| | ᠡᠯ᠎ᠡ ᠰᠤᠮᠤ ᠰᠢᠶᠠᠩ ᠪᠠᠯᠭᠠᠰᠤ ᠵᠡᠭᠡᠯᠢ ᠭᠤᠳᠤᠮᠵᠢ ᠶᠢᠨ ᠭᠡᠷᠡᠭ ᠡᠷᠬᠢᠯᠡᠬᠦ ᠭᠠᠵᠠᠷ ᠂ ᠡᠯ᠎ᠡ ᠬᠠᠮᠢᠶ᠎ᠠ ᠪᠦᠬᠦᠢ ᠨᠢᠭᠡᠴᠢ ᠳᠤ ᠄ | ᠣᠳᠣᠬᠠᠨ ᠳᠤ ᠂ ᠮᠠᠨ ᠤ ᠬᠤᠰᠢᠭᠤ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠠᠮᠠᠷᠬᠠᠨ ᠭᠠᠷᠬᠤ ᠠᠶᠤᠯᠳᠠᠢ ᠬᠤᠭᠤᠴᠠᠭᠠᠨ ᠳᠤ | ᠣᠷᠣᠭᠠᠳ ᠪᠠᠶᠢᠨ᠎ᠠ ᠃ ᠪᠦᠬᠦ ᠤᠯᠤᠰ ᠤᠨ ᠠᠶᠤᠯ ᠦᠭᠡᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠡᠷ ᠰᠡᠷᠭᠡᠶᠢᠯᠡᠨ ᠤᠨᠲᠠᠷᠠᠭᠠᠬᠤ | ᠸᠢᠳᠢᠤ᠋ ᠬᠤᠷᠠᠯ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠶᠤᠯ ᠦᠭᠡᠢ ᠦᠢᠯᠡᠳᠪᠦᠷᠢᠯᠡᠯ ᠪᠠ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ | ᠰᠡᠷᠭᠡᠶᠢᠯᠡᠨ ᠤᠨᠲᠠᠷᠠᠭᠠᠬᠤ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ ᠂ ᠪᠦᠬᠦ ᠬᠤᠰᠢᠭᠤᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ | ᠳᠤᠶᠢᠮᠠᠷ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠨ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠤᠨ ᠭᠠᠮᠰᠢᠭ | ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠢ ᠶᠢᠨ | ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠬᠤ ᠶᠢᠨ ᠳᠤᠰᠠᠳᠠ ᠂ ︽ 2025 ᠣᠨ ᠤ ᠣᠶ ᠰᠢᠭᠤᠢ ᠨᠤᠲᠤᠭ ᠪᠡᠯᠴᠢᠭᠡᠷ ᠤᠨ | ᠭᠠᠯ ᠳᠤᠶᠢᠮᠠᠷ ᠰᠡᠷᠭᠡᠶᠢᠯᠡᠨ ᠤᠨᠲᠠᠷᠠᠭᠠᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠠᠷᠯᠢᠭ ︾ ︵ | ᠥᠪᠥᠷ ᠵᠠᠰᠠᠭ ᠲᠠᠷᠬᠠᠭᠠᠭᠰᠠᠨ ﹇ 2025 ﹈ 10 ᠲᠣᠭᠠᠲᠤ ︶ ᠂ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ | ᠭᠠᠯ ᠳᠤᠶᠢᠮᠠᠷ ᠰᠡᠷᠭᠡᠶᠢᠯᠡᠬᠦ ᠳᠦᠷᠢᠮ ︾ ᠤᠨ ᠬᠤᠯᠪᠤᠬᠳᠠᠯ ᠪᠦᠬᠦᠢ ᠲᠣᠭᠲᠠᠭᠠᠯ ᠶᠣᠰᠣᠭᠠᠷ ᠂ ᠮᠠᠨ ᠤ ᠬᠤᠰᠢᠭᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ ᠂ | ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠵᠠᠷᠯᠢᠭ ᠢ ᠨᠡᠶᠢᠲᠡᠯᠡᠪᠠ ᠃ | ᠨᠢᠭᠡ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠬᠤᠭᠤᠴᠠᠭ᠎ᠠ ᠄ 2025 ᠣᠨ ᠤ 3 ᠰᠠᠷ᠎ᠠ ᠶᠢᠨ 15 ᠤ ᠡᠳᠦᠷ ᠠᠴᠠ 6 | ᠰᠠᠷ᠎ᠠ ᠶᠢᠨ 15 ᠤ ᠡᠳᠦᠷ ᠪᠣᠯᠲᠠᠯ᠎ᠠ ᠃ | ᠬᠤᠶᠠᠷ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠄ ᠤᠯᠤᠰ ᠤᠨ ᠥᠮᠴᠢᠯᠡᠯᠳᠤ ᠂ ᠬᠠᠮᠲᠤ ᠶᠢᠨ ᠂ ᠬᠤᠪᠢ ᠶᠢᠨ ᠣᠶ ᠰᠢᠭᠤᠢ | ︵ ᠨᠤᠳᠤᠭ ᠪᠡᠯᠴᠢᠭᠡᠷ ︶ ᠶᠢᠨ ᠲᠠᠯᠠᠪᠠᠶ ᠂ ᠠᠯᠳᠠᠷᠲᠤ ᠦᠵᠡᠮᠵᠢ ᠵᠤᠭᠠᠴᠠᠯ ᠤᠨ ᠣᠷᠣᠨ ᠂ ᠣᠶ ᠰᠢᠭᠤᠢ ᠶᠢᠨ ᠭᠤᠣᠯᠳᠠᠯᠭ᠎ᠠ ᠲᠠᠢ ᠢᠨᠵᠧᠨᠧᠷᠢᠩ ᠤᠨ ᠣᠷᠣᠨ ᠂ ᠲᠠᠯ᠎ᠠ | ᠨᠤᠲᠤᠭ ᠤᠨ ᠠᠮᠢ ᠠᠬᠤᠢ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ ᠂ ᠣᠷᠣᠨ ᠨᠤᠲᠤᠭ ᠤᠨ ᠠᠮᠢ ᠠᠬᠤᠢ ᠶᠢᠨ ᠢᠨᠵᠧᠨᠧᠷᠢᠩ ᠤᠨ ᠣᠷᠣᠨ ᠂ ᠬᠦᠮᠤᠨ ᠤ | ᠬᠦᠴᠤ ᠪᠠᠷ ᠳᠠᠷᠢᠬᠰᠠᠨ ᠰᠢᠯᠮᠦᠦᠰᠦᠲᠦ ᠣᠶ ᠶᠢᠨ ᠣᠷᠣᠨ ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ ᠂ ᠣᠶ ᠰᠢᠭᠤᠢ ᠶᠢᠨ ᠴᠡᠴᠡᠷᠯᠢᠭ ᠂ | ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ ᠂ ᠠᠮᠢ ᠠᠬᠤᠢ ᠶᠢ ᠲᠥᠪᠯᠡᠷᠡᠭᠦᠯᠦᠨ | ᠰᠡᠷᠭᠦᠭᠡᠬᠦ ᠣᠷᠣᠨ ᠂ ᠨᠡᠭᠦᠷᠡᠰᠦᠨ ᠠᠭᠤᠷᠬᠠᠢ ᠶᠢᠨ ᠭᠠᠯ ᠳᠤᠶᠢᠮᠠᠷ ᠤᠨᠲᠠᠷᠠᠭᠠᠬᠤ ᠢᠨᠵᠧᠨᠧᠷᠢᠩ ᠤᠨ ᠲᠥᠷᠥᠯ ᠵᠦᠢᠯ ᠤᠨ ᠤᠷᠤᠨ ᠤ ᠡᠷᠬᠢᠨ ᠲᠣᠭᠤᠷᠢᠨ ᠂ ᠨᠡᠭᠦᠷᠡᠰᠦ | ᠲᠡᠭᠡᠭᠡᠪᠦᠷᠢᠯᠡᠬᠦ ᠵᠠᠮ ᠱᠤᠭᠤᠮ ᠪᠠ ᠴᠠᠬᠢᠯᠭᠠᠨ ᠳᠠᠮᠵᠢᠭᠤᠯᠵᠤ ᠲᠦᠭᠡᠭᠡᠬᠦ ᠳᠦᠬᠦᠭᠡᠷᠤᠮᠵᠢ ᠶᠢᠨ ᠵᠠᠮ ᠳᠠᠭᠠᠤ ᠵᠢᠴᠢ ᠣᠶ ᠰᠢᠭᠤᠢ ᠲᠠᠷᠢᠶᠠᠯᠠᠩ ᠂ ᠣᠶ ᠰᠢᠭᠤᠢ ᠮᠠᠯ | ᠠᠵᠤ ᠠᠬᠤᠢ ᠶᠢ ᠤᠶᠠᠯᠳᠤᠭᠤᠯᠤᠭᠰᠠᠨ ᠣᠷᠣᠨ ᠪᠦᠰᠡ ᠂ ᠡᠯ᠎ᠡ ᠬᠤᠰᠢᠭᠤ ᠳᠤᠭᠤᠷᠢᠭ ᠤᠨ ᠵᠠᠭᠠᠭᠯᠠᠨ ᠲᠣᠭᠲᠠᠭᠠᠭᠰᠠᠨ ᠬᠠᠮᠢᠶᠠᠷᠤᠯᠳᠠᠳᠤ ᠣᠷᠣᠨ ᠃ | ᠭᠤᠷᠪᠠ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠳᠤ ᠪᠤᠯᠠᠰᠢᠨ ᠳᠡᠭᠡᠷ᠎ᠡ ᠴᠠᠭᠠᠰᠤ ᠰᠢᠲᠠᠭᠠᠬᠤ ᠂ ᠲᠠᠮᠠᠬᠢ ᠲᠠᠲᠠᠬᠤ ᠂ | ᠬᠤᠸᠠᠷ ᠫᠤᠤᠵᠢᠩ ᠲᠠᠯᠪᠢᠬᠤ ᠂ ᠭᠠᠯ ᠳᠦᠯᠡᠬᠦ ᠂ ᠡᠪᠡᠰᠦ ᠪᠡᠯᠴᠢᠭᠡᠷ ᠰᠢᠲᠠᠭᠠᠬᠤ ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠨ᠎ᠠ ︔ ᠣᠶ ᠰᠢᠭᠤᠢ | ᠡᠪᠡᠰᠦᠲᠦ ᠭᠠᠵᠠᠷ ᠤᠨ ᠬᠥᠪᠡᠭᠡ ᠵᠠᠬ᠎ᠠ ᠂ ᠣᠶ ᠰᠢᠭᠤᠢ ︵ ᠨᠤᠳᠤᠭ ᠪᠡᠯᠴᠢᠭᠡᠷ ︶ ᠲᠠᠷᠢᠶᠠᠯᠠᠩ ᠤᠨ ᠠᠭᠤᠯᠵᠠᠷ ᠬᠡᠰᠡᠭ ᠲᠤ ᠡᠪᠡᠰᠤ ᠰᠢᠳᠠᠭᠠᠬᠤ ᠂ ᠡᠪᠡᠰᠤ ᠮᠤᠳᠤᠨ ᠤ | ᠭᠤᠤᠷᠰᠤ ᠰᠢᠲᠠᠭᠠᠬᠤ ᠂ ᠬᠤᠭ ᠨᠣᠪᠰᠢ ᠰᠢᠲᠠᠭᠠᠬᠤ ᠵᠡᠷᠭᠡ ᠶᠢ ᠴᠢᠩᠭ᠎ᠠ ᠴᠠᠭᠠᠵᠠᠯᠠᠨ᠎ᠠ ︔ ᠭᠠᠯ ᠴᠤᠭ ᠲᠠᠢ ᠦᠨᠡᠰᠤ ᠬᠤᠭ ᠢ ᠭᠡᠷ ᠤᠨ ᠭᠠᠳᠠᠨ᠎ᠠ ᠠᠰᠬᠠᠬᠤ ᠶᠢ | ᠴᠢᠩᠭ᠎ᠠ ᠴᠠᠭᠠᠵᠠᠯᠠᠨ᠎ᠠ᠃ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠬᠦ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠳᠤ ᠡᠷᠬᠡᠪᠰᠢ ᠵᠡᠭᠦᠨᠭᠠᠷ | ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠪᠠᠷ ᠵᠥᠪᠰᠢᠶᠡᠷᠡᠭᠦᠯᠤᠨᠠ ᠃ ᠳᠥᠷᠪᠡᠳᠦᠭᠡᠷ ᠳᠡᠰ ᠠᠴᠠ ᠳᠡᠭᠡᠭᠰᠢᠬᠢ ᠰᠠᠯᠬᠢᠨ ᠤ ᠬᠦᠴᠦᠨ ᠲᠠᠢ | ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠦᠢᠯᠡ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠨ᠎ᠠ᠃ | ᠳᠥᠷᠪᠡ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠳᠤ ᠬᠠᠰᠢᠬᠤ ᠴᠡᠭ ᠪᠠᠶᠢᠭᠤᠯᠤᠨ ᠬᠠᠮᠢᠶᠠᠷᠬᠤ ᠶᠢ ᠬᠡᠷᠡᠭᠵᠢᠭᠦᠯᠵᠦ ᠂ | ᠭᠤᠣᠯᠳᠠᠯᠭ᠎ᠠ ᠲᠠᠢ ᠤᠢ ᠰᠢᠭᠤᠶᠢᠲᠤ ᠣᠷᠣᠨ ᠂ ᠣᠶ ᠰᠢᠭᠤᠢ ᠨᠤᠲᠤᠭ ᠪᠡᠯᠴᠢᠭᠡᠷ ᠤᠨ ᠲᠥᠷᠥᠯ ᠤᠨ ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠵᠢᠴᠢ ᠵᠤᠭᠠᠴᠠᠯ | ᠦᠵᠡᠮᠵᠢ ᠶᠢᠨ ᠣᠷᠣᠨ ᠤ ᠣᠷᠣᠵᠤ ᠭᠠᠷᠬᠤ ᠠᠮᠠᠨ ᠳᠤ ᠲᠦᠷ ᠴᠠᠭ ᠤᠨ ᠪᠠᠶᠢᠴᠠᠭᠠᠬᠤ ᠥᠷᠲᠡᠭᠡ ᠴᠡᠭ ᠪᠠ ᠭᠠᠯ ᠳᠤᠶᠢᠮᠠᠷ ᠰᠡᠷᠭᠡᠶᠢᠯᠡᠬᠦ ᠰᠡᠷᠡᠮᠵᠢ ᠶᠢᠨ ᠫᠠᠶᠢᠰᠠ | ᠪᠠᠶᠢᠭᠤᠯᠵᠤ ᠂ ᠭᠠᠯ ᠳᠤᠶᠢᠮᠠᠷ ᠤᠨᠢᠷᠡᠯᠲᠡ ᠭᠠᠯ ᠤᠨ ᠴᠤᠭ ᠂ ᠨᠣᠴᠣᠮᠠᠲᠠᠭᠠᠢ ᠳᠡᠯᠪᠡᠷᠡᠮᠡᠲᠡᠭᠡᠢ ᠪᠣᠳᠠᠰ ᠵᠡᠷᠭᠡ ᠶᠢ ᠣᠶ ᠰᠢᠭᠤᠢ ᠨᠤᠲᠤᠭ ᠪᠡᠯᠴᠢᠭᠡᠷ ᠤᠨ ᠭᠠᠯ | ᠳᠤᠶᠢᠮᠠᠷ ᠴᠠᠭᠠᠵᠠᠯᠠᠬᠤ ᠣᠷᠣᠨ ᠳᠤ ᠠᠪᠴᠤ ᠣᠷᠣᠬᠤ ᠶᠢ ᠴᠠᠭᠠᠵᠠᠯᠠᠵᠤ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠳᠤ | ᠣᠷᠣᠬᠤ ᠳᠠᠭᠠᠨ ᠭᠠᠯ ᠳᠤᠶᠢᠮᠠᠷ ᠰᠡᠷᠭᠡᠶᠢᠯᠡᠬᠦ ᠠᠮᠤᠷ ᠲᠦᠪᠰᠢᠨ ᠤ ᠪᠠᠶᠢᠴᠠᠭᠠᠯᠲᠠ ᠶᠢ ᠬᠠᠤᠯᠢ ᠶᠣᠰᠣᠭᠠᠷ ᠬᠦᠯᠢᠶᠡᠵᠦ ᠂ ᠭᠠᠯ ᠳᠤᠶᠢᠮᠠᠷ ᠰᠡᠷᠭᠡᠶᠢᠯᠡᠨ ᠤᠨᠲᠠᠷᠠᠭᠠᠬᠤ | ᠬᠠᠮᠢᠶ᠎ᠠ ᠪᠦᠬᠦᠢ ᠲᠣᠭᠲᠠᠭᠠᠯ ᠢ ᠵᠢᠷᠤᠮᠯᠠᠨ᠎ᠠ ᠃ | ᠲᠠᠪᠤ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠡᠭ ᠂ | ᠵᠤᠭᠠᠴᠠᠯ ᠦᠵᠡᠮᠵᠢ ᠶᠢᠨ ᠣᠷᠣᠨ ︵ ᠦᠵᠡᠮᠵᠢ ᠶᠢᠨ ᠭᠠᠵᠠᠷ ︶ ᠵᠢᠴᠢ ᠵᠠᠰᠠᠮᠠᠯ ᠵᠠᠮ ᠂ ᠵᠠᠮ ᠱᠤᠭᠤᠮ ᠂ ᠴᠠᠬᠢᠯᠭᠠᠨ ᠬᠦᠴᠦᠨ ᠂ ᠴᠢᠯᠠᠭᠤᠨ ᠲᠣᠰᠣ ᠂ ᠪᠠᠶᠢᠭᠠᠯᠢ ᠶᠢᠨ | ᠰᠢᠲᠠᠮᠠᠬᠠᠢ ᠬᠡᠢ ᠂ ᠨᠡᠭᠦᠷᠡᠰᠦ ᠂ ᠲᠠᠷᠢᠶᠠᠯᠠᠩ ᠮᠠᠯ ᠠᠵᠤ ᠠᠬᠤᠢ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠬᠢᠨ ᠡᠷᠬᠡᠪᠰᠢ ᠣᠶ ᠰᠢᠭᠤᠢ ᠨᠤᠲᠤᠭ | ᠪᠡᠯᠴᠢᠭᠡᠷ ᠤᠨ ᠭᠠᠯ ᠳᠤᠶᠢᠮᠠᠷ ᠤᠨ ᠭᠠᠮᠰᠢᠭ ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ ᠂ ᠭᠠᠯ ᠳᠤᠶᠢᠮᠠᠷ ᠤᠨᠲᠠᠷᠠᠭᠠᠬᠤ ᠮᠠᠰᠢᠨ | ᠪᠠᠭᠠᠵᠢ ᠶᠢ ᠭᠦᠢᠴᠡᠳ ᠲᠣᠬᠢᠷᠠᠭᠤᠯᠤᠨ ᠂ ᠪᠣᠯᠪᠠᠰᠤᠷᠠᠯ ᠭᠥᠷᠳᠡᠭᠰᠡᠨ ᠭᠠᠯ ᠳᠤᠶᠢᠮᠠᠷ ᠤᠨᠲᠠᠷᠠᠭᠠᠬᠤ ᠠᠩᠭᠢ ᠶᠢᠨ ᠭᠡᠰᠢᠭᠦᠳ ᠢ ᠲᠣᠬᠢᠷᠠᠭᠤᠯᠤᠨ᠎ᠠ ᠃ ︽ ᠣᠶ | ᠰᠢᠭᠤᠢ ᠶᠢᠨ ᠭᠠᠯ ᠳᠤᠶᠢᠮᠠᠷ ᠰᠡᠷᠭᠡᠶᠢᠯᠡᠬᠦ ᠳᠦᠷᠢᠮ ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ | 541 ᠲᠣᠭᠠᠲᠤ ︶ ᠂ ︽ ᠨᠤᠲᠤᠭ ᠪᠡᠯᠴᠢᠭᠡᠷ ᠤᠨ ᠭᠠᠯ ᠳᠤᠶᠢᠮᠠᠷ ᠰᠡᠷᠭᠡᠶᠢᠯᠡᠬᠦ ᠳᠦᠷᠢᠮ ︾ ︵ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠵᠠᠷᠯᠢᠭ 542 ᠲᠣᠭᠠᠲᠤ ︶ ᠪᠣᠯᠣᠨ ︽ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ | ᠭᠠᠯ ᠳᠤᠶᠢᠮᠠᠷ ᠰᠡᠷᠭᠡᠶᠢᠯᠡᠬᠦ ᠳᠦᠷᠢᠮ ︾ ᠤᠨ ᠬᠤᠯᠪᠣᠭᠳᠠᠯ ᠪᠦᠬᠦᠢ ᠲᠣᠭᠲᠠᠭᠠᠯ ᠳᠤ ᠦᠯᠤ ᠨᠡᠶᠢᠴᠡᠬᠦ ᠶᠢ ᠪᠦᠬᠦᠨ ᠢ ᠴᠥᠮ ᠬᠠᠯᠠᠨ ᠰᠠᠶᠢᠵᠢᠷᠠᠭᠤᠯᠤᠨ᠎ᠠ ᠃ ᠡᠯ᠎ᠡ | ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ ᠨᠢ ᠵᠠᠰᠠᠮᠠᠯ ᠵᠠᠮ ᠤᠨ ᠬᠤᠶᠠᠷ ᠬᠠᠵᠠᠭᠤ ᠪᠠᠷ | ᠬᠤᠷᠠᠮᠳᠤᠭᠰᠠᠨ ᠨᠡᠭᠦᠷᠡᠰᠦᠨ ᠰᠢᠭᠠᠷᠤ ᠂ ᠡᠪᠡᠰᠦ ᠂ ᠴᠠᠬᠢᠯᠭᠠᠨ ᠳᠠᠮᠵᠢᠭᠤᠯᠵᠤ ᠲᠦᠭᠡᠭᠡᠬᠦ ᠳᠦᠬᠦᠭᠡᠷᠤᠮᠵᠢ ᠂ ᠵᠠᠮ ᠱᠤᠭᠤᠮ ᠤᠨ ᠤᠶᠢᠷ᠎ᠠ ᠬᠠᠪᠢ ᠵᠢᠴᠢ ᠵᠠᠮ ᠳᠠᠭᠠᠤ | ᠡᠪᠡᠰᠦ ᠵᠡᠷᠭᠡ ᠰᠢᠲᠠᠮᠠᠬᠠᠢ ᠪᠣᠳᠠᠰ ᠢ ᠲᠤᠶᠢᠯᠪᠤᠷᠢᠲᠠᠢ ᠴᠡᠪᠡᠷᠯᠡᠨ ᠠᠷᠢᠯᠭᠠᠨ᠎ᠠ ︔ ᠠᠮᠢ ᠠᠬᠤᠢ ᠣᠷᠴᠢᠨ ᠲᠣᠭᠤᠷᠢᠨ ᠂ ᠲᠠᠷᠢᠶᠠᠯᠠᠩ ᠮᠠᠯ ᠠᠵᠤ ᠠᠬᠤᠢ ᠵᠡᠷᠭᠡ ᠰᠠᠯᠠᠭ᠎ᠠ | ᠮᠥᠴᠢᠷ ᠤᠨ ᠬᠢᠨ ᠡᠪᠡᠰᠤ ᠮᠤᠳᠤᠨ ᠤ ᠭᠤᠤᠷᠰᠤ ᠰᠢᠲᠠᠭᠠᠬᠤ ᠂ ᠡᠰᠢ ᠰᠦᠷᠡᠯ ᠰᠢᠲᠠᠭᠠᠬᠤ ᠂ ᠲᠠᠷᠢᠶᠠᠨ ᠭᠠᠵᠠᠷ ︵ ᠳᠠᠯᠠᠩ ︶ ᠰᠢᠲᠠᠭᠠᠬᠤ ᠂ ᠡᠪᠡᠰᠤ | ᠰᠢᠲᠠᠭᠠᠵᠤ ᠪᠣᠷᠳᠣᠭᠤᠷ ᠴᠤᠭᠯᠠᠭᠤᠯᠬᠤ ᠵᠡᠷᠭᠡ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠤᠨ᠎ᠠ ᠃ | ᠵᠢᠷᠭᠤᠭ᠎ᠠ ᠂ ᠵᠠᠮ ᠬᠠᠷᠢᠯᠴᠠᠭ᠎ᠠ ᠲᠡᠭᠡᠭᠡᠪᠦᠷᠢ ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠦᠯᠲᠡ ᠂ | ᠵᠠᠰᠠᠮᠠᠯ ᠵᠠᠮ ᠤᠨ ᠰᠦᠢᠳᠬᠡᠯ ᠬᠤᠷᠢᠶᠠᠬᠤ ᠂ ᠲᠦᠷᠢᠶᠡᠰᠦᠨ ᠮᠠᠰᠢᠨ ᠲᠡᠷᠭᠡ᠂ ᠰᠢᠤᠳᠠᠨ ᠪᠠᠷᠠᠭᠠᠨ ᠤ ᠭᠦᠢᠯᠭᠡᠭᠡᠨ ᠂ ᠨᠡᠭᠦᠷᠡᠰᠦ ᠵᠡᠷᠭᠡ ᠡᠵᠡᠩᠨᠡᠯᠲᠡ ᠬᠠᠮᠢᠶᠠᠷᠤᠯᠲᠠ ᠶᠢᠨ | ᠨᠢᠭᠡᠴᠢ ᠶᠢᠨ ᠬᠢᠨ ᠨᠠᠭᠠᠰᠢ ᠴᠠᠭᠠᠰᠢ ᠵᠤᠷᠴᠢᠬᠤ ᠪᠤᠶᠤ ᠬᠠᠮᠢᠶᠠᠷᠴᠤ ᠪᠠᠶᠢᠭ᠎ᠠ ᠲᠡᠷᠭᠡ ᠮᠠᠰᠢᠨ ᠪᠠᠷᠢᠳᠠᠭ ᠬᠥᠮᠥᠰ ᠲᠤ ᠣᠶ ᠰᠢᠭᠤᠢ ᠨᠤᠲᠤᠭ ᠪᠡᠯᠴᠢᠭᠡᠷ ᠤᠨ ᠭᠠᠯ | ᠳᠤᠶᠢᠮᠠᠷ ᠰᠡᠷᠭᠡᠶᠢᠯᠡᠬᠦ ᠠᠵᠢᠯ ᠤᠨ ᠤᠬᠠᠭᠤᠯᠭ᠎ᠠ ᠬᠥᠮᠦᠵᠢᠯ ᠬᠢᠬᠦ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ ᠃ ᠭᠠᠯ ᠳᠤᠶᠢᠮᠠᠷ ᠤᠨᠲᠠᠷᠠᠭᠠᠬᠤ | ᠬᠠᠷᠢᠭᠤᠴᠠᠯᠭᠠᠲᠠᠨ ᠤ ᠬᠠᠷᠢᠭᠤᠴᠠᠯᠭ᠎ᠠ ᠶᠢ ᠴᠢᠩᠭ᠎ᠠ ᠭᠦᠢᠴᠡᠳᠬᠡᠵᠦ ᠂ ᠵᠢᠯᠣᠭᠤᠴᠢ ᠂ ᠲᠡᠷᠭᠡ ᠳᠠᠭᠠᠵᠤ ᠪᠠᠶᠢᠭ᠎ᠠ ᠬᠠᠮᠢᠶᠠᠷᠤᠭᠴᠢ ᠶᠢᠨ ᠳᠠᠮᠠᠬᠢᠨ ᠶᠤᠵᠤᠭᠤᠷ ᠂ ᠭᠠᠯ | ᠨᠡᠭᠦᠷᠡᠰᠦ ᠵᠡᠷᠭᠡ ᠭᠠᠯ ᠳᠤᠶᠢᠮᠠᠷ ᠤᠨ ᠴᠤᠭ ᠢ ᠬᠠᠶᠠᠬᠤ ᠶᠢ ᠴᠢᠩᠭ᠎ᠠ ᠴᠠᠭᠠᠵᠠᠯᠠᠨ᠎ᠠ ︔ ᠳᠠᠭᠠᠭᠠᠴᠠ ᠠᠴᠠ ᠬᠡᠲᠦᠷᠡᠭᠦᠯᠦᠭᠰᠡᠨ᠂ ᠪᠣᠭᠤᠳᠠᠯ ᠪᠠᠭᠯᠠᠭ᠎ᠠ ᠨᠢ ᠴᠢᠩᠭ᠎ᠠ | ᠪᠢᠰᠢ ᠠᠴᠠ ᠪᠣᠯᠵᠤ ᠨᠡᠭᠦᠷᠡᠰᠦᠨ ᠰᠢᠭᠠᠷᠤ ᠶᠢ ᠠᠭᠤᠷᠬᠠᠢ ᠶᠢᠨ ᠣᠷᠣᠨ ᠠᠴᠠ ᠭᠠᠳᠠᠨᠠᠬᠢ ᠣᠷᠣᠨ ᠳᠤ ᠬᠠᠶᠠᠬᠤ ᠶᠢ ᠴᠢᠩᠭ᠎ᠠ ᠴᠠᠭᠠᠵᠠᠯᠠᠨ᠎ᠠ᠃ ᠠᠷᠠᠳ ᠤᠨ ᠶᠠᠪᠤᠳᠠᠯ | ᠤᠨ ᠰᠠᠯᠠᠭ᠎ᠠ ᠮᠥᠴᠢᠷ ᠤᠨ ᠬᠢᠨ ᠰᠣᠷᠭᠤᠭ ᠴᠡᠴᠡᠭ ᠬᠦᠷᠭᠡᠬᠦ ᠂ ᠮᠣᠳᠣ ᠲᠡᠷᠢᠬᠤ ᠵᠡᠷᠭᠡ ᠪᠣᠬᠢᠷᠲᠤᠯ ᠦᠭᠡᠢ ᠲᠠᠬᠢᠯᠭ᠎ᠠ ᠶᠢ ᠶᠡᠬᠡᠪᠡᠷ ᠰᠠᠨᠠᠭᠠᠴᠢᠯᠠᠵᠤ ᠂ ᠨᠡᠶᠢᠲᠡ ᠶᠢᠨ | ᠤᠡᠭᠭᠤᠨ᠂ ᠲᠠᠷᠠᠬᠠᠢ ᠪᠤᠲᠠᠷᠬᠠᠢ ᠤᠡᠭᠭᠤᠨ ᠤ ᠲᠠᠬᠢᠯᠭ᠎ᠠ ᠳᠤ ᠭᠠᠯ ᠬᠡᠷᠡᠭᠯᠡᠬᠦ ᠶᠢ ᠴᠠᠭᠠᠵᠠᠯᠠᠬᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠨ᠎ᠠ᠃ | ᠳᠣᠯᠤᠭ᠎ᠠ ᠂ ᠭᠠᠯ ᠳᠤᠶᠢᠮᠠᠷ ᠤᠨᠲᠠᠷᠠᠭᠠᠬᠤ ᠡᠯ᠎ᠡ ᠲᠥᠷᠥᠯ ᠤᠨ ᠡᠩᠨᠡᠭᠡ ᠶᠢᠨ ᠬᠢᠨ ᠴᠠᠭ ᠢᠮᠠᠭᠲᠠ ᠲᠡᠶᠢᠨ ᠤ ᠪᠡᠯᠡᠳᠬᠡᠯ ᠤᠨ ᠪᠠᠶᠢᠳᠠᠯ ᠢᠶᠠᠨ ᠪᠠᠲᠤᠯᠠᠵᠤ ᠂ ᠭᠠᠯ | ᠳᠤᠶᠢᠮᠠᠷ ᠤᠨ ᠪᠠᠶᠢᠳᠠᠯ ᠢ ᠣᠯᠵᠤ ᠮᠡᠳᠡᠪᠡᠯ ᠂ ᠠᠪᠤᠷᠠᠨ ᠲᠤᠰᠠᠯᠠᠬᠤ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠳᠤᠶᠢᠮᠠᠷ ᠤᠨᠲᠠᠷᠠᠭᠠᠵᠤ ᠂ | ᠭᠠᠯ ᠳᠤᠶᠢᠮᠠᠷ ᠤᠨ ᠪᠠᠶᠢᠳᠠᠯ ᠢ ︽ ᠡᠷᠲᠡ ᠤᠨᠲᠠᠷᠠᠭᠠᠬᠤ ᠂ ᠲᠦᠷᠭᠡᠨ ᠤᠨᠲᠠᠷᠠᠭᠠᠬᠤ ᠂ ᠤᠨᠲᠠᠷᠠᠭᠠᠬᠤ ︾ ᠶᠢ ᠪᠡᠶᠡᠯᠡᠭᠦᠯᠵᠦ ᠂ ᠬᠥᠮᠥᠨ ᠬᠠᠷ᠎ᠠ ᠦᠬᠦᠵᠦ ᠰᠢᠷᠬᠠᠲᠤᠬᠤ | ᠠᠳᠡᠯ ᠭᠠᠷᠬᠤ ᠶᠢ ᠡᠷᠡᠰ ᠬᠤᠷᠢᠭᠯᠠᠨ᠎ᠠ ᠃ | ᠨᠠᠢᠮᠠ ᠂ ᠭᠠᠯ ᠳᠤᠶᠢᠮᠠᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠂ ᠭᠠᠯ ᠳᠤᠶᠢᠮᠠᠷ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ | ᠦᠭᠡᠢ ᠂ ᠭᠠᠯ ᠳᠤᠶᠢᠮᠠᠷ ᠤᠨ ᠭᠠᠮᠰᠢᠭ ᠤᠨ ᠳᠠᠯᠳᠠ ᠬᠡᠮ ᠢ ᠠᠷᠢᠯᠭᠠᠬᠤ ᠦᠭᠡᠢ ᠠᠴᠠ ᠪᠣᠯᠵᠤ ᠂ ᠵᠥᠪᠰᠢᠶᠡᠷᠡᠯ ᠣᠯᠣᠭᠰᠠᠨ ᠦᠭᠡᠢ ᠪᠠᠷ ᠣᠶ ᠰᠢᠭᠤᠢ ᠨᠤᠲᠤᠭ | ᠪᠡᠯᠴᠢᠭᠡᠷ ᠤᠨ ᠭᠠᠯ ᠳᠤᠶᠢᠮᠠᠷ ᠴᠠᠭᠠᠵᠠᠯᠠᠬᠤ ᠣᠷᠣᠨ ᠳᠤ ᠳᠤᠷ᠎ᠠ ᠪᠠᠷ ᠢᠶᠠᠨ ᠣᠷᠣᠵᠤ ᠭᠠᠯ ᠬᠡᠷᠡᠭᠯᠡᠭᠰᠡᠨ ᠠᠴᠠ ᠪᠣᠯᠵᠤ ᠂ ᠠᠳᠡᠯ ᠠᠴᠠ ᠪᠣᠯᠤᠭᠰᠠᠨ ᠪᠤᠶᠤ ᠵᠣᠷᠢᠭᠤᠳᠠ | ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠤᠨ ᠭᠠᠮᠰᠢᠭ ᠢ ᠡᠭᠦᠰᠬᠡᠭᠰᠡᠨ ᠪᠠᠶᠢᠪᠠᠯ ᠂ ︽ ᠣᠶ ᠰᠢᠭᠤᠢ ᠶᠢᠨ ᠭᠠᠯ ᠰᠡᠷᠭᠡᠶᠢᠯᠡᠬᠦ ᠳᠦᠷᠢᠮ ︾ ᠪᠣᠯᠣᠨ ︽ | ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ ︾ ᠵᠡᠷᠭᠡ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠂ ᠦᠶᠯᠡ ᠪᠠᠶᠢᠳᠠᠯ ᠤᠨ ᠬᠦᠨᠳᠦ ᠬᠥᠩᠭᠡᠨ ᠢ | ᠦᠵᠡᠵᠦ ᠪᠠᠶᠢᠭᠠᠳ ᠰᠢᠢᠳᠭᠡᠨ ᠲᠣᠷᠭᠠᠨ᠎ᠠ ᠃ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ | ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠬᠢᠨ ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ | ᠡᠷᠴᠢᠮ ᠢᠶᠠᠨ ᠴᠢᠩᠭᠠᠷᠠᠭᠤᠯᠵᠤ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠤᠨ ᠭᠠᠮᠰᠢᠭ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ | ᠬᠠᠮᠲᠤ ᠴᠠᠭ ᠲᠤᠬᠠᠢ ᠳᠤᠨᠢ ᠬᠡᠷᠡᠭ ᠢ ᠳᠠᠭᠤᠰᠬᠠᠨ᠎ᠠ ᠃ | ᠶᠢᠰᠦ ᠂ ᠪᠠᠶᠢᠴᠠᠭᠠᠯᠲᠠ ᠳᠤ ᠬᠠᠷᠢᠶ᠎ᠠ ᠣᠷᠣᠨ ᠳᠤ ᠭᠠᠯ ᠳᠤᠶᠢᠮᠠᠷ ᠰᠡᠷᠭᠡᠶᠢᠯᠡᠨ ᠤᠨᠲᠠᠷᠠᠭᠠᠬᠤ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ | ᠦᠭᠡᠢ ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ ᠂ ᠭᠠᠯ ᠤᠨ ᠭᠠᠮᠰᠢᠭ ᠤᠨ ᠳᠠᠯᠳᠠ ᠬᠡᠮ ᠢ ᠬᠠᠯᠠᠨ ᠰᠠᠶᠢᠵᠢᠷᠠᠭᠤᠯᠤᠭᠰᠠᠨ ᠦᠭᠡᠢ ᠂ ᠭᠠᠯ ᠳᠤᠶᠢᠮᠠᠷ | ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠦᠭᠡᠢ ᠂ ᠴᠠᠭ ᠲᠤᠬᠠᠢ ᠳᠤᠨᠢ ᠵᠣᠬᠢᠶᠠᠨ ᠪᠠᠶᠢᠭᠤᠯᠵᠤ ᠤᠨᠲᠠᠷᠠᠭᠠᠵᠤ ᠠᠪᠤᠷᠠᠭᠰᠠᠨ ᠦᠭᠡᠢ ᠂ ᠬᠢᠨᠠᠯᠲᠠ ᠲᠠᠯᠪᠢᠵᠤ | ᠪᠠᠶᠢᠴᠠᠭᠠᠭᠰᠠᠨ ᠨᠢ ᠪᠠᠷᠢᠮᠵᠢᠶ᠎ᠠ ᠳᠤ ᠭᠦᠷᠦᠭᠰᠡᠨ ᠦᠭᠡᠢ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠢᠯᠡᠷᠡᠬᠦᠯᠦᠭᠰᠡᠨ ᠪᠤᠯ ᠂ ︽ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠣᠶ ᠰᠢᠭᠤᠢ ᠨᠤᠲᠤᠭ ᠪᠡᠯᠴᠢᠭᠡᠷ ᠤᠨ ᠭᠠᠯ ᠳᠤᠶᠢᠮᠠᠷ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︾ ︵ | ᠥᠪᠥᠷ ᠵᠠᠰᠠᠭ ᠲᠠᠷᠬᠠᠭᠠᠭᠰᠠᠨ ﹇ 2015 ﹈ 66 ᠲᠣᠭᠠᠲᠤ ︶ ᠵᠡᠷᠭᠡ ᠲᠣᠭᠲᠠᠭᠠᠯ ᠶᠣᠰᠣᠭᠠᠷ ᠂ ᠡᠯ᠎ᠡ ᠱᠠᠲᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠤᠳᠤᠷᠢᠳᠤᠯᠭ᠎ᠠ ᠠᠴᠠ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠠ ᠃ | ᠠᠷᠪᠠ᠂ ᠭᠠᠯ ᠳᠤᠶᠢᠮᠠᠷ ᠴᠠᠭᠠᠵᠠᠯᠠᠬᠤ ᠲᠣᠭᠲᠠᠭᠠᠯ ᠢ ᠵᠥᠷᠢᠴᠡᠵᠦ ᠂ ᠬᠠᠮᠢᠶᠠᠷᠤᠯᠲᠠ ᠶᠢ ᠲᠡᠭᠠᠬᠤ ᠦᠭᠡᠢ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ | ᠰᠢᠯᠵᠢᠭᠦᠯᠦᠨ ᠲᠤᠰᠢᠶᠠᠵᠤ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠭᠦᠯᠦᠨ᠎ᠡ᠂ ᠶᠠᠯ᠎ᠠ ᠪᠣᠯᠵᠤ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ | ᠬᠠᠷᠢᠭᠤᠴᠠᠯᠭ᠎ᠠ ᠨᠡᠬᠡᠮᠵᠢᠯᠡᠨ᠎ᠡ᠃ ᠠᠯᠪᠠᠨ ᠲᠤᠰᠢᠶᠠᠯᠲᠠᠨ ᠲᠣᠭᠲᠠᠭᠠᠯ ᠠᠴᠠ ᠵᠥᠷᠢᠴᠡᠭᠰᠡᠨ ᠪᠠᠶᠢᠪᠠᠯ ᠂ ᠴᠥᠮ ᠤᠷᠢᠳ ᠢᠶᠠᠷ ᠢᠯᠡᠴᠢᠯᠡᠵᠦ ᠂ ᠪᠠᠶᠢᠭ᠎ᠠ ᠪᠠᠶᠢᠭᠤᠯᠭ᠎ᠠ | ᠳᠤᠨᠢ ᠵᠠᠷᠯᠠᠨ ᠮᠡᠳᠡᠭᠳᠡᠬᠦ ᠶᠢᠨ ᠬᠠᠮᠲᠤ ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠨ᠎ᠡ ᠃ | ᠠᠷᠪᠠᠨ ᠨᠢᠭᠡ ᠂ ᠶᠠᠮᠠᠷᠪᠠ ᠨᠢᠭᠡᠴᠢ ᠪᠣᠯᠣᠨ ᠬᠤᠪᠢ ᠬᠥᠮᠥᠨ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠣᠯᠵᠤ ᠮᠡᠳᠡᠪᠡᠯ ᠂ ᠴᠥᠮ | ᠲᠤᠬᠠᠢ ᠶᠢᠨ ᠭᠠᠵᠠᠷ ᠤᠨ ᠭᠠᠯ ᠳᠤᠶᠢᠮᠠᠷ ᠰᠡᠷᠭᠡᠶᠢᠯᠡᠨ ᠤᠨᠲᠠᠷᠠᠭᠠᠬᠤ ᠵᠢᠯᠤᠭᠤᠳᠬᠤ ᠭᠠᠵᠠᠷ ᠤᠨ ᠠᠯᠪᠠᠨ ᠭᠡᠷ ᠲᠤ ᠴᠠᠭ ᠲᠤᠬᠠᠢ ᠳᠤᠨᠢ ᠮᠡᠳᠡᠭᠦᠯᠬᠦ ᠬᠡᠷᠡᠭᠲᠡᠢ ︵ | ᠲᠦᠭᠰᠢᠭᠦᠷᠢ ᠮᠡᠳᠡᠭᠦᠯᠬᠦ ᠳ᠋ᠢᠶᠠᠩᠬᠤᠸᠠ ᠄ 12119 ︶ ᠃ ᠶᠠᠮᠠᠷᠪᠠ ᠨᠢᠭᠡᠴᠢ ᠪᠣᠯᠣᠨ ᠬᠤᠪᠢ ᠬᠥᠮᠥᠨ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠦᠭᠡᠢ ᠪᠠᠷ | ᠲᠥᠬᠦᠮ ᠦᠵᠡᠭᠦᠯᠵᠦ ᠂ ᠣᠶ ᠰᠢᠭᠤᠢ ᠨᠤᠲᠤᠭ ᠪᠡᠯᠴᠢᠭᠡᠷ ᠤᠨ ᠭᠠᠯ ᠲᠦᠢᠮᠡᠷ ᠤᠨ ᠪᠠᠶᠢᠳᠠᠯ ᠢ ᠬᠤᠳᠠᠯ ᠢᠶᠠᠷ ᠮᠡᠳᠡᠭᠦᠯᠬᠦ ᠂ ᠳᠤᠷ᠎ᠠ ᠪᠠᠷ ᠢᠶᠠᠨ ᠮᠡᠳᠡᠭᠦᠯᠬᠦ ᠂ ᠨᠢᠭᠤᠭᠠᠳ | ᠮᠡᠳᠡᠭᠦᠯᠬᠦ ᠦᠭᠡᠢ ᠪᠠᠶᠢᠬᠤ ᠶᠢ ᠴᠠᠭᠠᠵᠠᠯᠠᠨ᠎ᠠ ᠃ | | | ᠵᠡᠭᠦᠨᠭᠠᠷ ᠬᠤᠰᠢᠭᠤᠨ ᠤ ᠠᠷᠠᠳ ᠤᠨ ᠵᠠᠰᠠᠭ ᠤᠨ ᠣᠷᠳᠣᠨ | 2025 ᠣᠨ ᠤ 3 ᠰᠠᠷ᠎ᠠ ᠶᠢᠨ 12 ᠤᠨ ᠡᠳᠤᠷ | |