| 3 ᠰᠠᠷ᠎ᠠ ᠶᠢᠨ 20 ᠤ ᠡᠳᠦᠷ ᠂ ᠬᠤᠰᠢᠭᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠵᠠᠰᠠᠭ ᠤᠨ ᠣᠷᠳᠣᠨ ᠤ ᠬᠤᠰᠢᠭᠤᠨ ᠤ ᠳᠠᠷᠤᠭ᠎ᠠ ᠵᠣᠣ ᠱᠤᠸᠠᠨ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ 2025 ᠣᠨ ᠤ ᠭᠤᠷᠪᠠᠳᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ | ᠬᠤᠷᠠᠯ ᠠᠴᠠ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ ᠂ ᠶᠡᠷᠦᠩᠬᠡᠢ ᠱᠦᠵᠢ ᠰᠢ ᠶᠢᠨ ᠫᠢᠩ ᠤᠨ ᠵᠢᠶᠠᠩᠰᠤ ᠶᠢᠨ ᠲᠥᠯᠥᠭᠡᠯᠡᠭᠴᠢᠳ ᠤᠨ | ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠤᠯᠤᠰ ᠲᠥᠷᠥ ᠶᠢᠨ ᠵᠥᠪᠯᠡᠯᠭᠡᠨ ᠤ ᠬᠤᠷᠠᠯ ᠳᠤ | ᠣᠷᠣᠯᠴᠠᠭᠰᠠᠨ ᠠᠷᠠᠳᠴᠢᠯᠠᠭᠰᠠᠨ ᠬᠤᠯᠪᠣᠭ᠎ᠠ ᠠᠷᠠᠳᠴᠢᠯᠠᠯ ᠢᠶᠠᠷ ᠠᠬᠢᠭᠤᠯᠬᠤ ᠬᠤᠷᠠᠯ ᠰᠤᠷᠭᠠᠨ ᠬᠥᠮᠦᠵᠢᠯ ᠤᠨ ᠡᠲᠡᠭᠡᠳ ᠤᠨ ᠭᠡᠰᠢᠭᠦᠳ ᠢ ᠡᠷᠭᠢᠵᠦ ᠦᠵᠡᠬᠦ | ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠠᠷᠠᠳ ᠤᠨ ᠡᠵᠡᠩᠨᠡᠯᠳᠡ ᠶᠢᠨ ᠠᠵᠤ ᠠᠬᠤᠶᠢᠯᠠᠯ ᠤᠨ ᠬᠢᠨ ᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ | ᠶᠠᠷᠢᠶᠠᠨ ᠤ ᠵᠣᠷᠢᠭ ᠰᠠᠨᠠᠭ᠎ᠠ ᠂ ᠭᠢᠷᠢᠨ ᠮᠤᠵᠢ ᠶᠢᠨ ᠨᠠᠮ ᠤᠨ ᠬᠤᠷᠢᠶ᠎ᠠ ᠪᠣᠯᠣᠨ ᠮᠤᠵᠢ ᠶᠢᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ | ᠰᠣᠨᠣᠰᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠂ ᠰᠧᠴᠤᠸᠠᠨ ᠤ ᠢᠪᠢᠨ ᠬᠤᠲᠠ ᠶᠢᠨ ᠵᠢᠶᠦ᠋ᠨ ᠯᠢᠶᠠᠨ ᠰᠢᠶᠠᠨ ᠤ ᠠᠭᠤᠯᠠ ᠶᠡᠭᠦᠷᠡᠬᠦ ᠦᠶ᠎ᠡ ᠳᠤ | ᠦᠭᠬᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠶᠠᠷᠢᠶᠠᠨ ᠤ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠣᠶᠢᠯᠠᠭᠠᠵᠤ ᠂ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠲᠤᠬᠠᠢ ᠴᠢᠬᠤᠯᠠᠴᠢᠯᠠᠭᠰᠠᠨ ᠪᠠᠶᠢᠨ᠎ᠠ ᠃ | ᠬᠤᠷᠠᠯ ᠠᠴᠠ ︽ᠵᠡᠭᠦᠨᠭᠠᠷ ᠬᠤᠰᠢᠭᠤᠨ ᠤ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠭᠠᠳᠠᠬᠰᠢᠯᠠᠭᠤᠯᠤᠯᠳᠠ ᠶᠢ ᠤᠷᠬᠢᠯ ᠭᠡᠮᠵᠢᠭᠳᠡᠯ ᠳᠤ ᠬᠦᠷᠭᠡᠬᠦ | ᠬᠡᠷᠡᠭᠵᠢᠭᠦᠯᠬᠦ ᠲᠥᠰᠥᠯ︾ ᠂ ︽ᠵᠡᠭᠦᠨᠭᠠᠷ ᠬᠤᠰᠢᠭᠤᠨ ᠤ ᠵᠢᠵᠢᠭ ᠬᠡᠯᠪᠡᠷᠢ ᠶᠢᠨ ᠬᠦᠨᠳᠡᠢ ᠶᠢᠨ ᠵᠠᠪᠰᠠᠷ ᠲᠠᠢ ᠭᠦᠢᠬᠡᠨ ᠳᠠᠪᠬᠤᠷᠭ᠎ᠠ ᠶᠢᠨ ᠭᠠᠵᠠᠷ ᠳᠣᠣᠷᠠᠬᠢ ᠤᠰᠤ ᠶᠢ | ᠬᠡᠲᠦᠷᠡᠲᠡᠯ᠎ᠡ ᠲᠠᠲᠠᠭᠰᠠᠨ ᠣᠷᠣᠨ ᠢ ᠵᠠᠰᠠᠬᠤ ᠲᠥᠰᠥᠯ︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠤ ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠬᠡᠦᠬᠡᠳ ᠲᠤ | ᠰᠦᠢᠳᠬᠡᠯ ᠬᠤᠷᠢᠶᠠᠬᠤ ᠦᠭᠡᠢ ᠰᠤᠷᠭᠠᠨ ᠬᠥᠮᠦᠵᠢᠯ ᠬᠦᠷᠲᠡᠭᠡᠬᠦ ᠂ ᠵᠡᠭᠦᠨᠭᠠᠷ ᠬᠤᠰᠢᠭᠤᠨ ᠤ ᠰᠢᠨ᠎ᠡ ᠴᠠᠭ ᠦᠶ᠎ᠡ ᠶᠢᠨ ᠠᠷᠢᠭᠤᠨ ᠴᠢᠬᠡᠴᠢ ᠰᠣᠶᠣᠯ ᠰᠤᠷᠭᠠᠨ | ᠬᠥᠮᠦᠵᠢᠯ ᠤᠨ ᠰᠠᠭᠤᠷᠢᠨ ᠢ ᠪᠠᠶᠢᠭᠤᠯᠬᠤ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠲᠤᠰᠬᠠᠢ ᠠᠩᠭᠢ ᠶᠢᠨ ᠭᠡᠰᠢᠭᠦᠨ ᠢ ᠡᠯᠰᠡᠬᠦ | ᠵᠡᠷᠭᠡ ᠤᠴᠢᠷ ᠶᠠᠪᠤᠳᠠᠯ ᠢ ᠰᠤᠳᠤᠯᠵᠤ ᠂ ᠲᠥᠰᠥᠯ ᠤᠨ ᠠᠭᠤᠯᠭ᠎ᠠ ᠶᠢ ᠨᠠᠷᠢᠯᠢᠭᠵᠢᠭᠤᠯᠤᠨ ᠲᠡᠭᠦᠯᠳᠡᠷᠵᠢᠭᠦᠯᠬᠦ ᠂ ᠰᠡᠳᠬᠢᠴᠡ ᠠᠷᠭ᠎ᠠ ᠬᠡᠮᠵᠢᠶ᠎ᠡ ᠶᠢᠨ ᠰᠢᠨ᠎ᠡ ᠶᠢ | ᠡᠭᠦᠳᠬᠦ ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠦᠴᠦᠲᠡᠢ ᠪᠥᠭᠡᠳ ᠡᠮᠬᠢ ᠳᠢᠭᠯᠢᠮ ᠲᠠᠢ ᠠᠬᠢᠭᠤᠯᠬᠤ ᠲᠤᠬᠠᠢ ᠲᠣᠳᠣᠷᠬᠠᠢ ᠱᠠᠭᠠᠷᠳᠠᠯᠭ᠎ᠠ ᠳᠤᠷᠠᠳᠴᠠᠢ᠃ | ᠬᠤᠷᠠᠯ ᠠᠴᠠ ᠪᠠᠰᠠ ᠠᠵᠤ ᠠᠬᠤᠢ ᠶᠢᠨ ᠡᠷᠬᠢᠯᠳᠡ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ᠂ ᠠᠶᠤᠯᠭᠦᠢ ᠦᠢᠯᠡᠳᠪᠦᠷᠢᠯᠡᠯ᠂ ᠠᠮᠢ ᠠᠬᠤᠢ ᠣᠷᠴᠢᠨ | ᠲᠣᠭᠤᠷᠢᠨ ᠤ ᠬᠠᠮᠠᠭᠠᠯᠠᠯᠲᠠ ᠵᠡᠷᠭᠡ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃ | ᠬᠤᠰᠢᠭᠤᠨ ᠤ ᠤᠳᠤᠷᠢᠳᠤᠯᠭ᠎ᠠ ᠳ᠋ᠦ᠋ ᠶᠠᠨ ᠪᠢᠨ ᠂ ᠦ᠋ ᠰᠢᠦᠢ ᠳ᠋ᠦᠩ ᠂ ᠶᠠᠨ ᠰᠢᠦᠸᠠᠢ ᠵᠢᠶᠦ᠋ᠨ ᠂ ᠵᠠᠩ ᠶᠠ ᠨᠠᠨ ᠂ ᠯᠢᠦ ᠢᠦᠢ ᠴᠧᠩ ᠂ ᠳ᠋ᠦ᠋ᠸᠠᠨ ᠰᠢᠨ ᠭᠦᠸᠧ ᠂ | ᠭᠦᠸᠧ ᠷᠦᠢ ᠂ ᠵᠡᠭᠦᠨᠭᠠᠷ ᠠᠵᠤ ᠠᠬᠤᠢ ᠶᠢᠨ ᠨᠡᠭᠡᠭᠡᠯᠲᠡ ᠶᠢᠨ ᠤᠷᠤᠨ ᠵᠢᠴᠢ ᠬᠤᠯᠪᠤᠬᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠳ ᠣᠷᠣᠯᠴᠠᠵᠠᠢ ᠃ | |