ | ᠤᠰᠤᠨ ᠲᠦᠪᠰᠢᠨ ᠤᠷᠤᠰᠬᠠᠯ ᠤᠨ ᠬᠡᠮᠵᠢᠶ᠎ᠡ ᠂ ᠰᠦᠩ ᠬᠠᠯᠢᠶ᠎ᠠ ᠶᠢᠨ ᠮᠥᠰᠥ ᠬᠠᠰᠢᠯᠭ᠎ᠠ ᠶᠢᠨ ᠤᠰᠤ ᠶᠢ ᠠᠵᠢᠭᠯᠠᠨ ᠰᠢᠨᠵᠢᠵᠦ ᠂ ᠰᠦᠩ ᠬᠠᠯᠢᠶ᠎ᠠ ᠶᠢ | ᠰᠡᠷᠭᠡᠶᠢᠯᠡᠬᠦ ᠳᠤ ᠰᠢᠢᠳᠪᠤᠷᠢᠳᠤ ᠪᠤᠳᠤᠯᠭ᠎ᠠ ᠶᠢᠨ ᠦᠨᠳᠦᠰᠦᠯᠡᠯ ᠬᠠᠩᠭᠠᠵᠤ ᠂ ᠰᠦᠩ ᠬᠠᠯᠢᠶ᠎ᠠ ᠶᠢ ᠰᠡᠷᠭᠡᠶᠢᠯᠡᠬᠦ ᠬᠠᠮᠳᠤᠷᠠᠯ ᠬᠦᠴᠦᠨ ᠢ ᠪᠤᠢ ᠪᠣᠯᠭᠠᠵᠤ ᠂ ᠬᠠᠳᠤᠨ | ᠭᠤᠣᠯ ᠤᠨ ᠰᠦᠩ ᠬᠠᠯᠢᠶ᠎ᠠ ᠶᠢ ᠰᠡᠷᠭᠡᠶᠢᠯᠡᠬᠦ ᠠᠮᠤᠷ ᠲᠦᠪᠰᠢᠨ ᠢ ᠦᠨᠡᠨ ᠬᠦ ᠪᠠᠲᠤᠯᠠᠬᠰᠠᠨ ᠪᠠᠶᠢᠨ᠎ᠠ ᠃ | | |