| 3 ᠰᠠᠷ᠎ᠠ ᠶᠢᠨ 15 ᠤ ᠡᠳᠦᠷ ᠠᠴᠠ 16 ᠤ ᠡᠳᠦᠷ ᠪᠣᠯᠲᠠᠯ᠎ᠠ ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ | ᠤ ᠳᠠᠷᠤᠭ᠎ᠠ ᠵᠣᠣ ᠱᠤᠸᠠᠨ ᠤᠷᠢᠳ ᠬᠤᠵᠢᠳ ᠵᠡᠭᠦᠨᠭᠠᠷ ᠠᠵᠤ ᠤᠶᠢᠯᠡᠰ ᠤᠨ ᠬᠦᠷᠢᠶᠡᠯᠡᠩ ᠂ ᠰᠢᠦᠸᠠᠢ ᠵᠢᠶᠠ ᠸᠠᠨ ᠪᠠᠯᠭᠠᠰᠤ ᠂ ᠵᠡᠭᠦᠨᠭᠠᠷ ᠵᠣᠣ ᠪᠠᠯᠭᠠᠰᠤ ᠂ ᠳ᠋ᠠ ᠯᠦ | ᠪᠠᠯᠭᠠᠰᠤ ᠵᠡᠷᠭᠡ ᠭᠠᠵᠠᠷ ᠲᠤ ᠬᠦᠷᠴᠦ ᠂ ᠬᠤᠢ ᠨᠧᠩ ᠴᠠᠬᠢᠭᠤᠷ ᠬᠥᠩᠭᠡᠨᠴᠠᠭᠠᠨ ᠤ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠂ ᠬᠠᠷᠬᠤᠰᠤ ᠵᠠᠳᠠᠭᠠᠶ | ᠨᠡᠭᠦᠷᠡᠰᠦᠨ ᠠᠭᠤᠷᠬᠠᠶ ᠶᠢᠨ ᠠᠭᠤᠷᠬᠠᠶ ᠳᠤ ᠭᠡᠷᠡᠭᠯᠡᠬᠦ ᠵᠢᠯᠣᠭᠤᠴᠢ ᠥᠬᠡᠶ ᠠᠴᠢᠶᠠᠨ ᠮᠠᠰᠢᠨ ᠳᠡᠷᠭᠡᠨ ᠤ ᠬᠡᠷᠡᠭᠯᠡᠯᠲᠡ ᠂ ᠳ᠋ᠠ ᠯᠦ ᠪᠠᠯᠭᠠᠰᠤᠨ ᠤ ᠮᠢᠶᠣᠣ ᠵᠢᠶᠠ ᠲᠠᠨ | ᠨᠡᠶᠢᠭᠡᠮ ᠲᠣᠭᠤᠷᠢᠭ ᠤᠨ ᠳᠦᠬᠦᠭᠡᠷᠤᠮᠵᠢᠳᠤ ᠲᠠᠷᠢᠶᠠᠯᠠᠩ ᠤᠨ ᠬᠥᠭᠵᠢᠯᠲᠡ ᠂ ᠤᠯᠠᠭᠠᠨᠪᠤᠯᠠᠭ ᠤᠯᠤᠰ ᠤᠨ ᠥᠮᠴᠢᠯᠡᠯᠲᠦ ᠣᠶ ᠰᠢᠭᠤᠶ ᠶᠢᠨ ᠲᠠᠯᠠᠪᠠᠶ ᠶᠢᠨ ᠰᠤᠶᠤᠭ᠎ᠠ | ᠮᠤᠳᠤᠨ ᠤ ᠰᠠᠭᠤᠷᠢᠨ ᠭᠠᠵᠠᠷ ᠤᠨ ᠵᠢᠮᠢᠰ ᠤᠨ ᠮᠤᠳᠤᠨ ᠤ ᠰᠤᠶᠤᠭ᠎ᠠ ᠳᠠᠷᠢᠵᠤ ᠪᠠᠶᠢᠭ᠎ᠠ ᠵᠡᠷᠭᠡ ᠪᠠᠶᠢᠳᠠᠯ ᠳᠤ ᠪᠠᠶᠢᠴᠠᠭᠠᠨ ᠰᠤᠳᠤᠯᠤᠯᠲᠠ ᠬᠢᠵᠦ ᠂ ᠬᠤᠯᠪᠣᠭᠳᠠᠯ | ᠪᠥᠬᠦᠶ ᠠᠵᠢᠯ ᠤᠨ ᠲᠤᠬᠠᠶ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠶᠠᠷᠢᠯᠴᠠᠨ ᠰᠠᠨᠠᠯ ᠢᠶᠠᠨ ᠰᠣᠯᠢᠯᠴᠠᠪᠠ ᠃ ᠾᠧ ᠲᠠᠢ ᠨᠡᠭᠦᠷᠡᠰᠦᠨ ᠠᠭᠤᠷᠬᠠᠶ ᠪᠣᠯᠤᠨ ᠤᠯᠠᠭᠠᠨ | ᠰᠤᠪᠠᠭ ᠨᠡᠭᠦᠷᠡᠰᠦᠨ ᠠᠭᠤᠷᠬᠠᠶ ᠶᠢᠨ ᠠᠮᠢ ᠠᠬᠤᠶ ᠣᠷᠴᠢᠨ ᠳᠤᠭᠤᠷᠢᠨ ᠤ ᠬᠠᠮᠠᠭᠠᠯᠠᠯᠲᠠ ᠶᠢᠨ ᠠᠰᠠᠭᠤᠳᠠᠯ ᠂ ᠤᠯᠠᠭᠠᠨᠪᠤᠯᠠᠭ ᠲᠣᠰᠬᠤᠨ ᠤ ᠬᠠᠤᠯᠢ ᠶᠢ ᠵᠥᠷᠢᠴᠡᠭᠰᠡᠨ | ᠣᠶ ᠰᠢᠭᠤᠶ ᠨᠤᠳᠤᠭ ᠪᠡᠯᠴᠢᠭᠡᠷ ᠤᠨ ᠵᠢᠷᠤᠭ ᠢ ᠬᠠᠯᠠᠨ ᠰᠠᠶᠢᠵᠢᠷᠠᠭᠤᠯᠬᠤ ᠵᠢᠠᠬᠢᠭᠤᠯᠤᠭᠰᠠᠨ ᠪᠠᠶᠢᠳᠠᠯ ᠢ ᠲᠤᠬᠠᠶ ᠶᠢᠨ ᠭᠠᠵᠠᠷ ᠲᠤᠨᠢ ᠱᠠᠯᠠᠪᠳᠠᠭᠤᠯᠤᠨ | ᠵᠢᠯᠤᠭᠤᠳᠤᠬᠰᠠᠨ ᠤ ᠬᠠᠮᠲᠤ ᠵᠡᠭᠦᠨᠭᠠᠷ ᠵᠣᠣ ᠪᠠᠯᠭᠠᠰᠤ ᠂ ᠳ᠋ᠠ ᠯᠦ ᠪᠠᠯᠭᠠᠰᠤᠨ ᠳᠤ ᠲᠣᠰ ᠲᠣᠰ ᠶᠠᠷᠢᠯᠴᠠᠬᠤ ᠬᠤᠷᠠᠯ ᠬᠤᠷᠠᠯᠳᠤᠭᠤᠯᠵᠤ ᠂ ᠬᠠᠮᠢᠶ᠎ᠠ ᠪᠥᠬᠦᠶ ᠠᠵᠢᠯ ᠢ | ᠳᠣᠭᠢᠷᠠᠭᠤᠯᠤᠨ ᠪᠠᠶᠢᠷᠢᠯᠠᠭᠤᠯᠵᠤ ᠂ ᠪᠣᠳᠠᠲᠠᠶ ᠠᠵᠢᠯ ᠤᠨ ᠱᠠᠭᠠᠷᠳᠠᠯᠭ᠎ᠠ ᠳᠤᠷᠠᠳᠪᠠ ᠃ | ᠡᠨᠡ ᠬᠤᠭᠤᠴᠠᠭᠠᠨ ᠳᠤ ᠂ ᠵᠤᠤ ᠱᠤᠸᠠᠨ ᠤᠯᠠᠭᠠᠨᠪᠤᠯᠠᠭ ᠤᠯᠤᠰ ᠤᠨ ᠥᠮᠴᠢᠯᠡᠯᠳᠤ ᠤᠢ ᠰᠢᠭᠤᠢ ᠶᠢᠨ ᠲᠠᠯᠠᠪᠠᠢ ᠳᠤ ᠬᠦᠷᠴᠦ ᠤᠢ ᠰᠢᠭᠤᠢ ᠶᠢ ᠲᠣᠭᠤᠷᠢᠨ | ᠪᠠᠶᠢᠴᠠᠭᠠᠬᠤ ᠠᠵᠢᠯ ᠥᠷᠨᠢᠭᠦᠯᠵᠡᠢ ᠃ | ᠵᠠᠰᠠᠭ ᠤᠨ ᠣᠷᠳᠣᠨ ᠤ ᠬᠤᠰᠢᠭᠤᠨ ᠤ ᠳᠡᠳ᠋ ᠳᠠᠷᠤᠭ᠎ᠠ ᠯᠢᠦ ᠢᠦᠶ ᠴᠧᠩ ᠂ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠤᠷᠤᠨ ᠂ ᠬᠠᠷᠢᠶ᠎ᠠ ᠭᠠᠵᠠᠷ ᠤᠨ | ᠰᠢᠶᠠᠩ ᠪᠠᠯᠭᠠᠰᠤ ᠂ ᠬᠤᠯᠪᠤᠬᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠲᠣᠰ ᠲᠣᠰ ᠣᠷᠣᠯᠴᠠᠵᠠᠶ ᠃ | | | |