| ︽ᠵᠢᠷᠭᠤᠭᠠᠨ ᠠᠵᠢᠯᠯᠠᠭ᠎ᠠ︾ ᠪᠣᠯ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠳᠤᠨᠤᠨ ᠤ ︽ᠵᠢᠷᠭᠤᠭᠠᠨ ᠢᠨᠵᠧᠨᠧᠷᠢᠩ︾ | ᠤᠨ ᠳᠠᠷᠠᠭᠠᠬᠢ ᠪᠠᠰᠠ ᠨᠢᠭᠡᠨ ᠴᠢᠬᠤᠯᠠ ᠶᠡᠭᠡ ᠪᠠᠶᠢᠷᠢᠯᠠᠭᠤᠯᠤᠯᠲᠠ ᠪᠣᠯᠣᠨ᠎ᠠ᠂ ᠮᠥᠨᠴᠦ ︽ᠲᠠᠪᠤᠨ ᠶᠡᠭᠡ ᠡᠭᠦᠷᠭᠡ︾ ᠶᠢ ᠰᠠᠶᠢᠲᠤᠷ ᠪᠡᠶᠡᠯᠡᠭᠦᠯᠬᠦ ᠶᠢᠨ ᠴᠢᠬᠤᠯᠠ | ᠭᠠᠷᠳᠠᠴᠠ ᠪᠣᠯᠣᠨ᠎ᠠ᠃ ᠡᠭᠦᠨ ᠳᠤ ᠂ ᠴᠢᠬᠤᠯᠠ ᠶᠡᠭᠡ ᠲᠦᠷᠦᠯ ᠵᠦᠢᠯ ᠢ ᠲᠥᠯᠥᠪᠵᠢᠭᠦᠯᠬᠦ ᠠᠵᠢᠯᠯᠠᠭ᠎ᠠ ᠨᠢ︽ᠵᠢᠷᠭᠤᠭᠠᠨ ᠠᠵᠢᠯᠯᠠᠭ᠎ᠠ︾ ᠶᠢᠨ ᠨᠢᠭᠡᠳᠦᠭᠡᠷ ᠠᠵᠢᠯᠯᠠᠭ᠎ᠠ | ᠪᠣᠯᠤᠭᠰᠠᠨ ᠤ ᠬᠤᠪᠢ ᠳᠤ ᠂ ᠠᠵᠤ ᠠᠬᠤᠢ ᠶᠢᠨ ᠬᠥᠭᠵᠢᠯᠲᠡ ᠶᠢ ᠬᠥᠲᠥᠯᠥᠨ ᠳᠠᠭᠠᠭᠤᠯᠬᠤ ᠂ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠬᠤᠷᠠᠮᠳᠤᠭᠤᠯᠬᠤ | ᠪᠠ ᠨᠡᠮᠡᠭᠳᠡᠭᠦᠯᠬᠦ ᠴᠢᠬᠤᠯᠠ ᠡᠭᠦᠷᠭᠡ ᠶᠢ ᠡᠭᠦᠷᠭᠡᠯᠡᠵᠦ ᠪᠠᠶᠢᠳᠠᠭ ᠃ | ᠥᠪᠡᠷᠲᠡᠭᠡᠨ ᠵᠠᠰᠠᠬᠤ ᠣᠷᠣᠨ ᠤ ︽ ᠵᠢᠷᠭᠤᠭᠠᠨ ᠠᠵᠢᠯᠯᠠᠭ᠎ᠠ ︾ ᠶᠢ ᠨᠠᠶᠢᠳᠠᠪᠤᠷᠢᠵᠢᠭᠤᠯᠬᠤ ᠶᠢᠨ ᠳᠤᠰᠠᠳᠠ ᠂ ᠬᠤᠰᠢᠭᠤᠨ ᠤ ᠨᠠᠮ ᠤᠨ ᠬᠤᠷᠢᠶᠠᠨ ᠤ ᠠᠷᠪᠠᠨ | ᠵᠢᠷᠭᠤᠳᠤᠭᠠᠷ ᠬᠤᠭᠤᠴᠠᠭᠠᠨ ᠤ ᠨᠠᠢᠮᠠᠳᠤᠭᠠᠷ ᠪᠥᠬᠦᠳᠡ ᠬᠤᠷᠠᠯ ᠵᠢᠴᠢ ᠪᠥᠬᠦ ᠬᠤᠰᠢᠭᠤᠨ ᠤ ᠠᠵᠤ ᠠᠬᠤᠢ ᠶᠢᠨ ᠠᠵᠢᠯ ᠤᠨ ᠬᠤᠷᠠᠯ ᠠᠴᠠ ︽ ᠠᠷᠪᠠᠨ ᠶᠡᠭᠡ | ᠢᠨᠵᠧᠨᠧᠷᠢᠩ ︾ ᠢ ᠬᠡᠷᠡᠭᠵᠢᠭᠦᠯᠬᠦ ᠪᠠᠷ ᠳᠤᠷᠠᠳᠤᠨ ᠭᠠᠷᠭᠠᠪᠠ ᠂ ᠡᠭᠦᠨ ᠳᠤ ︽ ᠬᠡᠯᠪᠡᠷᠢ ᠪᠠᠨ ᠬᠤᠪᠢᠷᠠᠭᠤᠯᠤᠨ ᠬᠥᠲᠥᠯᠥᠨ ᠳᠠᠭᠠᠭᠤᠯᠵᠤ ᠂ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠬᠢᠬᠦ ︾ ᠢᠨᠵᠧᠨᠧᠷᠢᠩ ᠨᠢ ᠲᠥᠷᠥᠯ ᠵᠦᠢᠯ ᠤᠨ ᠬᠡᠪᠴᠢᠶ᠎ᠡ ᠂ ᠪᠡᠯᠡ ᠣᠷᠣᠭᠤᠯᠤᠯᠲᠠ ᠶᠢᠨ ᠲᠥᠯᠥᠪᠯᠡᠭᠡ ᠶᠢ ᠣᠨᠣᠪᠴᠢᠲᠠᠶ ᠲᠣᠭᠲᠠᠭᠠᠵᠤ ᠂ | ᠪᠥᠬᠦ ᠲᠠᠯ᠎ᠠ ᠪᠠᠷ ᠲᠣᠭᠲᠠᠭᠤᠨ ᠬᠥᠭᠵᠢᠭᠦᠯᠬᠦ ︽ ᠰᠠᠭᠤᠷᠢ ︾ ᠶᠢ ᠪᠣᠶ ᠪᠣᠯᠭᠠᠪᠠ ᠃ ᠡᠨᠡ ᠵᠢᠯ ᠂ ᠵᠡᠭᠦᠨᠭᠠᠷ ᠬᠤᠰᠢᠭᠤ ︽ ᠠᠷᠪᠠᠨ ᠲᠠᠪᠤᠳᠤᠭᠠᠷ ᠲᠠᠪᠤᠨ ᠵᠢᠯ ︾ ᠤᠨ | ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠᠷ ᠠᠵᠠ ᠲᠣᠬᠢᠶᠠᠯ ᠪᠣᠯᠭᠠᠵᠤ ᠂ ︽ ᠴᠢᠬᠤᠯᠠ ᠶᠡᠭᠡ ᠲᠥᠷᠥᠯ ᠵᠦᠢᠯ ᠢ ᠲᠥᠯᠥᠪᠵᠢᠭᠦᠯᠬᠦ ᠠᠵᠢᠯᠯᠠᠭ᠎ᠠ ︾ ᠶᠢ | 2025 ᠣᠨ ᠤ ᠠᠵᠢᠯ ᠤᠨ ︽ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ︾ ᠪᠣᠯᠭᠠᠵᠤ ᠂ ᠲᠥᠷᠥᠯ ᠵᠦᠢᠯ ᠢ ᠲᠥᠯᠥᠪᠵᠢᠭᠦᠯᠬᠦ ᠲᠥᠯᠥᠪᠯᠡᠭᠡ ᠶᠢᠨ | ᠬᠦᠰᠦᠨᠦᠭᠲᠦ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠡᠷᠡᠭᠴᠡᠭᠡ ᠱᠠᠭᠠᠷᠳᠠᠯᠭ᠎ᠠ ᠶᠢ ᠣᠯᠠᠨ ᠵᠠᠮ | ᠮᠦᠷ ᠢᠶᠠᠷ ᠥᠷᠭᠡᠨ ᠢᠶᠠᠷ ᠴᠤᠭᠯᠠᠭᠤᠯᠵᠤ ᠂ ︽ ᠲᠥᠷᠥᠯ ᠵᠦᠢᠯ ᠤᠨ ᠲᠤᠭ᠎ᠠ ᠬᠡᠮᠵᠢᠶ᠎ᠡ ᠶᠢ ᠰᠢᠯᠢᠳᠡᠭᠵᠢᠭᠦᠯᠦᠨ ᠂ ᠲᠥᠷᠥᠯ ᠵᠦᠢᠯ ᠤᠨ ᠶᠠᠰᠤ ᠴᠢᠨᠠᠷ ᠢ ᠳᠡᠭᠡᠭᠰᠢᠯᠡᠭᠦᠯᠬᠦ ︾ | ᠵᠠᠷᠴᠢᠮ ᠢᠶᠠᠷ ᠲᠥᠷᠥᠯ ᠵᠦᠢᠯ ᠢ ᠲᠥᠯᠥᠪᠵᠢᠭᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠤᠨ᠎ᠠ ᠃ | ᠵᠡᠭᠦᠨᠭᠠᠷ ᠬᠤᠰᠢᠭᠤ ᠭᠤᠣᠯ ᠠᠵᠤ ᠦᠢᠯᠡᠰ ᠤᠨ ᠬᠡᠯᠬᠢᠶ᠎ᠡ ᠰᠢᠨ᠎ᠡ ᠶᠢ ᠡᠭᠦᠳᠬᠦ ᠬᠡᠯᠬᠢᠶ᠎ᠡ ᠶᠢᠨ ᠲᠣᠭᠤᠷᠢᠨ ᠳᠤ ᠂ ᠪᠣᠬᠢᠷᠲᠤᠯ ᠦᠭᠡᠢ ᠨᠡᠭᠦᠷᠡᠰᠤ ᠬᠢᠮᠢ ᠶᠢᠨ ᠠᠵᠤ | ᠤᠶᠢᠯᠡᠳᠪᠤᠷᠢ ᠂ ᠰᠢᠨ᠎ᠡ ᠮᠠᠲ᠋ᠧᠷᠢᠶᠠᠯ ᠂ ᠰᠢᠨ᠎ᠡ ᠡᠨᠧᠷᠭᠢ ᠂ ᠳᠤᠨᠤᠬᠯᠠᠯ ᠦᠢᠯᠡᠳᠬᠦ ᠵᠢᠴᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠡᠷᠬᠢᠯᠳᠦᠬᠦᠯᠤᠨ ᠠᠰᠢᠭᠯᠠᠬᠤ | ᠵᠡᠷᠭᠡ ᠬᠦᠴᠦᠷᠬᠡᠭ ᠶᠡᠭᠡ ᠨᠥᠯᠥᠭᠡᠯᠡᠬᠦ ᠬᠦᠴᠦᠨ ᠂ ᠳᠠᠭᠠᠭᠤᠯᠬᠤ ᠬᠦᠴᠦᠨ ᠪᠠ ᠳᠠᠶᠢᠴᠢᠯᠠᠬᠤ ᠬᠦᠴᠦᠨ ᠪᠦᠬᠦᠢ ᠴᠢᠬᠤᠯᠠ ᠶᠡᠭᠡ ᠠᠵᠤ ᠦᠢᠯᠡᠰ ᠤᠨ ᠲᠥᠷᠥᠯ | ᠵᠦᠢᠯ ᠢ ᠭᠤᠣᠯᠳᠠᠯᠭ᠎ᠠ ᠲᠠᠢ ᠲᠥᠯᠥᠪᠵᠢᠬᠦᠯᠵᠤ ᠂ ᠨᠡᠭᠦᠷᠡᠰᠦ ᠪᠠᠷ ᠰᠠᠭᠤᠷᠢ ᠪᠣᠯᠭᠠᠭᠰᠠᠨ ᠂ ᠬᠦᠩᠭᠡᠨᠴᠠᠭᠠᠨ ᠢᠶᠠᠷ ᠰᠠᠭᠤᠷᠢ ᠪᠣᠯᠭᠠᠭᠰᠠᠨ ᠠᠵᠤ ᠦᠢᠯᠡᠰ ᠤᠨ | ᠬᠡᠯᠬᠢᠶ᠎ᠡ ᠶᠢ ᠢᠳᠡᠪᠬᠢᠲᠡᠢ ᠪᠠᠷ ᠤᠷᠲᠤᠳᠬᠠᠵᠤ ᠂ ᠡᠬᠢ ᠪᠠᠶᠠᠯᠢᠭ ᠪᠠ ᠬᠦᠴᠦᠨ ᠵᠦᠢᠯ ᠤᠨ ᠳᠠᠪᠠᠭᠤᠯᠢᠭ ᠢ ᠪᠥᠬᠦ ᠠᠵᠤ ᠦᠢᠯᠡᠰ ᠤᠨ ᠬᠡᠯᠬᠢᠶ᠎ᠡ ᠳᠤ ᠬᠦᠷᠲᠡᠯ᠎ᠡ | ᠥᠷᠭᠡᠳᠬᠡᠨ ᠳᠠᠶᠢᠴᠢᠯᠠᠵᠤ ᠂ ᠴᠢᠬᠤᠯᠠ ᠶᠡᠭᠡ ᠠᠵᠤ ᠦᠢᠯᠡᠰ ᠤᠨ ᠰᠦᠷᠦᠭᠵᠢᠯ ᠢ ᠪᠣᠶᠢᠵᠢᠭᠤᠯᠤᠨ ᠂ ᠨᠢᠭᠡ ᠶᠢ ᠳᠦᠯᠦᠪᠵᠢᠬᠦᠯᠤᠨ ᠂ ᠨᠢᠭᠡ ᠰᠦᠷᠦᠭ ᠢ ᠣᠷᠣᠭᠤᠯᠤᠨ | ᠠᠪᠴᠢᠷᠠᠵᠤ ᠂ ᠨᠢᠭᠡ ᠬᠡᠰᠡᠭ ᠢ ᠨᠥᠯᠥᠭᠡᠯᠡᠨ ᠂ ᠪᠥᠬᠦ ᠣᠷᠣᠨ ᠪᠦᠰᠡ ᠶᠢ ᠳᠠᠶᠢᠴᠢᠯᠠᠬᠤ ᠪᠠᠷ ᠴᠢᠷᠮᠠᠶᠢᠵᠤ ᠂ ︽ ᠶᠡᠭᠡ ᠪᠠᠷ ᠪᠠᠭ᠎ᠠ ᠶᠢ ᠳᠠᠶᠢᠴᠢᠯᠠᠬᠤ ︾ ᠦᠷ᠎ᠡ | ᠪᠦᠲᠦᠮᠵᠢ ᠶᠢ ᠦᠨᠡᠨᠬᠦ ᠭᠠᠷᠭᠠᠵᠤ ᠪᠤᠢ ᠃ | ᠤᠳᠤᠬᠠᠨ ᠪᠣᠯᠲᠠᠯ᠎ᠠ ᠂ ᠵᠡᠭᠦᠨᠭᠠᠷ ᠬᠤᠰᠢᠭᠤ 2025 ᠣᠨ ᠳᠤ ᠥᠪᠡᠷᠲᠡᠭᠡᠨ ᠵᠠᠰᠠᠬᠤ ᠣᠷᠣᠨ ᠂ ᠬᠤᠲᠠ ᠶᠢᠨ ᠱᠠᠲᠤᠨ ᠤ ᠲᠣᠬᠢᠷᠠᠭᠤᠯᠤᠯᠲᠠ ᠶᠢᠨ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ 67 ᠲᠥᠷᠥᠯ ᠵᠦᠢᠯ ᠢ ᠬᠡᠷᠡᠭᠵᠢᠭᠦᠯᠬᠦ ᠪᠠᠷ ᠲᠥᠯᠥᠪᠯᠡᠵᠦ ᠂ ᠶᠡᠷᠦᠩᠬᠡᠢ ᠪᠡᠯᠡ ᠣᠷᠣᠭᠤᠯᠤᠯᠲᠠ ᠨᠢ 1658.8 | ᠳ᠋ᠦᠩᠰᠢᠭᠤᠷ ᠲᠥᠭᠦᠷᠢᠭ ᠪᠠᠶᠢᠵᠤ ᠂ ᠵᠢᠯ ᠳᠤ 285 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠯᠲᠠ ᠬᠢᠬᠦ ᠪᠠᠷ ᠳᠦᠯᠦᠪᠯᠡᠵᠤ ᠪᠠᠶᠢᠨ᠎ᠠ ︔ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠤ 272 ᠳᠦᠷᠤᠯ ᠵᠤᠶᠢᠯ ᠢ ᠭᠤᠣᠯᠳᠠᠯᠭ᠎ᠠ ᠲᠠᠢ ᠬᠡᠷᠡᠭᠵᠢᠭᠦᠯᠬᠦ ᠪᠠᠷ ᠲᠥᠯᠥᠪᠯᠡᠵᠦ ᠂ ᠪᠡᠯᠡ | ᠣᠷᠣᠭᠤᠯᠤᠯᠲᠠ ᠶᠢ ᠨᠡᠶᠢᠳᠡ 2686 ᠳ᠋ᠦᠩᠰᠢᠭᠤᠷ ᠲᠥᠭᠦᠷᠢᠭ ᠲᠤ ᠬᠦᠷᠭᠡᠨ᠎ᠠ᠃ | | | | | | | | | | | | | | | | | | | | | |